2 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ | ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠤᠭᠤᠳᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠵᠠᠰᠠᠭ ᠤᠨ ᠣᠷᠳᠣᠨ ᠪᠠ ᠠᠷᠢᠯᠵᠢᠶᠠᠴᠢᠨ ᠤ ᠳᠣᠲᠣᠨᠣ ᠴᠢᠭᠡᠴᠢ ᠬᠠᠷᠢᠴᠠᠭ᠎ᠠ ᠶᠢ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠵᠢᠯᠥᠭᠤᠳᠤᠨ ᠳᠡᠮᠵᠢᠵᠦ᠂ ᠪᠥᠬᠦ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠤᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ | ᠬᠤᠭᠤᠴᠠᠭᠠᠨ ᠳᠠᠬᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠬᠠᠲᠤᠨ ᠭᠤᠣᠯ ᠤᠨ ᠭᠡᠰᠴᠦ ᠡᠬᠢᠯᠡᠬᠦ ᠬᠤᠭᠤᠴᠠᠭᠠᠨ ᠳᠠᠬᠢ ᠰᠦᠩ ᠬᠠᠯᠢᠶ᠎ᠠ ᠶᠢ | ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ | ᠴᠢᠩᠭᠠᠳᠬᠠᠵᠤ᠂ ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ | ᠬᠠᠲᠤᠨ ᠭᠤᠣᠯ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 2024 ᠣᠨ ᠤ ᠪᠦᠬᠦ ᠬᠤᠳᠠ ᠶᠢᠨ ᠬᠢᠨᠠᠨ ᠪᠣᠳᠣᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ 2025 ᠣᠨ ᠤ ᠬᠢᠨᠠᠨ ᠪᠣᠳᠣᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠨᠠᠨ ᠪᠤᠳᠤᠬᠤ | ᠠᠵᠢᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠥᠷᠨᠢᠭᠦᠯᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠶᠢᠨ ᠨᠠᠷᠢᠯᠢᠭ ᠣᠨᠣᠪᠴᠢᠲᠤ ᠴᠢᠨᠠᠷ᠂ ᠨᠡᠪᠲᠡᠯᠬᠦ | ᠴᠢᠨᠠᠷ ᠢ ᠴᠢᠩᠭᠠᠳᠬᠠᠨ᠂ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠶᠢᠨ ᠳᠠᠷᠠᠭᠠᠴᠢ ᠶᠢᠨ ᠠᠯᠬᠤᠮ ᠤᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠬᠢᠨᠠᠨ | ᠪᠤᠳᠤᠬᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠥᠨᠳᠥᠷ ᠬᠢᠷᠢ ᠲᠦᠪᠰᠢᠨ ᠪᠦᠬᠦᠢ ᠬᠢᠨᠠᠨ ᠪᠣᠳᠣᠯᠲᠠ ᠪᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠣᠷᠳᠣᠰ ᠬᠤᠳᠠ ᠶᠢᠨ 2025 ᠣᠨ ᠤ ᠨᠢᠭᠡᠳᠦᠭᠡᠷ ᠤᠯᠠᠷᠢᠯ ᠤᠨ ᠳᠤᠯᠠᠭᠠᠨ ᠬᠤᠳᠠ ᠶᠢᠨ ᠪᠠᠶᠠᠰᠤᠯᠲᠤ ᠬᠤᠳᠠᠯᠳᠤᠭ᠎ᠠ ︿ᠬᠡᠷᠡᠭᠯᠡᠭᠡ ᠶᠢ | ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ﹀︾ ᠠᠵᠢᠯ ᠤᠨ ᠬᠡᠷᠡᠭᠵᠢᠭᠦᠯᠬᠦ ᠲᠥᠰᠥᠯ︾ ᠢ ᠰᠤᠳᠤᠯᠤᠨ ᠬᠢᠨᠠᠨ ᠵᠥᠪᠯᠡᠵᠦ᠂ ᠬᠡᠷᠡᠭᠵᠢᠭᠦᠯᠬᠦ ᠨᠠᠷᠢᠨ | ᠳᠦᠷᠢᠮ ᠢ ᠲᠦᠷᠭᠡᠨ ᠲᠡᠭᠦᠯᠳᠡᠷᠵᠢᠭᠦᠯᠵᠦ᠂ ᠤᠬᠠᠭᠤᠯᠤᠨ ᠳᠡᠯᠭᠡᠷᠡᠭᠦᠯᠬᠦ᠂ ᠨᠥᠬᠦᠪᠦᠷᠢ ᠣᠯᠭᠤᠬᠤ᠂ ᠮᠥᠷᠳᠡᠨ ᠦᠨᠡᠯᠡᠬᠦ ᠵᠡᠷᠭᠡ ᠠᠵᠢᠯ ᠢ ᠰᠠᠶᠢᠲᠤᠷ ᠬᠢᠵᠦ᠂ ᠪᠦᠬᠦ | ᠵᠢᠯ ᠤᠨ ᠬᠡᠷᠡᠭᠯᠡᠭᠡ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ︽ᠣᠷᠳᠣᠰ ᠬᠤᠲᠠ ᠶᠢᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠵᠡᠷᠭᠡ ᠶᠠᠪᠤᠳᠠᠯ ᠤᠳ ᠢ ᠰᠤᠳᠤᠯᠪᠠ᠃ | | ᠬᠤᠷᠠᠯ ᠠᠴᠠ ᠡᠮᠦᠨ᠎ᠡ ᠬᠠᠮᠲᠤ ᠪᠠᠷ ᠬᠠᠤᠯᠢ ᠰᠤᠷᠤᠯᠴᠠᠵᠤ᠂ ᠨᠠᠨᠵᠢᠩ ᠤᠨ ᠬᠢᠨᠠᠨ ᠪᠤᠳᠤᠬᠤ ᠶᠡᠭᠡ ᠰᠤᠷᠭᠠᠭᠤᠯᠢ ᠶᠢᠨ ᠬᠤ ᡁᠢ ᠴᠢᠶᠠᠩ ᠫᠷᠤᠹᠧᠰᠰᠤᠷ ᠢ | ᠤᠷᠢᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠶᠢᠨ ᠲᠤᠬᠠᠢ ᠲᠠᠶᠢᠯᠤᠮᠵᠢ ᠬᠢᠯᠭᠡᠪᠡ᠃ | | | |