2025 ᠲᠦᠷᠤᠯᠬᠢ ᠵᠢᠷᠤᠬᠡᠨ ᠡᠪᠡᠳᠴᠢᠨ ᠲᠠᠢ ᠬᠡᠦᠬᠡᠳ ᠢ ᠠᠪᠤᠷᠠᠨ ᠲᠤᠰᠠᠯᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/2/21
      ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠣᠨ ᠳᠤᠮᠳᠠᠲᠤ ᠤᠯᠤᠰ ᠤᠨ ᠤᠯᠠᠭᠠᠨ ᠵᠠᠯᠭᠠᠯᠮᠠᠶᠢᠲᠠᠨ ᠤ ᠰᠠᠭᠤᠷᠢ ᠮᠦᠩᠭᠦᠨ ᠤ ᠨᠡᠶᠢᠭᠡᠮᠯᠢᠭ ᠬᠠᠮᠲᠤᠷᠠᠨ 2025 ᠲᠦᠷᠤᠯᠬᠢ ᠵᠢᠷᠤᠭᠡᠨ ᠡᠪᠡᠳᠴᠢᠨ ᠲᠠᠢ ᠬᠡᠤᠬᠡᠳ ᠢ ᠠᠪᠤᠷᠠᠨ ᠲᠤᠰᠠᠯᠠᠬᠤ ᠠᠵᠢᠯᠯᠠᠭ᠎ᠠ ᠶᠢ ᠦᠷᠨᠢᠭᠦᠯᠬᠦ ᠪᠠᠷ ᠪᠠᠶᠢᠨ᠎ᠠ᠃ ᠠᠵᠢᠯᠯᠠᠭ᠎ᠠ ᠶᠢᠨ ᠳᠣᠬᠢᠷᠠᠭᠤᠯᠤᠯᠲᠠ ᠶᠢ ᠦᠨᠳᠦᠰᠦᠯᠡᠪᠡᠯ᠂ ᠤᠷᠢᠳ ᠢᠶᠠᠷ ᠮᠠᠨ ᠤ ᠣᠷᠣᠨ ᠳᠤ ᠡᠷᠤᠭᠡ ᠠᠮᠠ ᠲᠠᠢ 0 ~ 18 ᠪᠦᠬᠦᠯᠢ ᠨᠠᠰᠤ ᠲᠠᠢ ᠮᠠᠰᠠ ᠵᠠᠰᠠᠯ ᠢᠶᠠᠷ ᠡᠮᠨᠠᠨ ᠵᠠᠰᠠᠬᠤ ᠴᠢᠬᠤᠯᠠ ᠲᠠᠢ ᠲᠦᠷᠤᠯᠬᠢ ᠵᠢᠷᠦᠭᠡᠨ ᠡᠪᠡᠳᠴᠢᠨ ᠲᠠᠢ ᠬᠡᠤᠬᠡᠳ ᠪᠠ ᠮᠠᠰᠠ ᠵᠠᠰᠠᠯ ᠤᠨ ᠲᠠᠷᠠᠭ᠎ᠠ ᠲᠡᠬᠢᠨ ᠪᠠᠶᠢᠴᠠᠭᠠᠬᠤ ᠴᠢᠬᠤᠯᠠ ᠲᠠᠢ ᠬᠡᠤᠬᠡᠳ ᠤᠳ ᠤᠨ ᠪᠠᠶᠢᠳᠠᠯ ᠢ ᠣᠶᠢᠯᠠᠭᠠᠨ ᠪᠦᠷᠢᠳᠭᠡᠵᠦ᠂ ᠡᠮᠦᠨᠠᠬᠢ ᠬᠤᠭᠤᠴᠠᠭᠠᠨ ᠤ ᠪᠡᠯᠡᠳᠭᠡᠯ ᠠᠵᠢᠯ ᠢ ᠦᠷᠨᠢᠭᠦᠯᠦᠨ᠎ᠡ᠃ ᠠᠳᠡ ᠲᠦᠷᠤᠯᠬᠢ ᠵᠢᠷᠦᠭᠡᠨ ᠡᠪᠡᠳᠴᠢᠨ ᠲᠠᠢ ᠬᠡᠤᠬᠡᠳ ᠤᠨ ᠪᠠᠶᠢᠳᠠᠯ ᠢ ᠣᠶᠢᠯᠠᠭᠠᠬᠤ ᠵᠦᠢᠯ ᠢ ᠳᠣᠣᠷ᠎ᠠ ᠮᠡᠳᠡᠭᠲᠡᠶ᠎ᠠ᠄    ᠨᠢᠭᠡ᠂ 2025 ᠣᠨ ᠤ 3 ᠰᠠᠷ᠎ᠠ ᠶᠢᠨ ᠳᠤᠮᠳᠠᠴᠢ ᠪᠠᠷ ᠱᠠᠩᠬᠠᠢ ᠶᠢᠨ ᠡᠮᠨᠡᠯᠭᠡ ᠶᠢᠨ ᠶᠡᠭᠡ ᠰᠤᠷᠭᠠᠭᠤᠯᠢ ᠶᠢᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠠᠨ ᠤᠷᠳᠤᠰ ᠬᠤᠲᠠ ᠳᠤ ᠢᠷᠡᠵᠤ ᠲᠤᠬᠠᠢ ᠶᠢᠨ ᠲᠡᠯᠠᠪᠤᠷ  ᠲᠤ ᠡᠪᠡᠳᠴᠢᠲᠠᠨ ᠢ ᠰᠢᠭᠰᠢᠨ ᠪᠠᠶᠢᠴᠠᠭᠠᠬᠤ ᠪᠠ ᠳᠠᠬᠢᠨ ᠪᠠᠶᠢᠴᠠᠭᠠᠬᠤ ᠪᠠᠷ ᠲᠦᠯᠤᠪᠯᠡᠵᠤ ᠪᠠᠶᠢᠨ᠎ᠠ᠃ ︵ᠪᠤᠳᠠᠲᠠᠢ ᠴᠠᠭ ᠪᠠ ᠭᠠᠵᠠᠷ ᠢ ᠲᠤᠬᠠᠢ ᠶᠢᠨ ᠴᠠᠭ ᠲᠤᠨᠢ ᠮᠡᠳᠡᠭᠳᠡᠨ᠎ᠡ︶    ᠬᠤᠶᠠᠷ᠂ ᠨᠥᠭᠦᠴᠡᠯ ᠳᠤ ᠨᠡᠶᠢᠴᠡᠬᠦ ᠬᠦᠮᠤᠰ 2025 ᠣᠨ ᠤ 2 ᠰᠠᠷ᠎ᠠ ᠶᠢᠨ 25᠎ ᠤ ᠡᠳᠤᠷ ᠠᠴᠠ ᠡᠮᠤᠨ᠎ᠡ ᠬᠢᠶ᠎ᠡ ᠪᠠᠭᠰᠢ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠤᠶᠤ ᠰᠠᠭᠤᠭ᠎ᠠ ᠵᠡᠭᠡᠯᠢ ᠭᠤᠳᠣᠮᠵᠢ ᠶᠢᠨ ᠨᠡᠶᠢᠭᠡᠮ ᠲᠣᠭᠤᠷᠢᠭ ᠲᠤ ᠬᠦᠷᠴᠤ ᠳᠠᠩᠰᠠᠯᠠᠨ ᠲᠡᠮᠳᠡᠭᠯᠡᠭᠦᠯᠬᠦ ᠶᠢᠨ ᠬᠠᠮᠲᠤ ︽ᠥᠪᠣᠷ ᠮᠣᠩᠭᠤᠯ ᠤᠨ 2025 ᠣᠨ ᠤ  ︿ᠳᠠᠬᠢᠨᠢ ᠶᠢᠨ ᠠᠶᠠᠯᠠᠯ﹀ ᠲᠦᠷᠤᠯᠬᠢ ᠵᠢᠷᠦᠬᠡᠨ ᠡᠪᠡᠳᠴᠢᠨ ᠲᠠᠢ ᠬᠡᠣᠬᠡᠳ ᠤᠨ ᠪᠠᠶᠢᠳᠠᠯ ᠢ ᠣᠶᠢᠯᠠᠭᠠᠬᠤ ᠬᠥᠰᠣᠨᠣᠭ᠍ᠲᠣ︾᠎ ᠶᠢ ᠲᠠᠭᠯᠠᠨ᠎ᠠ᠃    ᠬᠠᠷᠢᠯᠴᠠᠬᠤ ᠬᠦᠮᠤᠨ᠄    ᠵᠠᠩ ᠢᠦᠢ    ᠬᠠᠷᠢᠯᠴᠠᠬᠤ ᠤᠳᠠᠰᠤ᠄   0477 — 8508068 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ