| | ᠪᠠᠰᠠ ᠨᠢᠭᠡ ᠤᠳᠠᠭᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠨᠢ ᠥᠷᠭᠡᠨ ᠬᠡᠪᠴᠢᠶ᠎ᠡ ᠪᠠᠷ ᠬᠥᠮᠥᠰ ᠤᠨ ᠠᠩᠬᠠᠷᠤᠯ ᠢ | ᠲᠠᠲᠠᠵᠠᠢ | 2 ᠳ᠋ᠤᠭᠠᠷ ᠰᠠᠷ᠎ᠠ ᠶᠢᠨ 17 ᠤ ᠦᠳᠡ ᠶᠢᠨ ᠡᠮᠦᠨᠡᠬᠢ 10 ᠴᠠᠭ ᠲᠤ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠶᠡᠷᠦᠩᠬᠡᠢ ᠱᠦᠵᠢ ᠰᠢ ᠶᠢᠨ ᠫᠢᠩ | ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠠᠯᠬᠤᠨ ᠣᠷᠣᠵᠤ᠂ ᠡᠯ᠎ᠡ ᠠᠵᠢᠯ ᠲᠦᠷᠦᠯ ᠤᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠠᠷᠢᠭᠤᠴᠠᠯᠭᠠᠲᠠᠳ ᠯᠤᠭ᠎ᠠ ᠨᠢᠭᠤᠷᠳᠠᠨ ᠶᠠᠷᠢᠯᠴᠠᠪᠠ᠃ | ᠰᠢᠨ᠎ᠡ ᠬᠥᠭᠵᠢᠯᠲᠡ᠂ ᠰᠢᠨ᠎ᠡ ᠲᠣᠬᠢᠶᠠᠯ᠂ ᠪᠠᠰᠠ ᠰᠢᠨ᠎ᠡ ᠥᠷᠢᠰᠦᠯᠳᠦᠭᠡᠨ ᠲᠤᠯᠭᠠᠷᠠᠵᠤ ᠪᠤᠢ᠃ | ᠡᠨᠡ ᠤᠳᠠᠭᠠᠨ ᠤ ᠰᠠᠭᠤᠳᠠᠯ ᠤᠨ ᠬᠤᠷᠠᠯ ᠢ ᠨᠠᠮ ᠤᠨ ᠲᠥᠪ ᠬᠤᠷᠢᠶ᠎ᠠ ᠬᠤᠷᠠᠯᠳᠤᠭᠤᠯᠤᠭᠰᠠᠨ ᠶᠤᠮ᠃ ᠲᠥᠪ ᠤᠨ ᠵᠠᠷᠢᠮ ᠤᠳᠤᠷᠢᠳᠬᠤ ᠨᠥᠬᠦᠳ ᠢᠷᠡᠭᠰᠡᠨ | ᠪᠥᠭᠡᠳ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠴᠦ ᠢᠷᠡᠭᠰᠡᠨ ᠪᠠᠶᠢᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠢ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠦᠴᠦᠨ᠂ ᠴᠢᠨᠠᠷ ᠰᠠᠶᠢᠲᠠᠢ | ᠬᠥᠭᠵᠢᠯᠲᠡ ᠶᠢᠨ ᠴᠢᠬᠤᠯᠠ ᠰᠠᠭᠤᠷᠢ ᠪᠣᠯᠣᠨ᠎ᠠ᠃ ᠥᠨᠳᠥᠷ ᠬᠡᠪ ᠪᠠᠷᠢᠮᠵᠢᠶ᠎ᠠ ᠪᠦᠬᠦᠢ ᠰᠠᠭᠤᠳᠠᠯ ᠤᠨ ᠬᠤᠷᠠᠯ ᠢ ᠳᠠᠬᠢᠨᠲᠠ ᠬᠤᠷᠠᠯᠳᠤᠭᠤᠯᠤᠭᠰᠠᠨ ᠨᠢ ᠢᠮᠠᠭᠲᠠ | ᠲᠤᠭᠤᠰᠢᠲᠠᠢ ᠲᠤᠭᠤᠰᠢᠯᠠᠭᠤᠯᠬᠤ ᠲᠣᠳᠣᠷᠬᠠᠢ ᠳᠣᠬᠢᠶ᠎ᠠ ᠶᠢ ᠢᠯᠡᠷᠡᠭᠦᠯᠪᠡ᠃ | ᠶᠡᠷᠦᠩᠬᠡᠢ ᠱᠦᠵᠢ ᠰᠢ ᠶᠢᠨ ᠫᠢᠩ᠄ ︽ᠬᠡᠳᠦᠨ ᠠᠷᠪᠠᠨ ᠵᠢᠯ ᠤᠨ ᠲᠤᠷᠰᠢ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠠᠨᠢᠯᠲᠠ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠬᠢ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠤᠬᠠᠢ ᠮᠠᠨ ᠤ ᠨᠠᠮ ᠤᠨ ᠣᠨᠣᠯ | ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠥᠭᠡᠳ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠶᠤᠮ︾ ᠭᠡᠵᠦ ᠬᠡᠯᠡᠭᠰᠡᠨ ᠪᠠᠶᠢᠨ᠎ᠠ᠃ | ︽ᠪᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠭᠰᠡᠭᠡᠷ ᠢᠷᠡᠭᠰᠡᠨ ᠶᠤᠮ᠂ ᠮᠥᠨ ᠴᠦ ᠠᠷᠠᠳ ᠠᠴᠠ ᠡᠵᠡᠩᠨᠡᠭᠰᠡᠨ ᠠᠵᠤ ᠠᠬᠤᠢ ᠨᠡᠯᠢᠶᠡᠳ | ᠬᠥᠭᠵᠢᠭᠰᠡᠨ ᠭᠠᠵᠠᠷ ᠣᠷᠣᠨ ᠳᠤ ᠠᠵᠢᠯᠯᠠᠵᠤ ᠪᠠᠶᠢᠭᠰᠠᠨ︾᠃ ᠡᠳᠡᠭᠡᠷ ᠵᠢᠯ ᠤᠳ ᠤᠨ ᠲᠤᠷᠰᠢ᠂ ᠰᠢ ᠶᠢᠨ ᠫᠢᠩ ᠨᠥᠬᠦᠷ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠡᠷᠡᠭᠦᠯ ᠬᠥᠭᠵᠢᠯᠲᠡ ᠶᠢ ᠲᠤᠶᠢᠯ ᠢᠶᠠᠷ ᠴᠢᠬᠤᠯᠠᠴᠢᠯᠠᠨ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠡᠷᠡᠭᠦᠯ ᠢᠶᠠᠷ ᠦᠰᠦᠨ | ᠪᠣᠶᠢᠵᠢᠬᠤ ᠶᠢ ᠬᠠᠯᠠᠮᠵᠢᠯᠠᠭᠰᠠᠭᠠᠷ ᠢᠷᠡᠪᠡ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠤᠷᠢᠳᠤᠭᠠᠷ ᠶᠡᠭᠡ ᠬᠤᠷᠠᠯ ᠬᠦᠷᠲᠡᠯ᠎ᠡ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠵᠡᠷᠭᠡ | ᠲᠥᠪ ᠬᠤᠷᠢᠶᠠᠨ ᠤ ᠪᠦᠬᠦᠳᠡ ᠬᠤᠷᠠᠯᠳᠤᠭᠠᠨ ᠬᠦᠷᠲᠡᠯ᠎ᠡ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠬᠤᠷᠠᠯᠳᠤᠭᠠᠨ ᠳᠡᠭᠡᠷ᠎ᠡ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠤᠯᠠᠨ ᠤᠳᠠᠭ᠎ᠠ ᠲᠣᠳᠣᠷᠬᠠᠶᠢᠯᠠᠨ ᠥᠭᠦᠯᠡᠪᠡ᠃ | ᠡᠨᠡ ᠤᠳᠠᠭᠠᠨ ᠤ ᠰᠠᠭᠤᠳᠠᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ᠄ ︽ᠨᠠᠮ ᠪᠠ ᠤᠯᠤᠰ ᠠᠴᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠤᠨ ᠲᠣᠭᠲᠠᠯᠴᠠᠭ᠎ᠠ ᠳᠤ ᠣᠷᠣᠭᠤᠯᠵᠤ᠂ ᠢᠮᠠᠭᠲᠠ ᠲᠤᠭᠤᠰᠢᠲᠠᠢ ᠪᠠᠷᠢᠮᠲᠠᠯᠠᠨ ᠨᠠᠶᠢᠳᠠᠪᠤᠷᠢᠵᠢᠭᠤᠯᠤᠨ᠎ᠠ᠂ ᠬᠤᠪᠢᠷᠠᠭᠤᠯᠵᠤ ᠪᠣᠯᠬᠤ ᠦᠭᠡᠢ᠂ ᠬᠤᠪᠢᠷᠠᠭᠤᠯᠬᠤ | ᠴᠤ ᠦᠭᠡᠢ ᠶᠤᠮ︾ ᠭᠡᠵᠦ ᠳᠠᠬᠢᠨᠲᠠ ᠴᠢᠬᠤᠯᠠᠴᠢᠯᠠᠪᠠ᠃ | ᠣᠳᠣᠬᠠᠨ ᠤ ᠬᠦᠴᠢᠷᠳᠡᠯ ᠪᠠ ᠥᠷᠢᠰᠦᠯᠳᠦᠭᠡᠨ ᠢ ᠬᠡᠷᠬᠢᠨ ᠦᠵᠡᠬᠦ ᠪᠤᠢ︖ ᠶᠠᠭᠠᠬᠢᠪᠠᠯ ᠵᠣᠬᠢᠬᠤ ᠪᠤᠢ︖ | ᠶᠡᠷᠦᠩᠬᠡᠢ ᠱᠦᠵᠢ ᠰᠢ ᠶᠢᠨ ᠫᠢᠩ᠄ ︽ᠣᠳᠣᠬᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠵᠠᠷᠢᠮ | ᠬᠦᠴᠢᠷᠳᠡᠯ ᠪᠠ ᠥᠷᠢᠰᠦᠯᠳᠦᠭᠡᠨ ᠨᠢ ᠶᠡᠷᠦᠩᠬᠡᠢ ᠳᠤ ᠪᠠᠨ ᠥᠭᠡᠷᠡᠴᠢᠯᠡᠯᠲᠡ ᠬᠥᠭᠵᠢᠯᠲᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ | ᠶᠠᠪᠤᠴᠠ ᠳᠤ ᠢᠯᠡᠷᠡᠭᠰᠡᠨ ᠶᠤᠮ᠂ ᠬᠡᠰᠡᠭ ᠲᠠᠯ᠎ᠠ ᠶᠢᠨ ᠬᠢ ᠪᠣᠯᠬᠤ ᠠᠴᠠ ᠪᠢᠰᠢ ᠪᠦᠬᠦᠯᠢ ᠴᠣᠭᠴᠠ ᠶᠢᠨ ᠬᠢ ᠪᠢᠰᠢ᠂ ᠲᠦᠷ ᠴᠠᠭ ᠤᠨ ᠬᠢ ᠪᠣᠯᠬᠤ ᠠᠴᠠ ᠪᠢᠰᠢ ᠤᠷᠲᠤ | ᠬᠤᠭᠤᠴᠠᠭᠠᠨ ᠤ ᠬᠢ ᠪᠢᠰᠢ᠂ ᠢᠯᠠᠨ ᠳᠠᠪᠠᠵᠤ ᠳᠡᠶᠢᠯᠬᠦ ᠠᠴᠠ ᠪᠢᠰᠢ ᠰᠢᠢᠳᠪᠦᠷᠢᠯᠡᠵᠦ ᠳᠡᠶᠢᠯᠬᠦ ᠦᠭᠡᠢ ᠪᠢᠰᠢ ᠶᠤᠮ︾ ︽ᠬᠦᠴᠢᠷᠳᠡᠯ ᠪᠠ ᠥᠷᠢᠰᠦᠯᠳᠦᠭᠡᠨ ᠤ ᠳᠤᠮᠳᠠ | ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ ᠪᠠ ᠢᠷᠡᠭᠡᠳᠦᠢ ᠶᠢ ᠣᠯᠵᠤ ᠬᠠᠷᠠᠬᠤ ᠬᠡᠷᠡᠭᠲᠡᠢ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠬᠥᠭᠵᠢᠯᠲᠡ ᠶᠢᠨ ᠢᠲᠡᠭᠡᠯ ᠢᠶᠠᠨ ᠴᠢᠩᠭᠠᠷᠠᠭᠤᠯᠤᠨ᠂ ᠰᠠᠶᠢᠲᠤᠷ ᠲᠡᠮᠡᠴᠡᠵᠦ ᠢᠯᠠᠯᠲᠠ ᠣᠯᠬᠤ ᠴᠤᠭ ᠰᠦᠯᠳᠡ ᠢᠲᠡᠭᠡᠯ ᠵᠣᠷᠢᠭ ᠲᠠᠢ ᠪᠠᠶᠢᠬᠤ ᠬᠡᠷᠡᠭᠲᠡᠢ︾ ᠭᠡᠵᠦ | ᠵᠢᠭᠠᠵᠤ ᠭᠠᠷᠭᠠᠪᠠ᠃ | | | | |