2 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠡᠵᠡᠨ ᠬᠤᠷᠤᠭ᠎ᠠ | ᠬᠤᠰᠢᠭᠤᠨ ᠳᠤ ᠲᠥᠷᠥᠯ ᠵᠦᠢᠯ ᠤᠨ ᠠᠬᠢᠭᠤᠯᠤᠯᠲᠠ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ | ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠤᠯᠤᠰ ᠤᠨ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠱᠧᠨ ᠳ᠋ᠦᠩ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ | ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠢᠦᠢ ᠬᠠᠢ ᠢᠦᠢ ᠪᠠᠷᠢᠯᠭ᠎ᠠ ᠶᠢᠨ ᠠᠬᠢᠴᠠ᠂ ᠴᠢᠳᠠᠪᠬᠢ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠠᠮᠤᠷ ᠲᠦᠪᠰᠢᠨ ᠪᠣᠯᠣᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠦᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ | ᠠᠮᠵᠢᠵᠤ᠂ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ | ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠳᠬᠡᠨ ᠪᠠᠶᠢᠭᠤᠯᠬᠤ ᠶᠢ ᠠᠬᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ | ᠰᠢᠯᠢᠳᠡᠭᠵᠢᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠣᠷᠳᠣᠰ ᠲᠤ ᠪᠡᠯᠡ ᠣᠷᠣᠭᠤᠯᠤᠨ ᠦᠢᠯᠡᠰ ᠪᠣᠰᠬᠠᠵᠤ᠂ | ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠩᠨᠡᠭᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠢᠨ ᠪᠠᠲᠤᠯᠠᠭ᠎ᠠ ᠪᠣᠯᠣᠨ | ᠠᠪᠤᠷᠠᠨ ᠲᠤᠰᠠᠯᠠᠬᠤ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠤᠯᠠᠭᠠᠨᠮᠦ᠋ᠷᠡᠨ ᠪᠠᠯᠭᠠᠰᠤᠨ ᠳᠤ᠂ ᠢᠦᠢ ᠬᠠᠢ ᠢᠦᠢ ᠬᠤᠲᠠ ᠪᠠᠯᠭᠠᠰᠤᠨ ᠤ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠠᠯᠭᠠᠰᠤᠨ ᠤ ᠣᠨᠴᠠᠯᠢᠭ ᠲᠤ ᠰᠠᠭᠤᠷᠢᠯᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠠᠵᠤ | ᠦᠢᠯᠡᠰ ᠤᠨ ᠬᠥᠭᠵᠢᠯᠲᠡ᠂ ᠬᠥᠮᠥᠨ ᠠᠮᠠ ᠶᠢᠨ ᠬᠡᠪᠴᠢᠶ᠎ᠡ ᠶᠢ ᠨᠢᠭᠡᠳᠦᠯᠲᠡᠢ ᠲᠥᠯᠥᠪᠯᠡᠵᠦ᠂ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ᠂ | ᠰᠤᠷᠭᠠᠨ ᠬᠥᠮᠦᠵᠢᠯ᠂ ᠡᠮᠴᠢᠯᠡᠭᠡ ᠵᠡᠷᠭᠡ ᠣᠯᠠᠨ ᠨᠡᠶᠢᠲᠡ ᠶᠢᠨ ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ ᠬᠦᠴᠦᠯᠡᠨ ᠴᠢᠩᠭᠠᠳᠬᠠᠵᠤ᠂ ᠬᠥᠮᠥᠨ ᠠᠮᠠ ᠶᠢᠨ | ᠲᠥᠪᠯᠡᠷᠡᠯ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃ | ᠨᠠᠷᠢᠨᠳᠤᠬᠤᠢ ᠪᠠᠯᠭᠠᠰᠤᠨ ᠳᠤ᠂ ᠢᠦᠢ ᠬᠠᠢ ᠢᠦᠢ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠢ ᠶᠢᠨ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠤᠯᠤᠰ ᠲᠦᠷᠦ ᠶᠢᠨ | ᠥᠨᠳᠥᠷᠴᠡ ᠠᠴᠠ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠤᠨ ᠴᠢᠬᠤᠯᠠ ᠴᠢᠨᠠᠷ ᠢ ᠲᠠᠨᠢᠨ ᠡᠵᠡᠮᠰᠢᠵᠦ᠂ ᠲᠡᠷᠢᠭᠦᠨ ᠤ ᠲᠤᠷᠰᠢᠯᠭ᠎ᠠ ᠠᠷᠭ᠎ᠠ ᠮᠠᠶ᠋ᠢᠭ ᠢ | ᠰᠤᠷᠤᠯᠴᠠᠨ ᠲᠣᠯᠢᠳᠠᠵᠤ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠲᠡᠭᠦᠯᠳᠡᠷᠵᠢᠭᠦᠯᠵᠦ᠂ ︽ᠳᠥᠷᠪᠡ ᠶᠢ ᠪᠦᠷᠢᠳᠦᠭᠦᠯᠬᠦ︾ ᠪᠠᠶᠢᠭᠤᠯᠤᠯᠲᠠ ᠶᠢ | ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠲᠣᠭᠤᠷᠢᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠬᠠᠭᠤᠴᠢ ᠰᠤᠳᠤᠯᠤᠯ ᠢ ᠰᠤᠳᠤᠯᠬᠤ ᠪᠠ ᠠᠮᠢᠳᠤᠯᠢᠭ ᠢᠶᠠᠷ ᠠᠰᠢᠭᠯᠠᠬᠤ ᠶᠢ ᠪᠣᠳᠠᠲᠠᠶᠢᠵᠢᠭᠤᠯᠤᠨ | ᠨᠠᠷᠢᠯᠢᠭᠵᠢᠭᠤᠯᠵᠤ᠂ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠪᠡ᠃ | ᠬᠤᠲᠠ ᠶᠢᠨ ᠳᠡᠳ᠋ ᠳᠠᠷᠤᠭ᠎ᠠ ᠵᠣᠣ ᠴᠦᠨ ᠢᠦᠢ᠂ ᠵᠠᠩ ᠰᠢᠸ ᠯᠢᠩ ᠲᠣᠰ ᠲᠣᠰ ᠣᠷᠣᠯᠴᠠᠪᠠ᠃ | | | | | | | | | | | | | |