ᠣᠷᠳᠤᠰ ᠬᠤᠲᠠ ᠪᠥᠬᠦ ᠣᠷᠣᠨ ᠤ ᠠᠩᠬᠠᠳᠠᠭᠴᠢ ︽DeepSeek + ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ︾᠎ ᠶᠢᠨ ᠲᠤᠬᠠᠶᠢᠯᠠᠭᠰᠠᠨ ᠠᠵᠢᠯ ᠤᠨ ᠲᠤᠮᠤ ᠵᠠᠭᠪᠤᠷ ᠢ ᠨᠡᠶᠢᠲᠡᠯᠡᠪᠠ
ᠨᠡᠶᠢᠲᠡᠯᠡᠭᠰᠡᠨ ᠴᠠᠭ᠄
2025/2/21
      ᠲᠣᠰ ᠵᠠᠭᠪᠤᠷ ᠨᠢ DeepSeek ᠣᠶᠣᠨᠲᠤ ᠳᠠᠪᠴᠠᠩ ᠪᠠ ᠲᠧᠩ ᠰᠢᠶᠦ᠋ᠨIMA ᠮᠡᠳᠡᠯᠭᠡ ᠶᠢᠨ ᠬᠥᠮᠥᠷᠭᠡ ᠳᠤ ᠲᠣᠯᠳᠤᠶᠢᠳᠴᠦ ᠡᠭᠴᠡ ᠬᠠᠮᠢᠶᠠᠷᠤᠯᠲᠠ ᠶᠢᠨ ᠬᠦᠷᠢᠶᠡᠨ ᠳᠠᠬᠢ ᠭᠦᠨᠵᠡᠭᠡᠢ ᠰᠤᠷᠤᠯᠴᠠᠯᠭ᠎ᠠ ᠬᠢᠭᠡᠳ ᠪᠣᠳᠣᠬᠤ ᠠᠷᠭ᠎ᠠ ᠶᠢ ᠰᠢᠯᠢᠳᠡᠭᠵᠢᠭᠦᠯᠬᠦ ᠪᠣᠯᠪᠠᠰᠤᠷᠠᠯ ᠢᠶᠠᠷ ᠳᠠᠮᠵᠢᠨ᠂ ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠤ ︽ᠨᠢᠭᠡ ᠥᠷᠲᠡᠭᠡᠨ ᠤ ᠮᠠᠶ᠋ᠢᠭ︾᠎ ᠤᠨ ᠰᠢᠢᠳᠪᠦᠷᠢᠯᠡᠬᠦ ᠲᠥᠰᠥᠯ ᠢ ᠬᠠᠩᠭᠠᠵᠤ ᠪᠣᠯᠣᠨ᠎ᠠ᠃ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠳ ᠬᠠᠤᠯᠢ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠳ ᠲᠤ ᠬᠤᠯᠪᠣᠭᠳᠠᠭᠰᠠᠨ ᠵᠠᠷ ᠮᠡᠳᠡᠭᠡ ᠵᠠᠭᠪᠤᠷ ᠲᠤ ᠣᠷᠣᠭᠤᠯᠪᠠᠯ ᠳᠠᠷᠤᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠦᠨᠳᠦᠰᠦᠯᠡᠯ ᠪᠠᠷᠢᠮᠲᠠ ᠶᠢᠨ ᠵᠦᠢᠯ ᠵᠤᠷᠪᠤᠰ ᠤᠨ ᠤᠭ ᠵᠣᠬᠢᠶᠠᠯ᠂ ᠠᠳᠠᠯᠢ ᠲᠥᠷᠥᠯ ᠤᠨ ᠬᠡᠷᠡᠭ ᠤᠨ ᠵᠢᠱᠢᠶ᠎ᠡ ᠶᠢ ᠰᠢᠢᠳᠪᠦᠷᠢᠯᠡᠭᠰᠡᠨ ᠲᠤᠷᠰᠢᠯᠭ᠎ᠠ ᠵᠢᠴᠢ ᠲᠦᠭᠰᠢᠭᠦᠷᠢ ᠶᠢ ᠰᠢᠢᠳᠪᠦᠷᠢᠯᠡᠬᠦ ᠰᠠᠨᠠᠭᠤᠯᠭ᠎ᠠ ᠶᠢ ᠣᠯᠵᠤ ᠪᠣᠯᠬᠤ ᠪᠠᠷ ᠥᠯᠥ ᠪᠠᠷᠠᠮ᠂ ︽ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠳᠤ ᠦᠨᠳᠦᠰᠦᠯᠡᠯ ᠪᠠᠷᠢᠮᠲᠠ ᠲᠠᠢ᠂ ᠪᠤᠳᠤᠯᠢᠶᠠᠨᠲᠠᠢ ᠬᠡᠷᠡᠭ ᠢ ᠰᠢᠢᠳᠪᠦᠷᠢᠯᠡᠬᠦ ᠳᠤ ᠯᠠᠪᠯᠠᠯᠲᠠ ᠲᠠᠢ ᠪᠠᠶᠢᠬᠤ︾᠎ ᠶᠢ ᠦᠨᠡᠨ ᠬᠦ ᠪᠡᠶᠡᠯᠡᠭᠦᠯᠵᠤ ᠴᠢᠳᠠᠬᠤ ᠪᠣᠯᠣᠨ᠎ᠠ᠃ ᠣᠳᠣᠬᠠᠨ ᠳᠤ᠂ ᠲᠣᠰ ᠵᠠᠭᠪᠤᠷ ᠲᠤ ᠨᠢᠭᠡᠨᠲᠡ ᠨᠡᠶᠢᠲᠡ 200 ᠭᠠᠷᠤᠢ ᠲᠦᠮᠡᠨ ᠦᠰᠦᠭ ᠤᠨ ᠰᠠᠭᠤᠷᠢ ᠳ᠋ᠠᠶᠢᠲ᠋ᠠ ᠶᠢ ᠣᠷᠣᠭᠤᠯᠵᠤ᠂ ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠵᠢᠴᠢ ᠣᠶᠢᠷ᠎ᠠ ᠶᠢᠨ 5 ᠵᠢᠯ ᠤᠨ ᠲᠤᠷᠰᠢᠬᠢ ᠪᠥᠬᠦ ᠤᠯᠤᠰ ᠤᠨ ᠡᠯ᠎ᠡ ᠮᠤᠵᠢ ᠬᠤᠲᠠ ᠶᠢᠨ ᠪᠠᠶᠢᠴᠠᠭᠠᠨ ᠰᠢᠢᠳᠪᠦᠷᠢᠯᠡᠭᠰᠡᠨ ᠬᠠᠤᠯᠢ ᠠᠴᠠ ᠵᠥᠷᠢᠴᠡᠭᠰᠡᠨ 300 ᠭᠠᠷᠤᠢ ᠨᠡᠶᠢᠲᠡᠯᠢᠭ ᠵᠠᠷ ᠮᠡᠳᠡᠭᠡ ᠶᠢᠨ ᠬᠡᠷᠡᠭ ᠤᠨ ᠵᠢᠱᠢᠶ᠎ᠡ ᠶᠢ ᠬᠠᠮᠤᠷᠴᠠᠢ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ