ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 15 ᠤ ᠴᠠᠬᠢᠯᠭᠠᠨ ᠮᠡᠳᠡᠭᠡ 2 ᠰᠠᠷ᠎ᠠ ᠶᠢᠨ 16 ᠤ ᠡᠳᠦᠷ ᠬᠡᠪᠯᠡᠭᠳᠡᠭᠰᠡᠨ 4 ᠳ᠋ᠦ᠋ᠭᠡᠷ | ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ | ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠠᠯᠢ ᠤᠯᠠᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ | ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ᠂ ᠵᠠᠭᠤᠨ ᠵᠢᠯ ᠤᠨ ᠲᠣᠮᠣ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠠᠬᠤᠢ | ᠪᠠᠶᠢᠳᠠᠯ ᠢ ᠨᠡᠭᠡᠭᠡᠪᠡ᠃ ᠡᠭᠦᠨ ᠤ ᠬᠠᠮᠲᠤ ᠪᠠᠰᠠ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠦᠵᠡᠯ ᠰᠠᠨᠠᠭ᠎ᠠ ᠴᠡᠪᠡᠷ ᠪᠤᠰᠤ᠂ ᠵᠣᠬᠢᠶᠠᠨ ᠪᠠᠶᠢᠭᠤᠯᠤᠯᠲᠠ ᠴᠡᠪᠡᠷ | ᠪᠤᠰᠤ᠂ ᠰᠤᠷᠲᠠᠯ ᠴᠡᠪᠡᠷ ᠪᠤᠰᠤ ᠵᠡᠷᠭᠡ ᠲᠣᠪᠣᠶᠢᠮ᠎ᠠ ᠠᠰᠠᠭᠤᠳᠠᠯ ᠬᠠᠷᠠᠬᠠᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ | ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠬᠤ ᠪᠥᠭᠡᠳ ᠰᠢᠨ᠎ᠡ ᠪᠠᠶᠢᠳᠠᠯ ᠰᠢᠨ᠎ᠡ ᠠᠰᠠᠭᠤᠳᠠᠯ ᠲᠠᠰᠤᠷᠠᠯᠳᠠ ᠦᠭᠡᠢ ᠢᠯᠡᠷᠡᠨ ᠭᠠᠷᠴᠤ᠂ | ᠨᠠᠮ ᠳᠤ ᠲᠤᠯᠭᠠᠷᠠᠵᠤ ᠪᠠᠶᠢᠭ᠎ᠠ ︽ᠲᠦᠷᠪᠡᠨ ᠶᠡᠭᠡ ᠰᠢᠯᠭᠠᠯᠲᠠ︾᠂ ︽ᠲᠦᠷᠪᠡᠨ ᠵᠦᠢᠯ ᠤᠨ ᠠᠶᠤᠯ ᠲᠦᠭᠰᠢᠭᠦᠷᠢ︾ ᠤᠷᠳᠤ ᠬᠤᠭᠤᠴᠠᠭ᠎ᠠ ᠪᠠᠷ ᠣᠷᠣᠰᠢᠵᠤ ᠪᠠᠶᠢᠬᠤ ᠶᠢ | ᠣᠯᠵᠤ ᠬᠠᠷᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ | ᠵᠣᠭᠰᠣᠰᠢ ᠦᠭᠡᠢ ᠶᠤᠮ᠃ ᠪᠦᠬᠦ ᠨᠠᠮ ᠢᠶᠠᠷ ᠢᠶᠠᠨ ᠡᠷᠬᠡᠪᠰᠢ ᠰᠢᠯᠭᠠᠯᠲᠠ ᠳᠤ ᠣᠷᠣᠯᠴᠠᠬᠤ ᠰᠣᠨᠣᠷ ᠰᠡᠷᠭᠡᠭ ᠪᠠ ᠡᠷᠡᠰ ᠵᠣᠷᠢᠭ ᠢᠶᠠᠨ ᠡᠭᠦᠷᠢᠳᠡ ᠪᠠᠲᠤᠯᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠪᠠᠷ ᠪᠦᠲᠦᠮᠵᠢᠲᠡᠢ ᠠᠷᠭ᠎ᠠ ᠵᠠᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠳᠠᠰᠤᠷᠠᠯᠳᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠣᠭᠤᠳᠤᠭᠤᠯᠤᠭᠰᠠᠨ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠠᠳᠠᠯᠢ ᠴᠢᠭᠯᠡᠯ ᠢᠶᠠᠷ ᠬᠦᠴᠦᠯᠡᠵᠦ ᠶᠡᠷᠦᠩᠬᠡᠶᠢᠯᠡᠨ ᠬᠦᠴᠦᠯᠡᠭᠰᠡᠨ ᠰᠢᠰᠲ᠋ᠧᠮᠲᠦ ᠢᠨᠵᠧᠨᠧᠷᠢᠩ | ᠮᠥᠨ᠂ ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ | ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ | ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠬᠢᠬᠦᠢ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠢ ᠬᠠᠮᠢᠶᠠᠷᠴᠤ ᠨᠠᠮ ᠢ | ᠵᠠᠰᠠᠬᠤ ᠶᠢᠨ ᠠᠭᠤᠯᠭ᠎ᠠ ᠶᠢ ᠪᠦᠬᠦᠨ ᠢ ᠬᠠᠮᠤᠷᠬᠤ᠂ ᠳ᠋ᠦᠢᠰᠢᠶᠠᠩ ᠢ ᠪᠦᠬᠦᠨ ᠢ ᠬᠠᠮᠤᠷᠬᠤ᠂ ᠬᠠᠷᠢᠭᠤᠴᠠᠯᠭ᠎ᠠ ᠶᠢᠨ ᠪᠦᠬᠦ ᠬᠡᠯᠬᠢᠶ᠎ᠡ᠂ ᠳᠦᠷᠢᠮ ᠢ ᠪᠦᠷᠢᠨ ᠨᠡᠪᠲᠡᠷᠡᠭᠦᠯᠬᠦ ᠶᠢ | ᠠᠬᠢᠭᠤᠯᠵᠤ᠂ ᠬᠦᠴᠦᠨ ᠵᠦᠢᠯ ᠪᠦᠷᠢᠨ ᠭᠦᠢᠴᠡᠳ ᠪᠠᠶᠢᠬᠤ᠂ ᠴᠢᠳᠠᠪᠤᠷᠢ ᠲᠡᠭᠦᠯᠳᠡᠷ ᠪᠠᠶᠢᠬᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ᠂ ᠠᠵᠢᠯᠯᠠᠭᠠᠨ ᠨᠢ ᠥᠨᠳᠥᠷ | ᠪᠦᠲᠦᠮᠵᠢᠲᠡᠶ ᠪᠠᠶᠢᠬᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠲᠤᠬᠠᠢ 5 ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ ᠨᠢᠭᠡ ᠳᠤ᠂ | ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ᠂ ᠬᠡᠷᠡᠭᠵᠢᠭᠦᠯᠬᠦ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠨᠠᠮ ᠤᠨ | ᠤᠳᠤᠷᠢᠳᠤᠯᠭ᠎ᠠ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠲᠥᠪ ᠤᠨ ᠵᠣᠬᠢᠶᠠᠨ | ᠪᠠᠶᠢᠭᠤᠯᠤᠯᠲᠠ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠴᠥᠮ ᠡᠷᠬᠡᠪᠰᠢ ᠡᠷᠡᠰ ᠴᠢᠩᠭ᠎ᠠ ᠬᠦᠴᠦᠲᠡᠢ᠂ | ᠢᠯᠭᠤᠮ ᠤᠷᠤᠭᠰᠢᠲᠠᠢ ᠶᠠᠪᠤᠭᠳᠠᠭᠤᠯᠬᠤ ᠬᠡᠷᠡᠭᠲᠡᠢ᠃ ᠭᠠᠭᠴᠠ ᠬᠦ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠵᠤ᠂ ᠨᠠᠮ ᠤᠨ ᠡᠯ᠎ᠡ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠪᠠᠯ ᠰᠠᠶ᠋ᠢ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ ᠴᠢᠳᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ | ᠴᠢᠩᠭ᠎ᠠ ᠪᠣᠯᠭᠠᠬᠤ ᠶᠢᠨ ᠵᠠᠩᠭᠢᠯᠠᠭ᠎ᠠ ᠨᠢ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠳᠤ ᠪᠤᠢ᠂ | ᠡᠭᠦᠨ ᠤ ᠦᠨᠳᠦᠰᠦ ᠨᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠪᠠᠶᠢᠳᠠᠭ᠃ ᠬᠤᠶᠠᠷ ᠲᠤ᠂ ᠤᠭ ᠦᠨᠳᠦᠰᠦ ᠶᠢ ᠨᠢ ᠪᠠᠬᠢᠵᠢᠭᠦᠯᠦᠨ ᠬᠥᠮᠥᠵᠢᠭᠦᠯᠬᠦ᠂ ᠰᠡᠳᠬᠢᠯ | ᠨᠢᠭᠡᠳᠦᠨ ᠰᠦᠭ ᠰᠦᠨᠡᠰᠦ ᠶᠢ ᠱᠤᠭᠤᠬᠤ ᠬᠥᠮᠦᠵᠢᠯ ᠤᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠵᠦ᠂ ᠦᠵᠡᠯ | ᠰᠠᠨᠠᠭᠠᠨ ᠤ ᠰᠠᠭᠤᠷᠢ ᠪᠠᠨ ᠪᠠᠲᠤᠳᠬᠠᠪᠠᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠰᠠᠶ᠋ᠢ ᠪᠠᠲᠤ ᠪᠠᠬᠢ ᠲᠤᠯᠭᠠᠭᠤᠷᠢᠯᠠᠯ ᠲᠠᠢ ᠪᠣᠯᠵᠤ ᠴᠢᠳᠠᠨ᠎ᠠ᠃ ᠡᠷᠬᠡᠪᠰᠢ | ᠦᠵᠡᠯ ᠰᠠᠨᠠᠭᠠᠨ ᠤ ᠪᠠᠶᠢᠭᠤᠯᠤᠯᠲᠠ ᠭᠡᠬᠦ ᠡᠨᠡ ᠬᠦ ᠰᠠᠭᠤᠷᠢ ᠶᠢ ᠰᠠᠶᠢᠲᠤᠷ ᠠᠳᠬᠤᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ | ᠦᠭᠡᠢ ᠠᠬᠢᠭᠤᠯᠵᠤ᠂ ᠨᠠᠮᠴᠢ ᠴᠢᠨᠠᠷ ᠤᠨ ᠬᠥᠮᠦᠵᠢᠯ ᠢ ᠤᠷᠳᠤ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ | ᠵᠢᠯᠤᠭᠤᠳᠴᠤ ᠪᠠᠶᠢᠭᠠᠳ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ | ᠬᠡᠷᠡᠭᠲᠡᠢ᠃ ᠭᠤᠷᠪᠠ ᠳᠤ᠂ ᠤᠨᠢᠨ ᠳᠡᠭᠡᠷ᠎ᠡ ᠨᠢ ᠬᠦᠴᠦᠯᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ᠂ ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠵᠠᠰᠠᠬᠤ ᠪᠠᠷ | ᠭᠤᠣᠯᠳᠠᠯᠭ᠎ᠠ ᠪᠣᠯᠭᠠᠵᠤ᠂ ᠤᠨᠢᠨ ᠳᠡᠭᠡᠷ᠎ᠡ ᠨᠢ ᠵᠠᠰᠠᠬᠤ ᠬᠡᠷᠡᠭᠲᠡᠢ᠃ ᠨᠠᠮ ᠤᠨ ᠪᠠᠶᠢᠳᠠᠯ ᠨᠠᠮ ᠤᠨ ᠰᠤᠷᠲᠠᠯ ᠤᠨ ᠰᠢᠨ᠎ᠡ ᠬᠠᠨᠳᠤᠰᠢ ᠶᠢ ᠨᠢᠭᠲᠠ ᠠᠩᠬᠠᠷᠬᠤ ᠪᠠ | ᠵᠠᠳᠠᠯᠵᠤ ᠰᠤᠳᠤᠯᠤᠨ ᠮᠠᠭᠠᠳᠯᠠᠵᠤ᠂ ᠠᠰᠠᠭᠤᠳᠠᠯ ᠳᠤ ᠬᠠᠨᠳᠤᠬᠤ ᠶᠢ ᠪᠠᠷᠢᠮᠲᠠᠯᠠᠵᠤ᠂ ᠦᠨᠳᠦᠰᠦ ᠰᠤᠷᠪᠤᠯᠵᠢ ᠠᠴᠠ ᠨᠢ ᠵᠠᠰᠠᠵᠤ᠂ ᠦᠩᠭᠡᠨ ᠲᠠᠯ᠎ᠠ ᠶᠢ ᠨᠢ ᠵᠠᠰᠠᠬᠤ | ᠮᠥᠷᠲᠡᠭᠡᠨ ᠦᠨᠳᠦᠰᠦ ᠰᠤᠷᠪᠤᠯᠵᠢ ᠶᠢ ᠨᠢ ᠵᠠᠰᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠨᠠᠷᠢᠯᠢᠭ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ | ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠰᠢᠨᠵᠢᠯᠡᠬᠦ ᠤᠬᠠᠭᠠᠨᠴᠢ ᠪᠦᠷᠢᠨ ᠲᠥᠬᠦᠷ᠂ ᠪᠦᠲᠦᠮᠵᠢᠲᠡᠶ ᠬᠡᠷᠡᠭᠴᠡᠭᠡᠲᠡᠢ ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠤᠯᠤᠰ ᠲᠥᠷᠥᠴᠢ ᠴᠢᠨᠠᠷ᠂ ᠵᠠᠷᠴᠢᠮᠲᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ | ᠡᠷᠬᠡᠪᠰᠢ ᠨᠢᠭᠡᠨ ᠢᠵᠢ ᠰᠢᠨᠵᠢᠯᠡᠬᠦ ᠤᠬᠠᠭᠠᠨᠴᠢ ᠪᠦᠷᠢᠨ ᠲᠥᠬᠦᠷ ᠳᠦᠷᠢᠮ ᠢᠶᠠᠷ ᠵᠢᠷᠤᠮᠵᠢᠭᠤᠯᠬᠤ ᠬᠡᠷᠡᠭᠲᠡᠢ᠃ ᠳᠦᠷᠢᠮ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ | ᠨᠠᠮ ᠢ ᠵᠠᠰᠠᠬᠤ ᠬᠡᠷᠡᠭᠴᠡᠭᠡ ᠲᠠᠢ ᠵᠣᠬᠢᠴᠠᠭᠤᠯᠵᠤ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠲᠠᠢ ᠢᠵᠢ ᠪᠦᠷᠢᠳᠦᠭᠦᠯᠵᠦ᠂ ᠳᠦᠷᠢᠮ ᠤᠨ ᠰᠢᠩᠭᠡᠯᠢᠭ ᠢ ᠪᠦᠬᠦ | ᠲᠠᠯ᠎ᠠ ᠪᠠᠷ ᠨᠢᠭᠲᠠ ᠰᠦᠯᠵᠢᠬᠦ ᠬᠡᠷᠡᠭᠲᠡᠢ᠃ ᠡᠭᠦᠨ ᠤ ᠬᠠᠮᠲᠤ᠂ ᠳᠦᠷᠢᠮ ᠨᠢ ᠬᠡᠲᠦᠷᠬᠡᠢ ᠶᠠᠷᠰᠢᠭ ᠲᠦᠪᠡᠭ ᠲᠠᠢ ᠪᠣᠯᠵᠤ᠂ ︽ᠳᠦᠷᠢᠮ ᠤᠨ ᠤᠨᠠᠭᠤᠯᠢ︾ ᠳᠤ ᠤᠨᠠᠬᠤ ᠶᠢ | ᠴᠤ ᠰᠡᠷᠭᠡᠶᠢᠯᠡᠬᠦ ᠬᠡᠷᠡᠭᠲᠡᠢ᠃ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠳᠦᠷᠢᠮ ᠢ ᠣᠷᠭᠠᠨᠢᠭ ᠪᠦᠬᠦᠯᠢ ᠴᠣᠭᠴᠠ ᠪᠣᠯᠭᠠᠬᠤ ᠬᠡᠷᠡᠭᠲᠡᠢ᠃ | ᠲᠠᠪᠤ ᠳᠤ᠂ ᠭᠤᠣᠯ ᠴᠣᠭᠴᠠ ᠲᠣᠳᠣᠷᠬᠠᠢ᠂ ᠱᠠᠭᠠᠷᠳᠠᠯᠭ᠎ᠠ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠣᠯ ᠪᠦᠬᠦ ᠨᠠᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠡᠷᠬᠡᠪᠰᠢ ᠲᠡᠰ ᠳᠠᠪᠬᠤᠷᠭ᠎ᠠ ᠲᠦᠷᠦᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠪᠠᠨ ᠡᠭᠦᠷᠭᠡᠯᠡᠬᠦ᠂ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ | ᠵᠣᠬᠢᠶᠠᠯ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠬᠤ ᠳᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠣᠯᠵᠤ᠂ | ᠥᠪᠡᠷ ᠢ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ᠪᠦᠬᠦ ᠨᠠᠮ ᠢ ᠪᠦᠯᠬᠦᠮᠳᠡᠭᠦᠯᠦᠨ | ᠳᠠᠭᠠᠭᠤᠯᠵᠤ ᠨᠠᠮ ᠢ ᠰᠠᠶᠢᠲᠤᠷ ᠵᠠᠰᠠᠵᠤ᠂ ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | | | | | |