2025 ᠳᠤᠯᠠᠭᠠᠨ ᠬᠤᠲᠠ ᠶᠢᠨ ᠣᠶᠣᠨ ᠤ ᠳᠠᠮᠢᠷ ᠤᠨ ᠬᠦᠳᠡᠯᠭᠡᠭᠡᠨ ᠤ ᠪᠥᠬᠦ ᠤᠯᠤᠰ ᠤᠨ ᠣᠷᠢᠯᠭ᠎ᠠ ᠶᠢᠨ ᠤᠷᠤᠯᠳᠤᠭᠠᠨ ᠤᠷᠳᠤᠰ ᠲᠤ ᠡᠬᠢᠯᠡᠪᠡ
ᠨᠡᠶᠢᠲᠡᠯᠡᠭᠰᠡᠨ ᠴᠠᠭ᠄
2025/2/21
      ᠪᠥᠬᠦ ᠠᠷᠠᠳ ᠤᠨ ᠪᠡᠶ᠎ᠡ ᠴᠢᠬᠢᠷᠬᠠᠵᠢᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠤ᠂ ᠡᠷᠡᠭᠦᠯ ᠡᠩᠬᠡ ᠳᠤᠮᠳᠠᠲᠤ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠠᠷᠠᠳ ᠤᠨ ᠪᠡᠶ᠎ᠡ ᠴᠢᠬᠢᠷᠬᠠᠵᠢᠭᠤᠯᠬᠤ ᠣᠯᠠᠨ ᠨᠡᠶᠢᠲᠡ ᠶᠢᠨ ᠣᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠠᠷᠵᠢᠭᠦᠯᠦᠨ᠂ ᠠᠷᠠᠳ ᠤᠯᠠᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠥᠭᠡ 2 ᠰᠠᠷ᠎ᠠ ᠶᠢᠨ 20᠎ ᠤ ᠡᠳᠤᠷ ᠤᠨ ᠦᠳᠡ ᠶᠢᠨ ᠡᠮᠤᠨ᠎ᠡ᠂ ᠤᠷᠳᠤᠰ ᠬᠤᠲᠠ ᠶᠢᠨ ᠰᠤᠷᠭᠠᠨ ᠬᠦᠮᠤᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠷᠳᠤᠰ ᠬᠤᠲᠠ ᠶᠢᠨ ᠪᠡᠶ᠎ᠡ ᠶᠢᠨ ᠳᠠᠮᠢᠷ ᠤᠨ ᠦᠢᠯᠡᠰ ᠤᠨ ᠬᠥᠭᠵᠢᠭᠦᠯᠤᠯᠲᠡ ᠶᠢᠨ ᠲᠥᠪ  ᠠᠴᠠ ᠳᠠᠭᠠᠭᠠᠴᠢᠯᠠᠨ ᠡᠷᠬᠢᠯᠡᠭᠰᠡᠨ 2025 ᠳᠤᠯᠠᠭᠠᠨ ᠬᠤᠲᠠ ᠶᠢᠨ ᠣᠶᠣᠨ ᠤ ᠳᠠᠮᠢᠷ ᠤᠨ ᠬᠦᠳᠡᠯᠭᠡᠭᠡᠨ ᠤ ᠪᠥᠬᠦ ᠤᠯᠤᠰ ᠤᠨ ᠤᠷᠢᠯᠭ᠎ᠠ ᠶᠢᠨ ᠤᠷᠤᠯᠳᠤᠭᠠᠨ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠡᠬᠢᠯᠡᠪᠡ᠃      ᠲᠣᠰ ᠬᠤᠭᠤᠴᠠᠭᠠᠨ ᠤ ᠣᠶᠣᠨ ᠤ ᠲᠠᠮᠢᠷ ᠤᠨ ᠬᠦᠳᠡᠯᠭᠡᠭᠡᠨ ᠤ ᠪᠥᠬᠦ ᠤᠯᠤᠰ ᠤᠨ ᠤᠷᠢᠯᠭ᠎ᠠ ᠶᠢᠨ ᠤᠷᠤᠯᠳᠤᠭᠠᠨ ᠨᠢ 3 ᠡᠳᠤᠷ ᠶᠠᠪᠤᠭᠲᠠᠵᠤ᠂ ᠮᠢᠭᠮᠡᠨ ᠰᠢᠳᠡᠷ᠎ᠡ᠂ ᠤᠯᠠᠨ ᠤᠯᠤᠰ ᠤᠨ ᠰᠢᠳᠡᠷ᠎ᠡ᠂ ᠮᠣᠩᠭᠤᠯ ᠰᠢᠳᠡᠷ᠎ᠡ᠂ ᠬᠦᠵᠣᠷ ᠵᠡᠷᠭᠡ 7 ᠲᠣᠮᠣ ᠲᠥᠷᠤᠯ 14 ᠪᠠᠭ᠎ᠠ ᠲᠦᠷᠤᠯ ᠲᠣᠬᠢᠷᠠᠭᠤᠯᠪᠠ᠃ ᠣᠷᠣᠯᠳᠤᠭᠠᠨ ᠨᠢ ᠳᠣᠮᠤᠴᠣᠣᠯ ᠤᠨ ᠲᠤᠭᠤᠶᠢᠯᠠᠩ ᠪᠠ ᠵᠠᠯᠠᠭᠤᠴᠤᠳ ᠪᠠᠭᠠᠴᠤᠳ ᠤᠨ ᠳᠤᠭᠤᠶᠢᠯᠠᠩ ᠭᠡᠵᠤ ᠬᠤᠪᠢᠶᠠᠪᠠ᠃ ᠾᠧᠨᠠᠨ᠂ ᠬᠤᠪᠧᠢ᠂ ᠨᠢᠩᠰᠢᠶᠠ ᠵᠡᠷᠭᠡ ᠣᠷᠣᠨ ᠤ ᠭᠠᠳᠠᠨᠠᠬᠢ ᠵᠢᠴᠢ ᠬᠥᠬᠡᠬᠤᠲᠠ᠂ ᠪᠣᠭᠤᠲᠤ᠂ ᠦᠬᠠᠢ ᠵᠡᠷᠭᠡ ᠣᠷᠣᠨ ᠤ ᠳᠣᠲᠣᠷᠠᠬᠢ 510 ᠭᠠᠷᠤᠢ ᠳᠤᠷ᠎ᠠ ᠪᠠᠭ᠋ᠠᠲᠠᠳ ᠣᠷᠣᠯᠴᠠᠪᠠ᠃      ᠡᠨᠡ ᠤᠳᠠᠭᠠᠨ ᠤ ᠤᠷᠤᠯᠳᠤᠭᠠᠨ ᠨᠢ ᠦᠷᠢᠰᠤᠯᠳᠤᠬᠦ ᠴᠢᠨᠠᠷ ᠪᠠ ᠰᠣᠨᠢᠷᠬᠠᠯᠲᠤ ᠴᠢᠨᠠᠷ ᠢ ᠬᠠᠪᠰᠤᠷᠭᠠᠵᠤ᠂ ᠣᠶᠣᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠤᠰ ᠲᠤ ᠴᠤᠭ ᠵᠢᠪᠬᠤᠭ᠎ᠠ ᠪᠠᠨ ᠢᠯᠡᠷᠡᠭᠦᠯᠬᠦ ᠲᠠᠪᠴᠠᠩ ᠬᠠᠩᠭᠠᠭᠰᠠᠨ ᠪᠥᠭᠡᠳ ᠪᠠᠰᠠ ᠪᠥᠬᠦ ᠬᠤᠲᠠ ᠶᠢᠨ ᠬᠡᠪᠴᠢᠶᠠᠨ ᠳᠤ ᠣᠶᠣᠨ ᠤ ᠲᠠᠮᠢᠷ ᠤᠨ ᠬᠦᠳᠡᠯᠭᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠭᠰᠠᠨ ᠪᠠᠶᠢᠨ᠎ᠠ᠃ ᠬᠤᠶᠢᠰᠢᠳᠠ ᠤᠷᠳᠤᠰ ᠬᠤᠲᠠ ᠦᠷᠭᠦᠯᠵᠢᠯᠠᠨ ᠤᠷᠣᠯᠳᠤᠭᠠᠨ ᠢᠶᠠᠷ ᠵᠠᠭᠤᠴᠢ ᠪᠣᠯᠭᠠᠵᠤ᠂ ᠣᠶᠣᠨ ᠤ ᠳᠠᠮᠢᠷ ᠤᠨ ᠬᠦᠳᠡᠯᠭᠡᠭᠡᠨ ᠤ ᠦᠷᠨᠢᠨ ᠬᠥᠭᠵᠢᠬᠦ ᠶᠢ ᠬᠦᠨᠵᠡᠭᠡᠢ ᠠᠬᠢᠭᠤᠯᠤᠨ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠪᠠᠷ ᠪᠠᠶᠢᠨ᠎ᠠ᠃
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ