ᠢᠦᠢ ᠬᠠᠢ ᠢᠦᠢ ᠪᠡᠭᠡᠵᠢᠩ ᠳᠤ ᠶᠡᠭᠡ ᠳᠡᠭᠡᠳᠦ ᠰᠤᠷᠭᠠᠭᠤᠯᠢ ᠪᠣᠯᠣᠨ ᠶᠠᠮᠤᠨ ᠵᠥᠪᠯᠡᠯ ᠳᠤ ᠬᠦᠷᠴᠦ ᠠᠵᠢᠯ ᠢ ᠵᠣᠬᠢᠴᠠᠭᠤᠯᠤᠨ ᠵᠣᠯᠭᠠᠭᠤᠯᠪᠠ
ᠨᠡᠶᠢᠲᠡᠯᠡᠭᠰᠡᠨ ᠴᠠᠭ᠄
2025/2/21
      2 ᠰᠠᠷ᠎ᠠ ᠶᠢᠨ 18᠎ ᠤ ᠡᠳᠦᠷ ᠠᠴᠠ 19᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠡᠭᠡᠵᠢᠩ ᠳᠤ ᠪᠡᠭᠡᠵᠢᠩ ᠶᠡᠭᠡ ᠰᠤᠷᠭᠠᠭᠤᠯᠢ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠬᠦᠷᠴᠦ ᠠᠵᠢᠯ ᠢ ᠵᠣᠬᠢᠴᠠᠭᠤᠯᠤᠨ ᠵᠣᠯᠭᠠᠭᠤᠯᠪᠠ᠃      ᠪᠡᠭᠡᠵᠢᠩ ᠶᠡᠭᠡ ᠰᠤᠷᠭᠠᠭᠤᠯᠢ ᠳᠤ᠂ ᠢᠦᠢ ᠬᠠᠢ ᠢᠦᠢ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠬᠦᠩ ᠴᠢ ᠬᠤᠸᠠᠩ᠂ ᠪᠡᠭᠡᠵᠢᠩ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠫᠢᠶᠣᠣ ᠱᠢ ᠯᠦᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢᠨ ᡁᠢ ᠵᠢᠶᠦ᠋ᠨ ᠲᠠᠢ ᠶᠠᠷᠢᠯᠴᠠᠪᠠ᠃ ᠬᠤᠶᠠᠷ ᠲᠠᠯ᠎ᠠ ᠪᠠᠷ ᠢᠶᠠᠨ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠰᠢᠯᠢᠳᠡᠭᠵᠢᠨ ᠬᠦᠴᠦᠷᠬᠡᠭᠵᠢᠬᠦ ᠶᠢ ᠬᠠᠮᠲᠤᠪᠠᠷ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠦᠯᠬᠦᠮ ᠢ ᠬᠥᠮᠥᠵᠢᠭᠦᠯᠦᠨ ᠶᠡᠬᠡᠪᠡᠷ ᠣᠷᠣᠭᠤᠯᠤᠨ ᠠᠪᠴᠢᠷᠠᠵᠤ᠂ ᠣᠷᠳᠣᠰ ᠤᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠵᠠᠮ ᠢ ᠨᠡᠭᠡᠭᠡᠬᠦ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠨ᠎ᠡ᠃ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠰᠠᠭᠤᠷᠢ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠺᠠᠳ᠋ᠷᠴᠤᠳ ᠤᠨ ᠪᠣᠯᠪᠠᠰᠤᠷᠠᠯ᠂  ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠬᠦᠷᠢᠶ᠎ᠡ ᠴᠠᠷᠠᠭᠠᠨ ᠳᠤ ᠪᠣᠳᠠᠲᠠᠢ ᠶᠢ ᠡᠷᠬᠢᠮᠯᠡᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠭᠠᠷ ᠬᠤᠯᠪᠣᠨ ᠪᠡᠶᠡᠯᠡᠭᠦᠯᠦᠨ᠎ᠠ ᠭᠡᠵᠤ ᠢᠯᠡᠷᠬᠡᠶᠢᠯᠡᠪᠡ᠃      ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ᠂ ᠢᠦᠢ ᠬᠠᠢ ᠢᠦᠢ  ᠤᠯᠤᠰ ᠤᠨ ᠶᠠᠮᠤᠨ ᠵᠥᠪᠯᠡᠯ ᠤᠨ  ᠤᠷᠳᠤ ᠬᠤᠭᠤᠴᠠᠭᠠᠨ ᠤ ᠲᠤᠷᠰᠢ ᠣᠷᠳᠣᠰ ᠲᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠤᠰ ᠤᠨ ᠲᠡᠰ ᠤᠨ ᠵᠢᠭᠤᠯᠴᠢᠯᠠᠯ ᠤᠨ ᠣᠷᠣᠨ ᠢ ᠡᠭᠦᠳᠦᠨ ᠪᠠᠶᠢᠭᠤᠯᠬᠤ᠂ ᠰᠣᠶᠣᠯ ᠵᠢᠭᠤᠯᠴᠢᠯᠠᠯ ᠤᠨ ᠨᠡᠷᠡᠲᠦ ᠠᠵᠢᠯᠯᠠᠭ᠎ᠠ ᠡᠷᠬᠢᠯᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠤᠯᠠᠮᠵᠢᠯᠠᠵᠤ ᠠᠰᠢᠭᠯᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠮᠠᠨ ᠤ ᠬᠤᠳᠠ ᠳᠤ ᠵᠢᠯᠣᠭᠤᠳᠤᠯᠭ᠎ᠠ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠣᠷᠣᠯᠴᠠᠪᠠ᠃
640.jpg
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ