| ᠤᠷᠳᠤᠰ ᠬᠤᠲᠠ ᠶᠢᠨ ᠳ᠋ᠦᠩᠱᠧᠩ ᠲᠣᠭᠤᠷᠢᠭ ᠤᠨ ᠸᠠᠨ ᠳ᠋ᠠ ᠬᠤᠶᠠᠳᠤᠭᠠᠷ ᠬᠤᠭᠤᠴᠠᠭᠠᠨ ᠤ ᠲᠦᠷᠤᠯ ᠵᠦᠢᠯ ᠤᠨ ᠡᠵᠡᠩᠨᠡᠯᠲᠡ ᠡᠬᠢᠯᠡᠬᠦ ᠠᠴᠠ ᠡᠮᠦᠨᠡᠬᠢ | 100 ᠡᠳᠤᠷ ᠤᠨ ᠳᠠᠩᠭᠠᠷᠢᠭᠯᠠᠬᠤ ᠬᠤᠷᠠᠯ 2 ᠰᠠᠷ᠎ᠠ ᠶᠢᠨ 18 ᠤ ᠡᠳᠤᠷ ᠲᠦᠷᠤᠯ ᠵᠦᠢᠯ ᠤᠨ ᠲᠤᠬᠠᠢ ᠶᠢᠨ ᠲᠠᠯᠠᠪᠠᠢ ᠳᠤ ᠶᠠᠪᠤᠭᠳᠠᠵᠤ᠂ ᠡᠨᠡ ᠨᠢ ᠸᠠᠨ ᠳ᠋ᠠ | ᠬᠤᠶᠠᠳᠤᠭᠠᠷ ᠬᠤᠭᠤᠴᠠᠭᠠᠨ ᠤ ᠲᠦᠷᠤᠯ ᠵᠦᠢᠯ ᠤᠨ ᠪᠦᠳᠦᠭᠡᠨ ᠪᠠᠶᠢᠭᠤᠯᠤᠯᠲᠠ ᠦᠨᠳᠦᠰᠤᠨ ᠳᠡᠭᠡᠨ ᠳᠠᠭᠤᠰᠤᠭᠰᠠᠨ ᠢ ᠬᠠᠷᠠᠭᠤᠯᠵᠤ᠂ ᠵᠢᠱᠢᠯᠲᠡ ᠪᠠᠷ 2025 | ᠣᠨ ᠤ 5 ᠰᠠᠷ᠎ᠠ ᠶᠢᠨ 25 ᠤ ᠡᠳᠦᠷ ᠵᠢᠩᠭᠢᠨᠢ ᠪᠠᠷ ᠡᠵᠡᠩᠨᠠᠯᠲᠡ ᠬᠢᠨ᠎ᠡ᠃ ᠤᠳᠤᠬᠠᠨ ᠳᠤ ᠸᠠᠨ ᠳ᠋ᠠ ᠬᠤᠶᠠᠳᠤᠭᠠᠷ ᠬᠤᠭᠤᠴᠠᠭᠠᠨ ᠤ ᠲᠦᠷᠤᠯ ᠵᠦᠢᠯ ᠤᠨ ᠪᠠᠷᠢᠯᠭ᠎ᠠ | ᠦᠨᠳᠦᠰᠤᠨ ᠳᠡᠭᠡᠨ ᠳᠠᠭᠤᠰᠴᠤ᠂ ᠠᠷᠠᠯᠵᠢᠶᠠᠴᠢᠨ ᠤᠷᠢᠬᠤ ᠠᠵᠢᠯ ᠪᠥᠬᠦ ᠲᠠᠯ᠎ᠠ ᠪᠠᠷ ᠡᠬᠢᠯᠡᠪᠡ᠃ ᠡᠭᠦᠨ ᠳᠤ ᠨᠡᠶᠢᠳᠡ 174 ᠲᠥᠷᠣᠯ ᠲᠡᠮᠳᠡᠭ ᠣᠷᠣᠵᠤ ᠰᠠᠭᠤᠨ᠂ | ᠰᠢᠨ᠎ᠡ ᠪᠠᠷ ᠨᠡᠮᠡᠭᠳᠡᠬᠦ ᠠᠵᠢᠯ ᠤᠨ ᠪᠠᠶᠢᠷᠢ 1000 ᠭᠠᠷᠤᠢ ᠪᠠᠶᠢᠵᠤ᠂ ᠢᠳᠡᠭᠡᠨ ᠤᠮᠳᠠᠭᠠᠨ᠂ ᠵᠤᠭ᠎ᠠ ᠴᠡᠩᠬᠡᠯ᠂ ᠰᠣᠶᠣᠯ ᠵᠡᠷᠭᠡ ᠤᠯᠠᠨ ᠵᠦᠢᠯ ᠤᠨ ᠠᠵᠢᠯ | ᠲᠦᠷᠤᠯ ᠢ ᠬᠠᠮᠤᠷᠪᠠ᠃ ᠬᠤᠶᠠᠳᠤᠭᠠᠷ ᠬᠤᠭᠤᠴᠠᠭᠠᠨ ᠳᠤ 66 ᠲᠦᠷᠤᠯ ᠲᠡᠮᠳᠡᠭ ᠢ ᠲᠦᠯᠤᠪᠵᠢᠭᠦᠯᠵᠦ᠂ ᠡᠭᠦᠨ ᠳᠤ ᠭᠤᠣᠯ ᠳᠡᠯᠭᠡᠭᠦᠷ 6᠂ ᠢᠳᠡᠭᠡᠨ | ᠤᠮᠳᠠᠭᠠᠨ ᠤ ᠨᠡᠷᠡᠲᠣ ᠲᠡᠮᠳᠡᠭ 18᠂ ᠢᠳᠡᠭᠡᠨ ᠤ ᠪᠤᠰᠤ ᠨᠡᠷᠡᠲᠤ ᠲᠡᠮᠳᠡᠭ 42 ᠪᠠᠶᠢᠵᠤ᠂ 62 ᠬᠤᠳᠠᠯᠳᠤᠭᠠᠨ ᠤ ᠡᠷᠤᠭᠡ ᠨᠢᠭᠡᠨᠲᠡ ᠣᠷᠣᠵᠤ᠂ 949% ᠶᠢ | ᠪᠡᠶᠡᠯᠡᠭᠦᠯᠪᠡ᠃ | ᠣᠶᠢᠯᠭᠠᠭᠰᠠᠨ ᠢᠶᠠᠷ᠂ ᠤᠷᠳᠤᠰ ᠬᠤᠲᠠ ᠶᠢᠨ ᠳ᠋ᠦᠩᠱᠧᠩ ᠤᠨ ᠸᠠᠨ ᠳ᠋ᠠ ᠬᠤᠶᠠᠳᠤᠭᠠᠷ ᠬᠤᠭᠤᠴᠠᠭᠠᠨ ᠤ ᠲᠦᠷᠤᠯ ᠵᠦᠢᠯ ᠤᠨ ᠶᠠᠷᠤᠩᠬᠡᠢ ᠪᠡᠯᠡ | ᠤᠷᠤᠭᠤᠯᠤᠯᠲᠠ 8.6ᠳ᠋ᠦᠩᠰᠢᠭᠤᠷ ᠲᠦᠭᠦᠷᠢᠭ᠂ ᠶᠡᠷᠤᠩᠬᠡᠢ ᠡᠵᠡᠯᠡᠬᠦ ᠲᠠᠯᠡᠪᠠᠢ 2.48 ᠲᠦᠮᠡᠨ ᠲᠡᠭᠰᠢ ᠲᠦᠷᠪᠡᠯᠵᠢᠨ ᠮᠧᠲᠷ ᠪᠠᠶᠢᠵᠤ᠂ ᠪᠠᠷᠢᠯᠭ᠎ᠠ ᠶᠢᠨ ᠶᠡᠷᠦᠩᠬᠡᠢ | ᠳᠠᠯᠡᠪᠠᠢ ᠨᠢ 11.3 ᠲᠦᠮᠡᠨ ᠳᠡᠭᠰᠢ ᠳᠥᠷᠪᠡᠯᠵᠢᠨ ᠮᠧᠲᠷ ᠪᠣᠢ᠃ ᠸᠠᠨ ᠳ᠋ᠠ ᠠᠭᠤᠳᠠᠮ ᠳᠠᠯᠡᠪᠠᠢ ᠶᠢᠨ ᠬᠤᠶᠠᠳᠤᠭᠠᠷ ᠬᠤᠭᠤᠴᠠᠭᠠᠨ ᠤ ᠲᠦᠷᠤᠯ ᠵᠦᠢᠯ | ᠡᠵᠡᠩᠨᠡᠯᠲᠠ ᠪᠠᠨ ᠡᠬᠢᠯᠡᠭᠦᠯᠦᠭᠰᠡᠨ ᠤ ᠳᠠᠷᠠᠭ᠎ᠠ᠂ ᠸᠠᠨ ᠳ᠋ᠠ ᠠᠭᠤᠳᠠᠮ ᠳᠠᠯᠠᠪᠠᠢ ᠶᠢᠨ ᠨᠢᠭᠡᠳᠦᠭᠡᠷ ᠬᠤᠭᠤᠴᠠᠭ᠎ᠠ ᠪᠠ ᠠᠯᠲᠠᠨ ᠵᠡᠭᠡᠯᠢ ᠶᠢ ᠠᠭᠤᠰᠤᠯᠴᠠᠭᠤᠯᠤᠨ 20 | ᠲᠦᠮᠡᠨ ᠲᠡᠭᠰᠢ ᠳᠥᠷᠪᠡᠯᠵᠢᠨ ᠮᠧᠲᠷ ᠤᠨ ᠳᠠᠯᠡᠪᠡᠢ ᠲᠠᠢ ᠬᠤᠲᠠ ᠶᠢᠨ ᠳᠣᠮᠳᠠᠬᠢ ᠪᠢᠴᠢᠯ ᠵᠢᠭᠤᠯᠴᠢᠯᠠᠯ ᠰᠡᠯᠡᠭᠦᠴᠡᠯ ᠬᠤᠳᠠᠯᠳᠤᠭᠠᠨ ᠤ ᠲᠥᠪ ᠢ ᠪᠠᠶᠢᠭᠤᠯᠤᠨ᠎ᠠ᠃ | ᠡᠨᠡ ᠨᠢ ᠬᠤᠲᠠ ᠶᠢᠨ ᠠᠷᠠᠳ ᠤᠨ ᠠᠮᠢᠳᠤᠷᠠᠯ ᠢ ᠪᠠᠶᠠᠯᠢᠭᠵᠢᠭᠤᠯᠵᠤ᠂ ᠬᠤᠳᠠ ᠳᠤ ᠰᠢᠨ᠎ᠡ ᠠᠮᠢᠵᠢᠷᠡᠯ ᠤᠨ ᠬᠦᠴᠤᠨ ᠨᠡᠮᠡᠷᠢᠯᠡᠬᠦ ᠪᠠᠷ ᠪᠠᠷᠠᠬᠤ ᠦᠭᠡᠢ ᠪᠠᠰᠠ ᠣᠷᠣᠨ | ᠪᠦᠰᠠ ᠶᠢᠨ ᠬᠡᠷᠡᠭᠯᠡᠭᠡᠨ ᠤ ᠳᠡᠰ ᠲᠡᠪᠰᠢᠬᠦ ᠪᠠ ᠠᠵᠤ ᠠᠬᠤᠢ ᠶᠢᠨ ᠨᠡᠮᠡᠭᠳᠡᠯ ᠢ ᠠᠬᠢᠭᠤᠯᠤᠨ᠎ᠠ᠃ | | | | | | | | | | | | | | | | | | | | | | | |