ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠴᠤᠭᠯᠠᠷᠠᠯ ᠤᠨ ᠠᠭᠤᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠤᠷᠰᠢᠨ ᠠᠵᠢᠯᠯᠠᠭᠤᠯᠬᠤ ᠣᠷᠳᠣᠰ ᠬᠤᠲᠠ ᠶᠢᠨ ᠪᠣᠯᠪᠠᠰᠤᠷᠠᠯ ᠤᠨ ᠬᠤᠷᠠᠯ ᠬᠢᠶ᠎ᠠ ᠪᠠᠭᠰᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2025/2/14
      2 ᠰᠠᠷ᠎ᠠ ᠶᠢᠨ 12᠎ ᠤᠨ ᠡᠳᠦᠷ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠠᠨ ᠤ ᠴᠤᠭᠯᠠᠷᠠᠯ ᠤᠨ ᠠᠭᠤᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠤᠷᠰᠢᠨ ᠠᠵᠢᠯᠯᠠᠭᠤᠯᠬᠤ ᠣᠷᠳᠣᠰ ᠬᠤᠲᠠ ᠶᠢᠨ ᠪᠣᠯᠪᠠᠰᠤᠷᠠᠯ ᠤᠨ ᠬᠤᠷᠠᠯ ᠬᠢᠶ᠎ᠠ ᠪᠠᠭᠰᠢ ᠳᠤ ᠶᠠᠪᠤᠭᠳᠠᠵᠤ᠂ ᠡᠯ᠎ᠡ ᠬᠤᠰᠢᠭᠤ ᠲᠣᠭᠤᠷᠢᠭ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠬᠠᠷᠢᠭᠤᠴᠠᠯᠭᠠᠲᠠᠨ ᠨᠥᠬᠦᠳ ᠪᠠ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠣᠯᠪᠠᠰᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠳᠤ ᠣᠨᠣᠯ ᠤᠨ ᠵᠢᠭᠠᠨ ᠰᠤᠷᠭᠠᠯᠲᠠ ᠪᠠ ᠪᠣᠳᠠᠲᠠᠢ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠤᠯᠤᠰ ᠤᠨ ᠪᠠᠷᠢᠮᠵᠢᠶᠠᠲᠤ ᠰᠢᠨ᠎ᠡ ᠰᠢᠰᠲ᠋ᠧᠮ᠂ ᠠᠯᠪᠠᠯᠠᠬᠤ ᠵᠥᠭᠡᠯᠡᠨ ᠲᠣᠨᠤᠭ᠂ ᠠᠮᠤᠷ ᠲᠦᠪᠰᠢᠨ ᠤ ᠵᠥᠭᠡᠯᠡᠨ ᠲᠣᠨᠤᠭ ᠢ ᠤᠭᠰᠠᠷᠠᠵᠤ ᠲᠤᠷᠰᠢᠨ ᠲᠣᠬᠢᠷᠠᠭᠤᠯᠬᠤ ᠵᠢᠴᠢ ᠠᠵᠢᠯᠯᠠᠬᠤ ᠶᠠᠪᠤᠴᠠ᠂ ᠪᠠᠶᠢᠩᠭᠤ ᠲᠣᠬᠢᠶᠠᠯᠳᠤᠬᠤ ᠠᠰᠠᠭᠤᠳᠠᠯ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠪᠡ᠃ ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠨ ᠣᠷᠣᠯᠴᠠᠭᠰᠠᠳ ᠲᠤ ᠤᠯᠤᠰ ᠤᠨ ᠪᠠᠷᠢᠮᠵᠢᠶᠠᠲᠤ ᠰᠢᠨ᠎ᠡ ᠲᠥᠬᠦᠭᠡᠷᠦᠮᠵᠢ ᠵᠢᠴᠢ ᠠᠯᠪᠠᠯᠠᠬᠤ ᠰᠢᠰᠲ᠋ᠧᠮ ᠢ ᠨᠡᠯᠢᠶᠡᠳ ᠪᠥᠬᠦ ᠲᠠᠯ᠎ᠠ ᠪᠠᠷ ᠣᠶᠢᠯᠠᠭᠠᠭᠤᠯᠵᠤ᠂ ᠪᠣᠳᠠᠲᠠᠢ ᠠᠵᠢᠯᠯᠠᠬᠤ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠪᠥᠬᠦ ᠬᠤᠲᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠴᠤᠭᠯᠠᠷᠠᠯ ᠵᠢᠴᠢ ᠤᠯᠤᠰ ᠤᠨ ᠪᠠᠷᠢᠮᠵᠢᠶᠠᠲᠤ ᠰᠢᠨ᠎ᠡ ᠲᠥᠬᠦᠭᠡᠷᠦᠮᠵᠢ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠨᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯᠲᠠᠨ ᠤ ᠪᠣᠳᠠᠲᠠᠢ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃       ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠣᠰ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠢᠶᠠᠷ ᠲᠣᠬᠢᠶᠠᠯ ᠪᠣᠯᠭᠠᠵᠤ᠂ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠠᠭᠤᠯᠭ᠎ᠠ ᠪᠠ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠬᠤᠲᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠴᠤᠭᠯᠠᠷᠠᠯ ᠤᠨ ᠪᠠᠷᠢᠮᠵᠢᠶᠠᠵᠢᠭᠰᠠᠨ᠂ ᠵᠢᠷᠤᠮᠵᠢᠭᠰᠠᠨ᠂ ᠣᠶᠤᠨᠴᠢᠯᠠᠭᠰᠠᠨ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠵᠤ᠂ ᠣᠯᠠᠨ ᠲᠦᠮᠡᠨ ᠳᠤ ᠴᠢᠨᠠᠷ ᠰᠠᠶᠢᠲᠠᠢ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ