2 ᠳ᠋ᠤᠭᠠᠷ ᠰᠠᠷ᠎ᠠ ᠶᠢᠨ 17 ᠤ ᠡᠳᠦᠷ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠪᠡᠭᠡᠵᠢᠩ ᠳᠤ ᠶᠠᠪᠤᠭᠳᠠᠪᠠ᠃ ᠶᠡᠷᠦᠩᠬᠡᠢ | ᠱᠦᠵᠢ ᠰᠢ ᠶᠢᠨ ᠫᠢᠩ ᠰᠠᠭᠤᠳᠠᠯ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠦᠬᠦ ᠲᠠᠯ᠎ᠠ ᠪᠠᠷ | ᠪᠠᠶᠢᠷᠢᠯᠠᠭᠤᠯᠪᠠ᠃ | | | ᠡᠨᠡ ᠪᠣᠯ ᠵᠢᠷᠭᠤᠭᠠᠨ ᠵᠢᠯ ᠭᠠᠷᠤᠢ ᠶᠢᠨ ᠲᠠᠷᠠᠭ᠎ᠠ᠂ ᠶᠡᠷᠦᠩᠬᠡᠢ ᠱᠦᠵᠢ ᠳᠠᠬᠢᠨᠲᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠤ | ᠣᠷᠣᠯᠴᠠᠭᠰᠠᠨ ᠶᠠᠪᠤᠳᠠᠯ ᠪᠣᠯᠣᠨ᠎ᠠ᠃ 2018 ᠣᠨ ᠤ ᠨᠠᠮᠤᠷ ᠤᠨ ᠰᠡᠭᠦᠯᠴᠢ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ | ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠪᠣᠯ ᠪᠢᠳᠡᠨ ᠤ ᠥᠪᠡᠷ ᠤᠨ ᠬᠥᠮᠥᠨ ᠪᠠᠶᠢᠬᠤ ᠶᠣᠰᠣᠲᠠᠢ︾ ᠭᠡᠰᠡᠨ ᠰᠡᠳᠬᠢᠯ ᠢ ᠳᠤᠯᠠᠭᠠᠯᠠᠭᠰᠠᠨ ᠦᠭᠡ ᠨᠢ | ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠪᠢᠯᠡ᠃ ᠡᠨᠡ ᠵᠢᠯ ᠶᠡᠷᠦᠩᠬᠡᠢ ᠱᠦᠵᠢ ᠰᠢ ᠶᠢᠨ ᠫᠢᠩ᠄ ︽ᠨᠠᠮ ᠪᠠ ᠤᠯᠤᠰ ᠨᠡᠶᠢᠭᠡᠮ ᠵᠢᠷᠤᠮ ᠤᠨ ᠦᠨᠳᠦᠰᠦᠨ ᠠᠵᠤ | ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯᠲᠦ ᠠᠵᠤ ᠠᠬᠤᠢ ᠶᠢ ᠥᠴᠥᠬᠡᠨ ᠴᠦ ᠭᠤᠶᠢᠪᠢᠰᠢ ᠦᠭᠡᠢ ᠪᠠᠷ ᠪᠠᠬᠢᠵᠢᠭᠦᠯᠦᠨ | ᠬᠥᠭᠵᠢᠭᠦᠯᠵᠦ᠂ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠢ ᠶᠢᠨ ᠬᠥᠭᠵᠢᠯᠲᠡ ᠶᠢ ᠥᠴᠥᠬᠡᠨ ᠴᠦ ᠭᠤᠶᠢᠪᠢᠰᠢ ᠦᠭᠡᠢ ᠪᠠᠷ ᠵᠣᠷᠢᠭᠵᠢᠭᠤᠯᠤᠨ ᠲᠡᠮᠵᠢᠵᠤ᠂ | ᠬᠥᠲᠥᠯᠥᠨ ᠵᠢᠯᠣᠭᠤᠳᠤᠨ᠎ᠠ︾ ᠭᠡᠵᠦ ᠳᠠᠬᠢᠨᠲᠠ ᠴᠢᠬᠤᠯᠠᠴᠢᠯᠠᠪᠠ᠃ | | | | | | | ᠠᠷᠪᠠ ᠭᠠᠷᠤᠢ ᠵᠢᠯ ᠤᠨ ᠲᠤᠷᠰᠢ᠂ ᠵᠡᠭᠦᠨ ᠡᠮᠦᠨᠡᠲᠦ ᠶᠢᠨ ᠲᠠᠯᠠᠢ ᠳᠠᠭᠠᠤ ᠣᠷᠣᠨ ᠠᠴᠠ ᠪᠠᠷᠠᠭᠤᠨ ᠬᠤᠶᠢᠲᠤ ᠶᠢᠨ ᠬᠢᠯᠢ ᠬᠢᠵᠠᠭᠠᠷ ᠬᠦᠷᠲᠡᠯ᠎ᠡ᠂ ᠤᠯᠠᠮᠵᠢᠯᠠᠯᠲᠤ | ᠦᠢᠯᠡᠳᠬᠡᠯ ᠠᠴᠠ ᠳ᠋ᠢᠭᠢᠲ ᠤᠷᠤᠰᠬᠠᠯ ᠬᠦᠷᠲᠡᠯ᠎ᠡ᠂ ︽ᠬᠠᠮᠤᠭ ᠤᠯᠠᠨ ᠳᠤ ᠪᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠠᠴᠠ ︽ᠪᠦᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ︾ ᠤᠨ ᠪᠦᠲᠦᠭᠡᠨ ᠪᠠᠶᠢᠭᠤᠯᠤᠯᠲᠠ ᠬᠦᠷᠲᠡᠯ᠎ᠡ᠂ ᠶᠡᠷᠦᠩᠬᠡᠢ ᠱᠦᠵᠢ ᠶᠢᠨ ᠰᠢᠨᠵᠢᠯᠡᠨ ᠪᠠᠶᠢᠴᠠᠭᠠᠭᠰᠠᠨ ᠤᠯᠠ ᠮᠥᠷ ᠤᠳ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ︽ᠢᠲᠡᠭᠡᠯ ᠵᠣᠷᠢᠭ ᠢ ᠬᠥᠪᠴᠢᠯᠡᠭᠰᠡᠨ ᠭᠠᠵᠠᠷ ᠤᠨ ᠵᠢᠷᠤᠭ︾ ᠪᠣᠯᠵᠤ ᠬᠤᠯᠪᠣᠯᠳᠤᠭᠰᠠᠨ ᠪᠠᠶᠢᠨ᠎ᠠ᠃ 2023 ᠣᠨ ᠤ | 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢᠨ ᠵᠥᠪᠯᠡᠯ ᠤᠨ ᠠᠩᠬᠠᠳᠤᠭᠠᠷ | ᠤᠳᠠᠭ᠎ᠠ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ︽ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ | ᠰᠠᠨᠠᠯ︾ ᠢ ᠬᠢᠨᠠᠨ ᠵᠥᠪᠯᠡᠵᠦ ᠪᠠᠲᠤᠯᠠᠭᠠᠳ᠂ ᠮᠠᠨ ᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ | ᠵᠢᠷᠤᠮᠯᠠᠯ ᠬᠠᠩᠭᠠᠵᠠᠢ᠃ | ᠥᠨᠥᠳᠥᠷ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠪᠦᠬᠦ ᠪᠥᠮᠪᠥᠷᠴᠡᠭ ᠤᠨ ᠤᠷᠤᠯᠳᠤᠭᠠᠨ ᠤ ᠵᠠᠮ ᠤᠳ ᠢᠶᠠᠷ ᠴᠢᠯᠦᠭᠡᠲᠡᠢ | ᠳᠠᠪᠬᠢᠯᠳᠤᠵᠤ᠂ ᠴᠡᠨᠡᠭ ᠤᠨ ᠬᠤᠪᠢᠰᠬᠠᠯ ᠢᠶᠠᠷ ᠳᠡᠯᠡᠬᠡᠢ ᠶᠢᠨ ᠮᠠᠰᠢᠨ ᠲᠡᠷᠭᠡᠨ ᠤ ᠭᠠᠵᠠᠷ ᠤᠨ ᠵᠢᠷᠤᠭ ᠢ ᠥᠭᠡᠷᠡᠴᠢᠯᠡᠨ ᠪᠢᠴᠢᠵᠦ ᠪᠠᠶᠢᠨ᠎ᠠ︔ ᠰᠢᠨ᠎ᠡ ᠨᠢᠭᠡ ᠦᠶ᠎ᠡ ᠶᠢᠨ | ᠬᠢᠮᠡᠯ ᠭᠠᠷ ᠨᠢ ᠳᠤᠯᠠᠭᠠᠴᠠ᠂ ᠳᠠᠷᠤᠯᠲᠠ ᠶᠢ ᠮᠡᠳᠡᠷᠡᠬᠦ ᠴᠢᠳᠠᠪᠤᠷᠢ ᠶᠢ ᠪᠦᠷᠢᠳᠦᠭᠦᠯᠵᠦ᠂ ᠡᠨᠡ ᠵᠢᠯ ᠶᠡᠭᠡ ᠬᠡᠪᠴᠢᠶᠡᠨ ᠤ ᠬᠡᠮᠵᠢᠶᠡᠯᠡᠨ ᠦᠢᠯᠡᠳᠪᠦᠷᠢᠯᠡᠬᠦ ᠶᠢ ᠤᠭᠲᠤᠬᠤ | ᠪᠣᠯᠣᠨ᠎ᠠ︔ DeepSeek ᠵᠡᠷᠭᠡ ᠤᠯᠤᠰ ᠤᠨ ᠳᠣᠲᠣᠭᠠᠳᠤ ᠳᠤ ᠦᠢᠯᠡᠳᠪᠦᠷᠢᠯᠡᠭᠰᠡᠨ ᠲᠣᠮᠣ ᠵᠠᠭᠪᠤᠷ ᠨᠢ ᠣᠳᠣᠬᠠᠨ ᠳᠤ ᠶᠠᠭ ᠮᠥᠩᠭᠦᠨ ᠭᠦᠢᠯᠭᠡᠭᠡ᠂ ᠡᠮ | ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠳᠤ ᠣᠶᠤᠨᠴᠢᠯᠠᠭᠰᠠᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠺᠣᠳ᠋ ᠢᠶᠠᠷ ᠵᠣᠬᠢᠶᠠᠮᠠᠯ | ᠣᠶᠣᠨ ᠤ ᠮᠡᠷᠭᠡᠵᠢᠯ ᠤᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠵᠤ ᠪᠤᠢ ᠁ 5500 ᠭᠠᠷᠤᠢ ᠲᠦᠮᠡᠨ ᠡᠷᠦᠬᠡ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠳ ᠨᠢ ᠭᠠᠶᠢᠯᠢ ᠲᠠᠲᠠᠪᠤᠷᠢ ᠶᠢᠨ 50%᠂ GDP ᠤᠨ 60%᠂ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ 70%᠂ ᠠᠵᠢᠯ ᠤᠨ | ᠪᠠᠶᠢᠷᠢ ᠶᠢᠨ 80%᠂ ᠠᠵᠤ ᠠᠬᠤᠶᠢᠯᠠᠯ ᠤᠨ ᠲᠣᠭᠠᠨ ᠤ 90% ᠢᠯᠡᠭᠦᠦ ᠶᠢ ᠬᠠᠨᠳᠢᠪᠯᠡᠭ᠌ᠰᠠᠨ ᠲᠡᠳᠦᠢ ᠦᠭᠡᠢ᠂ ︽56789︾ ᠶᠢᠨ ᠠᠤᠭ᠎ᠠ ᠶᠡᠭᠡ ᠬᠦᠦᠷᠨᠢᠯ | ᠳᠤᠮᠳᠠ ᠰᠢᠨ᠎ᠡ ᠡᠭᠦᠳᠦᠯᠲᠡ ᠶᠢᠨ ᠣᠭᠲᠠᠷᠭᠤᠢ ᠶᠢ ᠭᠡᠶᠢᠭᠦᠯᠵᠡᠢ᠃ | ︽ᠤᠯᠤᠰ ᠲᠤ ᠪᠠᠨ ᠵᠢᠳᠬᠦᠬᠦ ᠵᠣᠷᠢᠭ ᠲᠠᠢ ᠪᠠᠶᠢᠬᠤ︾ ᠠᠴᠠ ᠠᠪᠤᠭᠠᠳ ︽ᠬᠠᠮᠲᠤ ᠪᠠᠷ ᠪᠠᠶᠠᠵᠢᠬᠤ ᠵᠠᠮ︾ ᠢ ᠡᠯᠭᠦᠬᠦ ᠬᠦᠷᠲᠡᠯ᠎ᠡ᠂ ︽ᠮᠣᠬᠤᠰᠢ ᠦᠭᠡᠢ | ᠰᠡᠳᠬᠢᠯ ᠢᠶᠠᠷ ᠮᠥᠩᠬᠡ ᠶᠢᠨ ᠦᠢᠯᠡᠰ ᠪᠣᠰᠬᠠᠬᠤ︾ ᠭᠡᠰᠡᠨ ᠴᠢᠷᠮᠠᠶᠢᠯᠭ᠎ᠠ ᠠᠴᠠ ᠠᠪᠤᠭᠠᠳ ︽ᠤᠷᠢᠳ ᠢᠶᠠᠷ ᠪᠠᠶᠠᠵᠢᠭᠰᠠᠨ ᠨᠢ ᠬᠠᠮᠲᠤ ᠪᠠᠷ ᠪᠠᠶᠠᠵᠢᠬᠤ ᠶᠢ ᠠᠬᠢᠭᠤᠯᠬᠤ︾ | ᠵᠠᠮ ᠳᠤ ᠣᠷᠣᠭᠤᠯᠬᠤ ᠬᠦᠷᠲᠡᠯ᠎ᠡ᠂ ᠰᠢᠨ᠎ᠡ ᠴᠠᠭ ᠦᠶ᠎ᠡ ᠶᠢᠨ ᠠᠵᠤ ᠠᠬᠤᠶᠢᠯᠠᠯᠲᠠᠳ ᠤᠨ ᠵᠣᠷᠢᠭ ᠰᠠᠨᠠᠭ᠎ᠠ ᠨᠢ ᠶᠠᠭ ᠥᠭᠡᠳᠡᠯᠡᠨ ᠮᠠᠨᠳᠤᠬᠤ ᠲᠡᠶᠢᠰᠢ ᠬᠥᠭᠵᠢᠵᠦ᠂ | ᠠᠷᠠᠳ ᠠᠴᠠ ᠡᠵᠡᠩᠨᠡᠭᠰᠡᠨ ᠠᠵᠤ ᠠᠬᠤᠢ ᠨᠢ ᠶᠠᠭ ᠶᠡᠷᠦᠩᠬᠡᠢ ᠱᠦᠵᠢ ᠶᠢᠨ ᠵᠢᠷᠤᠭᠯᠠᠭᠰᠠᠨ ᠪᠣᠷᠣ ᠵᠢᠷᠤᠭ ᠰᠢᠭ᠋ ᠢᠶᠠᠷ ᠨᠡᠩ ᠥᠷᠭᠡᠨ ᠠᠭᠤᠳᠠᠮ ᠤᠳᠤᠨ ᠳᠠᠯᠠᠢ | ᠵᠦᠭ ᠤᠷᠤᠭᠰᠢᠯᠠᠨ ᠳᠠᠪᠰᠢᠵᠤ ᠪᠠᠶᠢᠨ᠎ᠠ᠃ | | | | | | | | | | | |