| | | ︵2025 ᠣᠨ ᠤ 1 ᠰᠠᠷ᠎ᠠ ᠶᠢᠨ 1 ᠤ ᠡᠳᠦᠷ︶ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠡᠷᠬᠡᠪᠰᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠣᠳᠣᠬᠠᠨ ᠳᠤ᠂ ᠬᠥᠳᠡᠭᠡ ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ | ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢᠨ ᠵᠡᠷᠭᠡ ᠳᠤ ᠤᠯᠠᠨ ᠤᠯᠤᠰ ᠤᠨ ᠣᠷᠴᠢᠨ ᠲᠣᠭᠤᠷᠢᠨ ᠲᠦᠪᠡᠭ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ | ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠬᠤ ᠲᠣᠭᠲᠠᠭᠠᠯᠲᠤ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠨ᠎ᠠ᠃ ᠠᠶᠤᠯ ᠲᠦᠭᠰᠢᠭᠦᠷᠢ | ᠥᠷᠢᠰᠦᠯᠳᠦᠭᠡᠨ ᠢ ᠠᠷᠭᠠᠴᠠᠭᠠᠬᠤ ᠲᠤᠳᠤᠮ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠠᠭᠤᠷᠢ ᠶᠢ ᠤᠯᠠᠮ ᠪᠠᠬᠢᠵᠢᠭᠦᠯᠬᠦ ᠬᠡᠷᠡᠭᠲᠡᠢ᠃ | 2025 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠶᠢ ᠵᠣᠷᠢᠨ᠂ ᠥᠭᠡᠷᠡᠴᠢᠯᠡᠯᠲᠡ ᠨᠡᠭᠡᠭᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ︽ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠦ ᠲᠦᠮᠡᠨ | ᠲᠤᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ | ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ᠂ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠨᠢᠭᠡ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠦᠨ᠎ᠡ | ︵ᠨᠢᠭᠡ︶ ᠠᠮᠤ ᠪᠤᠳᠠᠭ᠎ᠠ ᠲᠣᠰᠣᠨ ᠤ ᠲᠠᠷᠢᠮᠠᠯ ᠤᠨ ᠶᠡᠭᠡ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ | ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠪᠣᠯᠣᠨ ᠶᠠᠰᠤ ᠴᠢᠨᠠᠷ ᠢ ᠭᠤᠣᠯᠯᠠᠨ ᠳᠡᠭᠡᠭᠰᠢᠯᠡᠭᠦᠯᠵᠦ᠂ ᠠᠮᠤ | ᠪᠤᠳᠠᠭᠠᠨ ᠤ ᠲᠣᠭᠲᠠᠭᠤᠨ ᠤᠨᠠᠯᠲᠠ ᠡᠯᠪᠡᠭ ᠬᠤᠷᠢᠶᠠᠯᠲᠠ ᠶᠢ ᠪᠠᠲᠤᠯᠠᠨ᠎ᠠ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠳᠠ ᠶᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠥᠨᠳᠥᠷ ᠤᠨᠠᠯᠲᠠ ᠥᠨᠳᠥᠷ ᠦᠷ᠎ᠡ ᠠᠰᠢᠭᠲᠤ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠬᠦ | ᠡᠷᠴᠢᠮ ᠢ ᠴᠢᠩᠭᠠᠷᠠᠭᠤᠯᠤᠨ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠶᠡᠭᠡ ᠲᠠᠯᠠᠪᠠᠢ ᠪᠠᠷ ᠤᠨᠠᠯᠲᠠ ᠨᠡᠮᠡᠭᠳᠡᠭᠦᠯᠬᠦ ᠶᠢ ᠠᠬᠢᠭᠤᠯᠤᠨ᠎ᠠ᠃ ᠰᠢᠨ᠎ᠡ | ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠡᠭᠦᠷᠭᠡ ᠶᠢ ᠬᠦᠴᠦᠯᠡᠨ | ᠨᠠᠶᠢᠳᠠᠪᠤᠷᠢᠵᠢᠭᠤᠯᠤᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠰᠢᠷ᠎ᠠ ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠰᠢᠯᠢᠮᠳᠡᠭ᠂ ᠯᠣᠬᠠᠱᠧᠩ ᠢ ᠥᠷᠭᠡᠳᠬᠡᠨ ᠲᠠᠷᠢᠬᠤ ᠳᠠᠯᠳᠠ ᠬᠦᠴᠦᠨ ᠢ ᠠᠭᠤᠳᠠᠯᠤᠨ᠂ ᠲᠣᠰᠣᠨ ᠴᠠᠢ ᠵᠡᠷᠭᠡ ᠮᠣᠳᠣᠯᠢᠭ ᠲᠣᠰᠣᠨ ᠤ ᠮᠠᠲ᠋ᠧᠷᠢᠶᠠᠯ ᠢ | ᠬᠥᠭᠵᠢᠭᠦᠯᠬᠦ ᠶᠢ ᠳᠠᠮᠵᠢᠨ᠎ᠠ᠃ ᠬᠥᠪᠥᠩ᠂ ᠰᠢᠬᠢᠷᠯᠢᠭ ᠮᠠᠲ᠋ᠧᠷᠢᠶᠠᠯ᠂ ᠪᠠᠶᠢᠭᠠᠯᠢᠯᠢᠭ ᠭᠤᠮ ᠵᠡᠷᠭᠡ ᠶᠢᠨ ᠲᠣᠭᠲᠠᠭᠤᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠤᠨ᠎ᠠ᠃ | ︵ᠬᠤᠶᠠᠷ︶ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠲᠡᠳᠬᠦᠨ᠎ᠡ᠃ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠬᠦ | ᠪᠠ ᠲᠣᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠠᠯᠠᠰᠢᠨ ᠦᠬᠡᠷ᠂ ᠰᠠᠭᠠᠯᠢ ᠶᠢᠨ ᠦᠨᠢᠶᠡᠨ ᠤ ᠠᠵᠤ | ᠦᠢᠯᠡᠰ ᠤᠨ ᠬᠦᠴᠢᠷᠳᠡᠯ ᠠᠴᠠ ᠮᠤᠯᠲᠤᠷᠠᠬᠤ ᠶᠢ ᠠᠬᠢᠭᠤᠯᠵᠤ᠂ ᠰᠠᠭᠤᠷᠢ ᠦᠢᠯᠡᠳᠪᠦᠷᠢᠯᠡᠬᠦ ᠴᠢᠳᠠᠪᠤᠷᠢ ᠶᠢ ᠲᠣᠭᠲᠠᠪᠤᠷᠢᠵᠢᠭᠤᠯᠤᠨ᠎ᠠ᠃ ᠪᠠᠺᠲ᠋ᠧᠷᠢ ᠤᠰᠠᠳᠬᠠᠭᠰᠠᠨ | ᠰᠦ ᠶᠢᠨ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ ᠲᠠᠷᠢᠶᠠᠴᠢᠳ ᠤᠨ ᠬᠤᠷᠰᠢᠶ᠎ᠠ ᠪᠠᠷ ᠭᠤᠣᠯ ᠴᠣᠭᠴᠠ | ᠪᠣᠯᠭᠠᠭᠰᠠᠨ ᠰᠦ ᠶᠢᠨ ᠦᠢᠯᠡᠰ ᠤᠨ ᠲᠡᠵᠢᠭᠡᠨ ᠦᠷᠡᠵᠢᠭᠦᠯᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃ ᠭᠠᠭ᠋ᠠᠢ ᠨᠢᠲᠤᠯᠬᠤ ᠳᠤ ᠬᠢᠵᠢᠭ | ᠪᠠᠶᠢᠴᠠᠭᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠳᠠᠯᠠᠵᠤ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠪᠣᠯᠣᠨ ᠬᠥᠮᠥᠨ ᠮᠠᠯ ᠳᠤ ᠴᠥᠮ | ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠡᠪᠡᠰᠦ ᠪᠣᠷᠳᠤᠭ᠎ᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠡᠯᠴᠢᠭᠡᠷ ᠤᠨ ᠮᠠᠯ | ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ᠎ᠡ᠃ | ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ | ᠬᠠᠮᠢᠶᠠᠷᠤᠨ ᠡᠵᠡᠮᠳᠡᠬᠦ ᠪᠠ ︽ᠨᠥᠬᠦᠪᠦᠷᠢᠯᠡᠬᠦ ᠪᠠᠷ ᠡᠵᠡᠯᠡᠬᠦ ᠶᠢ ᠲᠣᠭᠲᠠᠭᠠᠬᠤ︾ ᠶᠢ ᠴᠢᠩᠳᠠᠯᠠᠵᠤ᠂ ᠡᠯ᠎ᠡ ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠵᠤ᠂ ᠮᠤᠵᠢ ᠶᠢᠨ ᠬᠡᠪᠴᠢᠶᠡᠨ ᠳᠠᠬᠢ ᠣᠨ ᠤ ᠲᠠᠷᠢᠶᠠᠨ | ᠭᠠᠵᠠᠷ ᠤᠨ ᠶᠡᠷᠦᠩᠬᠡᠢ ᠬᠡᠮᠵᠢᠶ᠎ᠡ ᠶᠢᠨ ᠬᠥᠳᠡᠯᠦᠩᠭᠦᠢ ᠲᠡᠩᠴᠡᠭᠦᠷᠢ ᠶᠢ ᠦᠨᠡᠨ ᠬᠦ ᠪᠠᠲᠤᠯᠠᠨ᠎ᠠ᠃ ᠨᠥᠬᠦᠪᠦᠷᠢᠯᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ | ᠪᠠ ᠰᠢᠯᠭᠠᠨ ᠠᠪᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠪᠦᠲᠦᠭᠡᠨ | ᠪᠠᠶᠢᠭᠤᠯᠤᠯᠲᠠ᠂ ᠲᠠᠷᠢᠶᠠᠨ ᠭᠠᠵᠠᠷ ᠢ ᠡᠵᠡᠯᠡᠨ ︽ᠨᠠᠭᠤᠷ ᠮᠠᠯᠲᠠᠵᠤ ᠦᠵᠡᠮᠵᠢ ᠪᠦᠲᠦᠭᠡᠬᠦ︾᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ | ᠵᠡᠷᠭᠡ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠨ᠎ᠠ᠃ | ᠦᠨᠳᠦᠰᠦᠨ ᠲᠠᠷᠢᠮᠠᠯ ᠤᠨ ᠵᠦᠢᠯ ᠤᠨ ᠭᠠᠷᠴᠠᠭ ᠢ ᠲᠣᠭᠲᠠᠭᠠᠵᠤ᠂ ᠲᠠᠷᠢᠶᠠᠨ ᠭᠠᠵᠠᠷ ᠤᠨ ᠲᠠᠷᠢᠮᠠᠯ ᠤᠨ ᠬᠡᠷᠡᠭᠴᠡᠭᠡ ᠶᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ | ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠭᠠᠵᠠᠷ ᠪᠣᠯᠭᠠᠬᠤ︾ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠷᠥᠯ ᠬᠤᠪᠢᠶᠠᠨ ᠡᠮᠬᠢ ᠵᠢᠷᠤᠮ ᠲᠠᠢ ᠰᠠᠶᠢᠲᠤᠷ | ᠬᠢᠵᠦ᠂ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ᠂ ᠲᠠᠷᠢᠮᠠᠯ ᠤᠨ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠵᠡᠷᠭᠡ ᠲᠠᠢ ᠤᠶᠠᠯᠳᠤᠭᠤᠯᠤᠨ | ᠴᠢᠬᠤᠯᠠ ᠪᠦᠬᠦᠢ ᠰᠢᠯᠵᠢᠯᠲᠡ ᠶᠢᠨ ᠬᠤᠭᠤᠴᠠᠭ᠎ᠠ ᠶᠢ ᠲᠣᠭᠲᠠᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ | ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠰᠢᠯᠢᠳᠡᠭᠵᠢᠭᠦᠯᠦᠨ᠂ ᠲᠠᠷᠢᠶᠠᠴᠢᠳ ᠤᠨ ᠲᠥᠷᠥᠯ ᠵᠦᠢᠯ ᠤᠨ ᠬᠡᠷᠡᠭᠵᠢᠭᠦᠯᠦᠯᠲᠡ ᠳᠤ ᠪᠥᠬᠦ ᠶᠠᠪᠤᠴᠠ ᠪᠠᠷ | ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ | ᠣᠷᠣᠨ ᠤ ᠢᠳᠡᠭᠳᠡᠯ ᠤᠨ ᠭᠤᠤ᠂ ᠡᠮᠦᠨᠡᠲᠦ ᠣᠷᠣᠨ ᠤ ᠬᠦᠴᠢᠯᠰᠢᠨ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠴᠢᠩᠭᠠᠳᠬᠠᠨ᠎ᠠ᠃ ᠠᠲᠠᠷᠰᠢᠭᠤᠯᠤᠭᠰᠠᠨ | ᠭᠠᠵᠠᠷ ᠢ ᠳᠠᠬᠢᠨ ᠬᠠᠭᠠᠯᠪᠤᠷᠢᠯᠠᠵᠤ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠤᠨ᠎ᠠ᠃ ᠮᠤᠵᠢ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠢ ᠬᠠᠮᠠᠭᠠᠯᠠᠬᠤ | ᠡᠭᠦᠷᠭᠡ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠭᠤᠣᠯ ᠤᠨ ᠵᠠᠮ ᠳᠠᠬᠢ ᠦᠶᠡᠷ ᠶᠠᠪᠤᠭᠤᠯᠬᠤ ᠠᠮᠤᠷ ᠲᠦᠪᠰᠢᠨ ᠢ | ᠨᠥᠯᠥᠭᠡᠯᠡᠬᠦ ᠵᠡᠷᠭᠡ ᠲᠣᠭᠲᠠᠭᠤᠨ ᠪᠤᠰᠤ ᠲᠠᠷᠢᠶᠠᠨ ᠭᠠᠵᠠᠷ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠪᠤᠴᠠᠭᠠᠨ᠎ᠠ᠃ ᠤᠯᠠᠮᠵᠢᠯᠠᠯᠲᠤ ᠱᠠᠲᠤᠨ ᠲᠠᠷᠢᠶᠠᠨ ᠤ | ᠬᠠᠮᠠᠭᠠᠯᠠᠯᠲᠠ ᠶᠢ ᠴᠢᠩᠭᠠᠳᠬᠠᠨ᠎ᠠ᠃ | ︵ᠳᠥᠷᠪᠡ︶ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠬᠠᠮᠵᠢᠯᠴᠠᠨ ᠪᠣᠭᠤᠮᠲᠠ ᠰᠢᠪᠲᠤᠯᠬᠤ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠴᠤᠭᠯᠠᠷᠠᠯ ᠢ ᠬᠥᠲᠥᠯᠥᠨ ᠳᠠᠭᠠᠭᠤᠯᠵᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ | ᠪᠠᠶᠠᠯᠢᠭ ᠬᠦᠴᠦᠨ ᠤ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠨᠠᠨ | ᠹᠠᠨ ᠤ ᠴᠠᠬᠢᠭᠤᠷ ᠤᠨ ᠬᠥᠨᠳᠡᠢ︾ ᠵᠡᠷᠭᠡ ᠴᠢᠬᠤᠯᠠ ᠶᠡᠭᠡ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠦᠢᠯᠡᠳᠦᠯ ᠢ | ᠪᠠᠳᠠᠷᠠᠭᠤᠯᠵᠤ᠂ ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠢ ᠦᠷ᠎ᠡ ᠡᠭᠦᠯᠳᠡᠷ ᠤᠨ ᠰᠢᠪᠲᠤᠯᠤᠯᠲᠠ ᠶᠢ ᠲᠦᠷᠭᠡᠳᠬᠡᠨ᠎ᠡ᠃ ᠠᠮᠢᠳᠤ ᠪᠣᠳᠠᠰ ᠤᠨ ᠦᠷ᠎ᠡ ᠡᠭᠦᠯᠳᠡᠷ | ᠪᠣᠶᠢᠵᠢᠭᠤᠯᠬᠤ ᠠᠵᠤ ᠦᠢᠯᠡᠰᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠲᠣᠨᠣᠭᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠤᠯᠤᠰ ᠲᠠᠭᠠᠨ ᠦᠢᠯᠡᠳᠪᠦᠷᠢᠯᠡᠭᠰᠡᠨ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠮᠠᠰᠢᠨ ᠲᠣᠨᠣᠭᠯᠠᠯ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠦᠷᠭᠡᠳᠬᠡᠵᠦ᠂ | ᠬᠠᠭᠤᠴᠢᠷᠠᠭᠰᠠᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠠᠬᠢᠭᠤᠯᠤᠨ᠎ᠠ᠃ ᠣᠶᠤᠨᠴᠢ ᠲᠠᠷᠢᠶᠠᠯᠠᠩ ᠢ ᠳᠡᠮᠵᠢᠨ ᠬᠥᠭᠵᠢᠭᠦᠯᠵᠦ᠂ | ᠵᠣᠬᠢᠶᠠᠮᠠᠯ ᠣᠶᠤᠨ ᠴᠢᠳᠠᠪᠤᠷᠢ᠂ ᠳ᠋ᠠᠶᠢᠲ᠋ᠠ᠂ ᠳᠣᠣᠷ᠎ᠠ ᠣᠭᠲᠠᠷᠭᠤᠢ ᠵᠡᠷᠭᠡ ᠮᠡᠷᠭᠡᠵᠢᠯ ᠤᠨ ᠬᠡᠷᠡᠭᠯᠡᠭᠡᠨ ᠤ ᠪᠠᠶᠢᠳᠠᠯ ᠢ ᠥᠷᠭᠡᠳᠬᠡᠨ᠎ᠡ᠃ | ︵ᠲᠠᠪᠤ︶ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠲᠠᠷᠢᠶᠠᠯᠠᠩ ᠳᠤ | ᠦᠢᠯᠡᠴᠢᠯᠡᠬᠦ ᠶᠢ ᠴᠢᠩᠭᠠᠳᠬᠠᠨ᠂ ᠭᠠᠮᠰᠢᠭ ᠤᠨ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠦᠨ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠣᠷᠣᠨ | ᠪᠦᠰᠡ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠵᠡᠷᠭᠡ ᠬᠦᠴᠦᠨ ᠢ ᠰᠠᠶᠢᠲᠤᠷ ᠬᠡᠷᠡᠭᠯᠡᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠨ᠎ᠠ᠃ ᠣᠳᠣᠬᠢᠴᠢᠯᠠᠭᠰᠠᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠪᠠᠶᠢᠭᠤᠯᠵᠤ᠂ ᠠᠶᠤᠯ ᠭᠡᠮ ᠲᠠᠢ ᠤᠰᠤᠨ | ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠳᠤᠮᠳᠠ ᠵᠢᠵᠢᠭ ᠭᠤᠣᠯ ᠮᠥᠷᠡᠨ ᠢ ᠵᠠᠰᠠᠬᠤ ᠪᠠ ᠲᠣᠮᠣ ᠳᠤᠮᠳᠠ | ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ | ᠵᠠᠩᠭᠢᠯᠠᠭ᠎ᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠯ᠎ᠠ ᠭᠠᠵᠠᠷ ᠤᠨ | ᠤᠰᠤᠲᠤᠯ ᠤᠨ ᠣᠷᠣᠨ ᠤ ᠵᠠᠰᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ | ᠭᠤᠤ ᠰᠤᠪᠠᠭ ᠤᠨ ᠵᠠᠰᠠᠯᠲᠠ ᠶᠢ ᠠᠬᠢᠭᠤᠯᠵᠤ᠂ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠵᠢᠴᠢ ᠤᠰᠤᠯᠠᠬᠤ ᠪᠠ ᠤᠰᠤ ᠵᠠᠯᠠᠬᠤ ᠲᠥᠬᠦᠭᠡᠷᠦᠮᠵᠢ ᠶᠢ | ᠲᠦᠷᠭᠡᠪᠴᠢᠯᠡᠨ ᠵᠠᠰᠠᠨ ᠰᠡᠷᠭᠦᠭᠡᠨ᠎ᠡ᠃ ᠲᠠᠷᠢᠶᠠᠨ ᠭᠠᠵᠠᠷ ᠤᠨ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠮᠠᠯ ᠤᠨ ᠡᠪᠡᠳᠴᠢᠨ | ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠠᠵᠢᠯ ᠢ ᠰᠠᠶᠢᠲᠤᠷ ᠬᠢᠨ᠎ᠡ᠃ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠲᠤᠲᠤᠷᠭ᠎ᠠ᠂ ᠪᠤᠭᠤᠳᠠᠢ | ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ | ᠦᠢᠯᠡᠳᠪᠦᠷᠢᠯᠡᠭᠴᠢᠳ ᠤᠨ ᠨᠥᠬᠦᠪᠦᠷᠢ᠂ ᠲᠤᠲᠤᠷᠭ᠎ᠠ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠰᠢᠮ᠎ᠡ | ᠬᠦᠴᠦ ᠶᠢ ᠬᠠᠮᠠᠭᠠᠯᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠤ ᠲᠠᠷᠢᠶᠠᠯᠠᠩ ᠤᠨ | ᠳᠠᠭᠠᠳᠬᠠᠯ ᠤᠨ ᠰᠢᠶᠠᠨ ᠤ ᠱᠠᠲᠤᠨ ᠤ ᠳᠠᠭᠠᠳᠬᠠᠯ ᠤᠨ ᠵᠠᠷᠤᠳᠠᠯ ᠳᠤ ᠨᠥᠬᠦᠪᠦᠷᠢ ᠥᠭᠬᠦ ᠶᠢ ᠳᠠᠭᠠᠭᠠᠴᠢᠯᠠᠬᠤ ᠬᠠᠷᠢᠴᠠᠯ ᠢ ᠪᠠᠭᠤᠷᠠᠭᠤᠯᠵᠤ᠂ ᠲᠤᠲᠤᠷᠭ᠎ᠠ᠂ ᠪᠤᠭᠤᠳᠠᠢ᠂ | ᠡᠷᠳᠡᠨᠢ ᠰᠢᠰᠢ᠂ ᠰᠢᠷ᠎ᠠ ᠪᠤᠷᠴᠠᠭ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠳᠠᠭᠠᠳᠬᠠᠭᠤᠯᠬᠤ | ᠲᠠᠯᠠᠪᠠᠶ ᠶᠢ ᠥᠷᠭᠡᠳᠬᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠠᠮᠤ ᠪᠤᠳᠠᠭ᠎ᠠ ᠲᠣᠰᠣᠨ ᠤ ᠲᠠᠷᠢᠮᠠᠯ ᠲᠠᠷᠢᠬᠤ ᠲᠤᠰᠬᠠᠢ ᠵᠦᠢᠯ ᠤᠨ ᠵᠢᠭᠡᠯᠡᠯᠭᠡ ᠳᠤ ᠲᠡᠮ | ᠬᠦᠦ ᠥᠭᠬᠦ ᠲᠤᠷᠰᠢᠯᠲᠠ ᠶᠢᠨ ᠴᠡᠭ ᠥᠷᠨᠢᠭᠦᠯᠬᠦ ᠶᠢ ᠵᠣᠷᠢᠭᠵᠢᠭᠤᠯᠤᠨ᠎ᠠ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠵᠤ ᠨᠥᠬᠦᠪᠦᠷᠢᠯᠡᠬᠦ | ᠤᠷᠮᠠᠰᠢᠭᠤᠯᠤᠨ ᠵᠣᠷᠢᠭᠵᠢᠭᠤᠯᠬᠤ ᠳᠦᠷᠢᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | ᠲᠥᠪ ᠤᠨ ᠨᠢᠭᠡᠳᠦᠯᠲᠡᠢ ᠲᠥᠯᠦᠪᠵᠢᠭᠦᠯᠭᠡ ᠳᠣᠣᠷᠠᠬᠢ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ | ᠬᠥᠨᠳᠡᠯᠡᠨ ᠤ ᠠᠰᠢᠭ ᠲᠤᠰᠠ ᠶᠢᠨ ᠨᠥᠬᠦᠪᠦᠷᠢ ᠶᠢ ᠡᠬᠢᠯᠡᠨ ᠬᠡᠷᠡᠭᠵᠢᠭᠦᠯᠵᠦ᠂ ᠪᠡᠯᠡ ᠮᠥᠩᠭᠦ ᠴᠤᠭᠯᠠᠭᠤᠯᠬᠤ ᠪᠠ ᠬᠤᠪᠢᠶᠠᠷᠢᠯᠠᠬᠤ ᠶᠢ ᠰᠠᠶᠢᠲᠤᠷ ᠬᠢᠨ᠎ᠡ᠃ ᠠᠮᠤ | ᠪᠤᠳᠠᠭᠠᠨ ᠤ ᠭᠠᠷᠤᠯᠲᠠ ᠶᠡᠬᠡᠲᠡᠢ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ | ᠠᠯᠬᠤᠮ ᠠᠯᠬᠤᠮ ᠢᠶᠠᠷ ᠥᠷᠭᠡᠳᠬᠡᠨ᠎ᠡ᠃ | ︵ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠢᠭᠡᠳ ᠦᠢᠯᠡᠳᠪᠦᠷᠢᠯᠡᠯ ᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠷᠭ᠎ᠠ | ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠢᠮᠠᠭᠲᠠ ᠵᠦᠢ | ᠵᠣᠬᠢᠰᠲᠠᠢ ᠲᠦᠪᠰᠢᠨ ᠳᠤ ᠪᠠᠶᠢᠯᠭᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ | ᠢᠳᠡᠪᠬᠢᠵᠢᠯ ᠢ ᠬᠠᠮᠠᠭᠠᠯᠠᠵᠤ᠂ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ | ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠢᠯᠢ ᠶᠢᠨ ᠪᠣᠭᠤᠮᠲᠠ ᠶᠢᠨ ᠠᠮᠢᠳᠤ ᠪᠣᠳᠠᠰ ᠤᠨ ᠠᠮᠤᠷ ᠲᠦᠪᠰᠢᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠤᠬᠢᠷᠠᠯ ᠢ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠢ ᠲᠡᠭᠦᠯᠳᠡᠷᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠶᠢ ᠡᠮᠬᠢ ᠵᠢᠷᠤᠮ ᠲᠠᠢ ᠰᠠᠶᠢᠲᠤᠷ ᠬᠢᠵᠦ᠂ ᠨᠥᠭᠡᠴᠡ ᠠᠮᠤ ᠪᠤᠳᠠᠭᠠᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠵᠢᠱᠢᠯᠲᠡ ᠶᠢ ᠬᠥᠲᠥᠯᠥᠨ | ᠵᠢᠯᠤᠭᠤᠳᠬᠤ ᠶᠢ ᠴᠢᠩᠭᠠᠳᠬᠠᠨ᠎ᠠ᠃ | ︵ᠨᠠᠢᠮᠠ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ | ᠦᠵᠡᠯᠲᠡ ᠶᠢ ᠦᠢᠯᠡᠳᠦᠯᠭᠡᠵᠢᠭᠦᠯᠵᠦ᠂ ᠢᠳᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ ᠣᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ᠃ ᠢᠳᠡᠰᠢᠨ | ᠨᠣᠭᠤᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠶᠡᠭᠡ ᠳᠤᠮᠳᠠ | ᠬᠤᠲᠠ ᠶᠢᠨ ᠡᠷᠭᠢᠨ ᠲᠣᠭᠤᠷᠢᠨ ᠤ ᠣᠳᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠰᠢᠨᠡᠳᠬᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠢᠭᠠᠰᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠯᠤᠰ ᠭᠦᠨ ᠲᠡᠯᠡᠶ ᠳᠤ ᠲᠡᠵᠢᠭᠡᠨ ᠦᠷᠡᠵᠢᠭᠦᠯᠬᠦ ᠶᠢ ᠳᠡᠮᠵᠢᠨ ᠬᠥᠭᠵᠢᠭᠦᠯᠵᠦ᠂ ᠲᠡᠯᠡᠶ ᠳᠡᠭᠡᠷᠡᠬᠢ | ᠮᠠᠯᠵᠢᠯ ᠤᠨ ᠲᠠᠯᠠᠪᠠᠶ ᠶᠢ ᠪᠦᠲᠦᠭᠡᠨ ᠪᠠᠶᠢᠭᠤᠯᠤᠨ᠎ᠠ᠃ ᠣᠶ ᠰᠢᠭᠤᠢ ᠶᠢᠨ ᠢᠳᠡᠭᠡᠨ ᠢ ᠬᠥᠭᠵᠢᠭᠦᠯᠵᠦ᠂ ︽ᠣᠶ ᠰᠢᠭᠤᠢ ᠶᠢᠨ ᠠᠮᠤ ᠶᠢᠨ ᠰᠠᠩ︾ ᠢ ᠪᠠᠶᠠᠯᠢᠭᠵᠢᠭᠤᠯᠤᠨ᠎ᠠ᠃ | ᠢᠳᠡᠰᠢᠨ ᠤ ᠮᠦᠭᠦ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠵᠠᠮᠠᠭ ᠤᠨ ᠲᠦᠷᠦᠯ ᠤᠨ ᠢᠳᠡᠭᠡᠨ ᠢ | ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠠᠮᠢᠳᠤ ᠪᠣᠳᠠᠰ ᠤᠨ ᠲᠠᠷᠢᠶᠠᠯᠠᠩ ᠢ ᠪᠣᠶᠢᠵᠢᠭᠤᠯᠤᠨ ᠬᠥᠭᠵᠢᠭᠦᠯᠵᠦ᠂ ᠰᠢᠨ᠎ᠡ ᠬᠡᠯᠪᠡᠷᠢ ᠶᠢᠨ ᠢᠳᠡᠭᠡᠨ ᠤ ᠡᠬᠢ ᠪᠠᠶᠠᠯᠢᠭ ᠢ | ᠨᠡᠭᠡᠭᠡᠨ᠎ᠡ᠃ ᠠᠮᠤ ᠪᠤᠳᠠᠭ᠎ᠠ ᠪᠣᠯᠣᠨ ᠬᠠᠮ ᠢᠳᠡᠭᠡᠨ ᠢ ᠪᠦᠷᠢᠳᠬᠡᠨ ᠬᠢᠨᠠᠨ ᠬᠡᠮᠵᠢᠬᠦ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠢᠳᠡᠭᠡᠨ ᠤ ᠠᠮᠤᠷ ᠲᠦᠪᠰᠢᠨ ᠪᠠ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠤ | ᠡᠮ ᠤᠨ ᠦᠯᠡᠳᠡᠭᠳᠡᠯ ᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠬᠡᠮᠵᠢᠶ᠎ᠡ ᠶᠢ ᠪᠠᠭᠠᠰᠬᠠᠨ ᠬᠡᠷᠡᠭᠯᠡᠬᠦ ᠶᠢ ᠠᠬᠢᠭᠤᠯᠤᠨ᠎ᠠ᠃ | | ︵ᠵᠢᠰᠦ︶ ᠠᠮᠤ ᠪᠤᠳᠠᠭ᠎ᠠ ᠪᠣᠯᠣᠨ ᠢᠳᠡᠭᠡᠨ ᠢ ᠠᠷᠪᠢᠯᠠᠨ ᠭᠠᠮᠨᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠠᠮᠤ | ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠤᠷᠮᠠᠰᠢᠭᠤᠯᠬᠤ ᠪᠠ | ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠷᠡᠭᠦᠯ ᠢᠳᠡᠭᠡᠨ ᠤᠮᠳᠠᠭᠠᠨ ᠢ ᠶᠡᠭᠡ ᠪᠠᠷ ᠰᠠᠨᠠᠭᠠᠴᠢᠯᠠᠵᠤ᠂ ᠣᠯᠠᠨ ᠨᠡᠶᠢᠲᠡ ᠶᠢᠨ ᠬᠤᠭᠤᠯᠠᠨ ᠭᠡᠷ᠂ | ᠢᠳᠡᠭᠡᠨ ᠤᠮᠳᠠᠭᠠᠨ ᠤ ᠪᠠᠶᠢᠭᠤᠯᠤᠮᠵᠢ ᠵᠡᠷᠭᠡ ᠶᠢᠨ ᠲᠣᠰᠣ ᠬᠡᠷᠡᠭᠯᠡᠬᠦ ᠵᠢᠯᠣᠭᠤᠳᠤᠯᠭ᠎ᠠ ᠶᠢ ᠴᠢᠩᠭᠠᠳᠬᠠᠨ᠂ ᠲᠣᠰᠣ ᠶᠢ ᠪᠠᠭᠠᠰᠬᠠᠬᠤ ᠳᠠᠪᠤᠰᠤ ᠶᠢ ᠪᠠᠭᠠᠰᠬᠠᠬᠤ ᠰᠢᠬᠢᠷ ᠢ | ᠪᠠᠭᠠᠰᠬᠠᠬᠤ ᠪᠠ ᠪᠦᠷᠢᠨ ᠠᠮᠤ ᠪᠤᠳᠠᠭ᠎ᠠ ᠵᠡᠷᠭᠡ ᠢᠳᠡᠭᠡᠨ ᠤᠮᠳᠠᠭᠠᠨ ᠢ ᠳᠡᠯᠭᠡᠷᠡᠭᠦᠯᠦᠨ᠎ᠡ᠃ ᠠᠮᠤ ᠪᠤᠳᠠᠭᠠᠨ ᠤ ᠮᠠᠰᠢᠨ ᠢᠶᠠᠷ ᠬᠤᠷᠢᠶᠠᠵᠤ ᠬᠤᠷᠣᠭᠳᠠᠯ ᠢ ᠪᠠᠭᠠᠰᠬᠠᠬᠤ᠂ | ᠵᠣᠬᠢᠬᠤ ᠬᠡᠮᠵᠢᠶ᠎ᠡ ᠪᠠᠷ ᠪᠣᠯᠪᠠᠰᠤᠷᠠᠭᠤᠯᠬᠤ ᠪᠠ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠶᠢ ᠠᠬᠢᠭᠤᠯᠤᠨ᠎ᠠ᠃ | ᠬᠤᠶᠠᠷ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ | ︵ᠠᠷᠪᠠ︶ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ︽ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠣᠨᠳᠣᠣ | ᠭᠠᠵᠠᠷ ᠲᠤ ᠨᠡᠭᠦᠯᠭᠡᠭᠰᠡᠨ ᠤ ᠳᠠᠷᠠᠭᠠᠬᠢ ᠦᠷᠬᠦᠯᠵᠢᠯᠡᠨ ᠬᠠᠪᠰᠤᠷᠤᠨ ᠲᠡᠳᠬᠦᠬᠦ ᠶᠢ ᠴᠢᠩᠭᠠᠳᠬᠠᠨ᠂ ᠦᠵᠡᠯ ᠰᠠᠨᠠᠭ᠎ᠠ ᠰᠤᠯᠠᠷᠠᠬᠤ᠂ ᠠᠵᠢᠯ ᠰᠤᠯᠠᠷᠠᠬᠤ ᠶᠢ ᠰᠡᠷᠭᠡᠶᠢᠯᠡᠨ᠎ᠡ᠃ | ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠬᠢᠨ | ᠶᠠᠳᠠᠭᠤᠷᠠᠬᠤ ᠪᠤᠶᠤ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠲᠠᠷᠢᠶᠠᠴᠢᠨ ᠡᠷᠦᠬᠡ ᠶᠢ ᠴᠠᠭ ᠲᠤᠬᠠᠢ ᠳᠤᠨᠢ ᠬᠠᠪᠰᠤᠷᠤᠨ ᠲᠡᠳᠬᠦᠬᠦ ᠬᠡᠪᠴᠢᠶᠡᠨ ᠳᠤ | ᠣᠷᠣᠭᠤᠯᠤᠨ᠎ᠠ᠃ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠠᠵᠢᠯ ᠣᠯᠭᠤᠯᠲᠠ ᠶᠢᠨ ᠰᠢᠩᠭᠡᠬᠡᠨ ᠠᠪᠬᠤ ᠴᠢᠳᠠᠪᠤᠷᠢ ᠶᠢ ᠨᠡᠮᠡᠭᠳᠡᠭᠦᠯᠵᠦ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠢᠬᠦ ᠬᠡᠪᠴᠢᠶ᠎ᠡ ᠪᠠ ᠣᠷᠣᠯᠭ᠎ᠠ ᠶᠢ ᠲᠣᠭᠲᠠᠪᠤᠷᠢᠵᠢᠭᠤᠯᠤᠨ᠎ᠠ᠃ ᠪᠠᠬᠢᠵᠢᠭᠦᠯᠬᠦ᠂ ᠳᠡᠰ ᠳᠡᠪᠰᠢᠭᠦᠯᠬᠦ᠂ ᠠᠮᠢᠳᠤᠯᠢᠭ ᠪᠣᠯᠭᠠᠬᠤ᠂ | ᠲᠣᠬᠢᠷᠠᠭᠤᠯᠬᠤ ᠵᠠᠷᠴᠢᠮ ᠶᠣᠰᠣᠭᠠᠷ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠥᠷᠥᠯ | ᠬᠤᠪᠢᠶᠠᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮᠴᠢᠯᠡᠭᠡ᠂ ᠰᠤᠷᠭᠠᠨ ᠬᠥᠮᠦᠵᠢᠯ ᠤᠨ ︽ᠪᠦᠯᠬᠦᠮ ᠪᠠᠶᠢᠭᠤᠯᠬᠤ ᠮᠠᠶ᠋ᠢᠭ︾ ᠣᠨ ᠬᠠᠪᠰᠤᠷᠤᠨ | ᠲᠡᠳᠬᠦᠬᠦ ᠠᠵᠢᠯ ᠢ ᠭᠦᠨᠵᠡᠭᠡᠢ ᠥᠷᠨᠢᠭᠦᠯᠦᠨ᠎ᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠠᠪᠴᠠᠩ ᠤᠨ ᠠᠵᠤ ᠠᠬᠤᠶᠢᠯᠠᠯ ᠪᠠ ᠦᠢᠯᠡᠳᠬᠦᠨ ᠤ ᠬᠠᠮᠢᠶᠠᠷᠤᠯᠲᠠ ᠶᠢ | ᠴᠢᠩᠭᠠᠳᠬᠠᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠪᠣᠯᠣᠨ ᠣᠷᠣᠯᠭ᠎ᠠ ᠪᠠᠭᠠᠲᠠᠢ ᠬᠥᠮᠥᠨ ᠠᠮᠠ᠂ | ᠬᠥᠭᠵᠢᠭᠡᠳᠦᠢ ᠭᠠᠵᠠᠷ ᠣᠷᠣᠨ ᠤ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠪᠠᠶᠢᠭᠤᠯᠤᠯ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠡᠷᠦᠩᠬᠡᠢ ᠦᠨᠡᠯᠡᠯᠲᠡ ᠶᠢᠨ ᠠᠵᠢᠯ ᠢ ᠥᠷᠨᠢᠭᠦᠯᠵᠦ᠂ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ | ᠲᠡᠳᠬᠦᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠰᠤᠳᠤᠯᠤᠨ ᠲᠣᠭᠲᠠᠭᠠᠨ᠎ᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠵᠢᠴᠢ ᠳᠠᠬᠢᠨ | ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠡᠲᠡᠭᠡᠳ ᠢ ᠢᠯᠭᠠᠨ ᠲᠠᠨᠢᠵᠤ ᠮᠠᠭᠠᠳᠯᠠᠨ ᠲᠣᠭᠲᠠᠭᠠᠬᠤ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠦᠨ᠎ᠡ᠃ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠴᠢᠬᠤᠯᠠᠴᠢᠯᠠᠵᠤ᠂ ᠬᠥᠳᠡᠯᠮᠦᠷᠢᠯᠡᠬᠦ ᠴᠢᠳᠠᠪᠤᠷᠢ ᠲᠠᠢ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ | ᠠᠮᠠ ᠶᠢ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ | ᠪᠠᠲᠤᠯᠠᠬᠤ ᠶᠢ ᠴᠢᠩᠭᠠᠳᠬᠠᠵᠤ᠂ ᠬᠥᠭᠵᠢᠭᠡᠳᠦᠢ ᠭᠠᠵᠠᠷ ᠣᠷᠣᠨ ᠤ ᠬᠥᠭᠵᠢᠨ ᠮᠠᠨᠳᠤᠬᠤ ᠶᠢ ᠳᠡᠮᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠨ ᠬᠠᠪᠰᠤᠷᠤᠨ | ᠲᠡᠳᠬᠦᠬᠦ ᠳᠦᠷᠢᠮ ᠢ ᠪᠠᠶᠢᠭᠤᠯᠵᠤ᠂ ᠵᠡᠭᠦᠨ ᠪᠠᠷᠠᠭᠤᠨ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠣᠭᠲᠠᠴᠠ ᠪᠠᠷ ᠳᠠᠮᠵᠢᠭᠤᠯᠤᠨ | ᠵᠦᠷᠢᠶᠡᠴᠢᠯᠡᠭᠰᠡᠨ ᠳᠡᠮᠵᠢᠯᠭᠡ ᠦᠵᠡᠭᠦᠯᠦᠨ᠎ᠡ᠃ | ︵ᠠᠷᠪᠠᠨ ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ ᠣᠷᠣᠭᠤᠯᠤᠯᠲᠠ ᠬᠢᠵᠦ ᠡᠳ᠋ ᠬᠥᠷᠥᠩᠭᠡ ᠪᠦᠷᠢᠯᠳᠦᠭᠦᠯᠬᠦ ᠤᠷᠲᠤ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ | ᠤᠯᠤᠰ ᠠᠴᠠ ᠣᠷᠣᠭᠤᠯᠤᠯᠲᠠ ᠬᠢᠵᠦ ᠪᠦᠷᠢᠯᠳᠦᠭᠰᠡᠨ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠳ᠋ ᠬᠥᠷᠥᠩᠭᠡ ᠶᠢ ᠳᠡᠩᠰᠡᠯᠡᠨ | ᠬᠠᠮᠢᠶᠠᠷᠬᠤ ᠨᠢᠭᠡᠳᠦᠯᠲᠡᠢ ᠡᠬᠡ ᠲᠠᠩᠰᠠ ᠶᠢ ᠪᠠᠶᠢᠭᠤᠯᠤᠨ᠎ᠠ᠃ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠵᠤ᠂ ᠡᠳ᠋ ᠬᠥᠷᠥᠩᠭᠡ ᠶᠢᠨ ᠪᠦᠷᠢᠯᠳᠦᠬᠦ᠂ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ ᠣᠷᠣᠯᠭ᠎ᠠ ᠶᠢ | ᠬᠤᠪᠢᠶᠠᠷᠢᠯᠠᠬᠤ ᠵᠡᠷᠭᠡ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ | ᠥᠷᠲᠡᠭ ᠢ ᠪᠠᠲᠤᠯᠠᠨ ᠦᠷ᠎ᠡ ᠠᠰᠢᠭ ᠢ ᠨᠡᠮᠡᠭᠳᠡᠭᠦᠯᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠳ᠋ ᠬᠥᠷᠥᠩᠭᠡ ᠶᠢᠨ ᠦᠷᠭᠦᠯᠵᠢᠯᠡᠨ ᠦᠢᠯᠡᠳᠦᠯ ᠢᠶᠠᠨ | ᠪᠠᠳᠠᠷᠠᠭᠤᠯᠬᠤ ᠶᠢ ᠠᠬᠢᠭᠤᠯᠤᠨ᠎ᠠ᠃ ᠡᠳ᠋ ᠬᠥᠷᠥᠩᠭᠡ ᠶᠢ ᠲᠥᠷᠥᠯ ᠬᠤᠪᠢᠶᠠᠨ ᠰᠢᠢᠳᠪᠦᠷᠢᠯᠡᠬᠦ ᠳᠦᠷᠢᠮ ᠢ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠦᠷ᠎ᠡ ᠠᠰᠢᠭ ᠢᠶᠠᠷ | ᠳᠣᠣᠷ᠎ᠠ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠳᠡᠮᠵᠢᠨ᠎ᠡ᠃ | ᠭᠤᠷᠪᠠ᠂ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ᠎ᠠ | ︵ᠠᠷᠪᠠᠨ ᠭᠤᠷᠪᠠ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠬᠤ ᠶᠢ | ᠪᠠᠷᠢᠮᠲᠠᠯᠠᠵᠤ᠂ ᠪᠣᠬᠢᠷᠲᠤᠯ ᠦᠭᠡᠢ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠳᠠᠷᠢᠵᠤ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠠᠷᠢᠶᠠᠯᠠᠩ ᠤᠨ ᠲᠥᠷᠥᠯ ᠲᠡᠮᠳᠡᠭ ᠰᠣᠳᠣᠨ | ᠪᠦᠲᠦᠭᠡᠭᠳᠡᠬᠦᠨ ᠢ ᠪᠣᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠤᠨ᠎ᠠ᠃ ᠬᠥᠳᠡᠭᠡ | ᠲᠣᠰᠬᠤᠨ ᠤ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠣᠯᠭᠤᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠤᠨᠴᠠᠯᠢᠬᠵᠢᠭᠰᠠᠨ᠂ ᠰᠣᠳᠣᠨᠵᠢᠭᠰᠠᠨ᠂ | ᠵᠢᠷᠤᠮᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠣᠳᠣ ᠦᠶ᠎ᠡ ᠶᠢᠨ | ᠭᠦᠢᠯᠭᠡᠭᠡᠨ ᠤ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠭᠤᠣᠯ ᠴᠣᠭᠴᠠ ᠬᠠᠩᠭᠠᠯᠭ᠎ᠠ ᠶᠢᠨ ᠬᠡᠯᠬᠢᠶ᠎ᠡ ᠶᠢ ᠬᠠᠮᠵᠢᠯᠴᠠᠨ ᠬᠠᠮᠲᠤ ᠪᠠᠷ | ᠪᠠᠶᠢᠭᠤᠯᠬᠤ ᠶᠢ ᠳᠠᠮᠵᠢᠨ᠎ᠠ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠳᠥᠷᠪᠡ︶ ᠲᠠᠷᠢᠶᠠᠯᠠᠬᠤ ᠡᠷᠦᠬᠡ ᠲᠠᠢ ᠬᠤᠯᠪᠤᠭᠠᠯᠠᠨ ᠲᠠᠷᠢᠶᠠᠴᠢᠨ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ ᠲᠠᠢ ᠬᠤᠯᠪᠣᠭᠳᠠᠭᠤᠯᠬᠤ ᠲᠣᠭᠲᠠᠴᠠ ᠶᠢ ᠪᠦᠷᠢᠨᠰᠢᠭᠦᠯᠵᠦ᠂ ᠲᠠᠷᠢᠶᠠᠯᠠᠬᠤ ᠡᠷᠦᠬᠡ ᠲᠠᠢ ᠬᠤᠯᠪᠤᠭᠠᠯᠠᠨ ᠲᠠᠷᠢᠶᠠᠴᠢᠨ ᠢ ᠳᠠᠶᠢᠴᠢᠯᠠᠬᠤ ᠶᠢ ᠲᠦᠷᠦ ᠶᠢᠨ | ᠪᠣᠳᠣᠯᠭ᠎ᠠ ᠶᠢᠨ ᠬᠡᠯᠪᠠᠶᠢᠯᠲᠡ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠠᠵᠤ ᠠᠬᠤᠶᠢᠯᠠᠯ᠂ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ | ᠬᠢᠭᠡᠳ ᠲᠠᠷᠢᠶᠠᠯᠠᠬᠤ ᠡᠷᠦᠬᠡ ᠵᠡᠷᠭᠡ ᠶᠢᠨ ᠨᠢᠭᠲᠠ ᠬᠤᠯᠪᠣᠭᠠᠯᠠᠬᠤ ᠪᠠ ᠬᠤᠷᠰᠢᠯᠴᠠᠬᠤ ᠶᠢ ᠬᠥᠲᠥᠯᠥᠨ ᠵᠢᠯᠤᠭᠤᠳᠴᠤ᠂ ᠨᠠᠭᠠᠲᠤ ᠵᠠᠬ᠎ᠠ ᠶᠢᠨ ᠣᠷᠣᠯᠭ᠎ᠠ ᠶᠢ ᠪᠠᠲᠤᠯᠠᠨ | ᠬᠤᠪᠢᠶᠠᠷᠢᠯᠠᠬᠤ᠂ ᠬᠤᠪᠢ ᠣᠷᠣᠭᠤᠯᠬᠤ᠂ ᠦᠢᠯᠡᠴᠢᠯᠡᠭᠡ ᠪᠠᠷ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠳ ᠲᠤ ᠠᠵᠤ ᠦᠢᠯᠡᠰ ᠤᠨ | ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠨᠡᠩ ᠢᠯᠡᠭᠦᠦ ᠬᠦᠷᠲᠡᠭᠡᠨ᠎ᠡ᠃ ᠲᠠᠷᠢᠶᠠᠯᠠᠩ ᠬᠥᠳᠡᠭᠡ ᠲᠣᠰᠬᠤᠨ ᠤ ᠬᠦᠷᠢᠶᠡᠨ ᠳᠠᠬᠢ ᠨᠡᠶᠢᠭᠡᠮ ᠤᠨ ᠪᠡᠯᠡ | ᠣᠷᠣᠭᠤᠯᠤᠯᠲᠠ ᠶᠢ ᠵᠢᠷᠤᠮᠵᠢᠭᠤᠯᠤᠨ ᠬᠥᠲᠥᠯᠥᠨ ᠵᠢᠯᠤᠭᠤᠳᠴᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠠᠷᠪᠠᠨ ᠲᠠᠪᠤ︶ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠭᠡᠷ | ᠪᠦᠯᠢ ᠶᠢᠨ ᠡᠵᠡᠩᠨᠡᠯᠲᠡ ᠳᠤ ᠲᠣᠬᠢᠷᠠᠬᠤ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠬᠦᠷᠢᠶ᠎ᠡ ᠬᠠᠰᠢᠶᠠᠨ ᠤ ᠠᠵᠤ ᠠᠬᠤᠢ᠂ ᠣᠶ ᠳᠣᠲᠣᠷᠠᠬᠢ ᠠᠵᠤ ᠠᠬᠤᠢ᠂ ᠠᠷᠠᠳ ᠤᠨ ᠤᠯᠠᠮᠵᠢᠯᠠᠯᠲᠤ ᠰᠠᠭᠤᠴᠠ ᠶᠢᠨ ᠠᠵᠤ ᠠᠬᠤᠢ ᠶᠢ ᠬᠥᠭᠵᠢᠭᠦᠯᠦᠨ᠎ᠡ᠃ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠬᠤ ᠦᠢᠯᠡᠴᠢᠯᠡᠭᠡ | ᠪᠠ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠴᠢᠩᠭᠠᠷᠠᠭᠤᠯᠤᠨ᠂ ᠣᠨᠴᠠᠯᠢᠭᠲᠤ ᠬᠥᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠣᠶᠢᠵᠢᠭᠤᠯᠤᠨ | ᠲᠠᠨᠢᠯᠴᠠᠭᠤᠯᠤᠨ᠎ᠠ᠃ ᠭᠡᠷ ᠤᠨ ᠶᠠᠪᠤᠳᠠᠯ ᠤᠨ ᠦᠢᠯᠡᠴᠢᠯᠡᠭᠡ ᠪᠠᠷ ᠬᠥᠳᠡᠭᠡ ᠲᠤᠰᠬᠤᠨ ᠢ ᠬᠥᠭᠵᠢᠭᠦᠯᠬᠦ ᠠᠵᠢᠯᠯᠠᠭ᠎ᠠ ᠶᠢ ᠠᠬᠢᠭᠤᠯᠤᠨ᠎ᠠ᠃ ᠨᠠᠰᠤ ᠠᠬᠢᠭᠰᠠᠨ ᠬᠥᠯᠥᠰᠦᠨ | ᠠᠵᠢᠯᠴᠢᠨ ᠤ ᠠᠵᠢᠯ ᠣᠯᠭᠤᠯᠲᠠ ᠶᠢ ᠲᠡᠳᠬᠦᠨ ᠳᠡᠮᠵᠢᠬᠦ ᠶᠢ ᠴᠢᠩᠭᠠᠳᠬᠠᠨ᠎ᠠ᠃ ᠬᠥᠯᠥᠰᠦᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢᠨ ᠳᠦᠷᠢᠮ ᠤᠨ ᠪᠦᠬᠦ | ᠲᠠᠯ᠎ᠠ ᠶᠢ ᠬᠠᠮᠤᠷᠬᠤ ᠪᠠ ᠪᠦᠲᠦᠮᠵᠢᠲᠡᠢ ᠠᠵᠢᠯᠯᠠᠬᠤ ᠶᠢ ᠠᠬᠢᠭᠤᠯᠵᠤ᠂ ᠡᠯ᠎ᠡ ᠲᠦᠷᠦᠯ ᠤᠨ ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠵᠠᠯᠠᠷᠠᠭᠤᠯᠤᠨ᠎ᠠ᠃ | ᠰᠢᠶᠠᠨ ᠤ ᠬᠡᠪᠴᠢᠶᠡᠨ ᠤ ᠲᠤᠰ ᠲᠤᠰ ᠤᠨ ᠣᠨᠴᠠᠯᠢᠭ ᠲᠠᠢ ᠠᠵᠤ ᠠᠬᠤᠢ ᠶᠢ ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠪᠠᠷ ᠶᠡᠭᠡ ᠠᠷᠠᠳ ᠢ ᠪᠠᠶᠠᠵᠢᠭᠤᠯᠬᠤ | ᠠᠵᠤ ᠦᠢᠯᠡᠰ ᠢ ᠳᠡᠮᠵᠢᠨ ᠬᠥᠭᠵᠢᠭᠦᠯᠵᠦ᠂ ᠲᠠᠷᠢᠶᠠᠴᠢᠳ ᠤᠨ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ᠲᠣᠭᠠᠴᠢᠯᠠᠭᠰᠠᠨ ᠬᠥᠳᠡᠭᠡ ᠲᠣᠰᠬᠤᠨ ᠤ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ | ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠲᠦᠷᠦᠯ ᠵᠦᠢᠯ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠵᠦ᠂ | ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠤ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠦᠨ᠎ᠡ᠃ | ᠳᠥᠷᠪᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ | ︵ᠠᠷᠪᠠᠨ ᠵᠢᠷᠭᠤᠭ᠎ᠠ︶ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠎ᠡ᠃ | ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠢᠭᠡᠳ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠰᠢᠶᠠᠨ ᠰᠢᠶᠠᠩ ᠤᠨ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠦᠪᠵᠢᠭᠦᠯᠭᠡ ᠶᠢᠨ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠬᠦ ᠪᠠ ᠡᠯᠧᠮᠧᠨ᠋ᠲ ᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠬᠤᠲᠠ ᠬᠥᠳᠡᠭᠡ ᠶᠢᠨ | ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ᠃ ᠠᠶᠢᠯ | ᠲᠣᠰᠬᠤᠨ ᠤ ᠲᠥᠯᠦᠪᠵᠢᠭᠦᠯᠭᠡ ᠶᠢᠨ ᠣᠷᠣᠨ ᠲᠤᠭ᠎ᠠ ᠶᠢᠨ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠢᠯ ᠲᠣᠰᠬᠤᠨ ᠤ | ᠲᠥᠯᠦᠪᠵᠢᠭᠦᠯᠭᠡ ᠶᠢᠨ ᠣᠷᠣᠨ ᠲᠤᠭ᠎ᠠ ᠶᠢ ᠪᠦᠬᠦᠨ ᠢ ᠬᠠᠮᠤᠷᠤᠭᠤᠯᠬᠤ ᠪᠠᠷ ᠱᠠᠭᠠᠷᠳᠠᠵᠤ ᠪᠣᠯᠬᠤ ᠦᠭᠡᠢ᠂ ᠣᠷᠣᠨ ᠲᠤᠭ᠎ᠠ ᠱᠠᠭᠠᠷᠳᠠᠬᠤ ᠦᠭᠡᠢ ᠪᠠᠶᠢᠪᠠᠯ ᠰᠢᠶᠠᠨ | ᠰᠢᠶᠠᠩ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠬᠠᠮᠢᠶᠠᠷᠤᠨ ᠡᠵᠡᠮᠳᠡᠵᠦ ᠬᠥᠲᠥᠯᠥᠨ ᠵᠢᠯᠤᠭᠤᠳᠬᠤ ᠪᠤᠶᠤ ᠶᠡᠷᠦᠩᠬᠡᠢ | ᠳᠦᠷᠢᠮ ᠤᠨ ᠮᠠᠶ᠋ᠢᠭ ᠤᠨ ᠬᠠᠮᠢᠶᠠᠷᠤᠯᠲᠠ ᠶᠢᠨ ᠲᠣᠭᠲᠠᠭᠠᠯ ᠭᠠᠷᠭᠠᠵᠤ ᠪᠣᠯᠣᠨ᠎ᠠ᠃ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠠ ᠳᠡᠰ | ᠳᠠᠷᠠᠭᠠᠯᠠᠯ ᠢ ᠵᠦᠢ ᠵᠣᠬᠢᠰᠲᠠᠢ ᠲᠣᠭᠲᠠᠭᠠᠵᠤ᠂ ᠪᠦᠲᠦᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ᠂ ᠣᠷᠣᠨ ᠪᠦᠰᠡ ᠶᠢᠨ | ᠣᠨᠴᠠᠯᠢᠭ ᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠠᠭᠪᠤᠷ ᠢ ᠬᠠᠶᠢᠨ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠪᠠᠭᠠᠰᠬᠠᠬᠤ | ᠦᠭᠡᠢ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠤᠷᠢᠲᠠᠯ ᠳᠣᠣᠷ᠎ᠠ᠂ ᠰᠢᠶᠠᠨ ᠤ | ᠬᠡᠪᠴᠢᠶ᠎ᠡ ᠪᠠᠷ ᠨᠢᠭᠡᠳᠦᠯᠲᠡᠢ ᠲᠥᠯᠥᠪᠵᠢᠭᠦᠯᠬᠦ ᠨᠢᠭᠡᠴᠢ᠂ ᠰᠢᠶᠠᠩ ᠪᠠᠯᠭᠠᠰᠤ ᠪᠠᠷ ᠦᠨᠳᠦᠰᠦᠨ ᠬᠡᠷᠡᠭᠵᠢᠭᠦᠯᠬᠦ ᠨᠢᠭᠡᠴᠢ ᠪᠣᠯᠭᠠᠭᠰᠠᠨ ᠪᠥᠬᠦ ᠣᠷᠣᠨ ᠪᠦᠰᠡ ᠶᠢᠨ ᠭᠠᠵᠠᠷ | ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ | ︵ᠠᠷᠪᠠᠨ ᠳᠣᠯᠤᠭ᠎ᠠ︶ ᠰᠠᠭᠤᠷᠢ ᠲᠥᠬᠦᠭᠡᠷᠦᠮᠵᠢ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ | ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ᠂ ᠵᠢᠵᠢᠭ ᠬᠡᠯᠪᠡᠷᠢ ᠶᠢᠨ ᠤᠰᠤ ᠬᠠᠩᠭᠠᠬᠤ ᠶᠢ | ᠵᠢᠷᠤᠮᠵᠢᠭᠤᠯᠬᠤ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠥᠳᠡᠭᠡ ᠲᠣᠰᠬᠤᠨ ᠤ ᠤᠰᠤ ᠬᠠᠩᠭᠠᠬᠤ ᠶᠢ ᠰᠢᠶᠠᠨ ᠤ | ᠬᠡᠪᠴᠢᠶ᠎ᠡ ᠨᠢᠭᠡᠳᠦᠯᠲᠡᠢ ᠬᠠᠮᠢᠶᠠᠷᠬᠤ ᠪᠠ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠶᠠᠪᠤᠭᠤᠯᠬᠤ ᠶᠢ ᠬᠡᠷᠡᠭᠵᠢᠭᠦᠯᠵᠦ ᠪᠣᠯᠣᠨ᠎ᠠ᠃ ᠰᠢᠨ᠎ᠡ ᠨᠢᠭᠡ ᠡᠭᠡᠯᠵᠢ ᠶᠢᠨ | ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠵᠢᠴᠢ ᠬᠥᠭᠦᠷᠭᠡ ᠨᠦᠬᠡᠨ | ᠵᠠᠮ ᠤᠨ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠥᠷᠨᠢᠭᠦᠯᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ | ᠵᠠᠮ︾ ᠣᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠨᠥᠬᠦᠴᠡᠯ ᠪᠦᠷᠢᠳᠦᠭᠰᠡᠨ ᠰᠢᠶᠠᠩ ᠪᠠᠯᠭᠠᠰᠤ ᠪᠠ ᠪᠠᠶᠢᠭᠤᠯᠤᠮᠵᠢᠲᠦ ᠲᠣᠰᠬᠤᠨ ᠳᠤ | ᠠᠶᠠᠨᠴᠢᠳ ᠤᠨ ᠲᠡᠷᠭᠡ ᠨᠡᠪᠲᠡᠷᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ ᠤᠰᠤᠨ ᠵᠠᠮ ᠤᠨ ᠵᠠᠮ ᠬᠠᠷᠢᠯᠴᠠᠭᠠᠨ ᠤ ᠨᠥᠬᠦᠴᠡᠯ ᠢ | ᠰᠠᠶᠢᠵᠢᠷᠠᠭᠤᠯᠵᠤ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ ᠰᠢᠤᠳᠠᠨ ᠤ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠦᠷᠭᠡᠨ ᠬᠦᠷᠭᠡᠯᠲᠡ ᠶᠢ | ᠲᠣᠰᠬᠤᠨ ᠳᠤ ᠣᠷᠣᠭᠤᠯᠬᠤ ᠶᠢ ᠭᠦᠨᠵᠡᠭᠡᠶᠢᠷᠡᠭᠦᠯᠵᠦ᠂ ᠲᠣᠰᠬᠤᠨ ᠤ ᠱᠠᠲᠤᠨ ᠤ ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠥᠷᠲᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ | ᠬᠡᠯᠬᠢᠶᠡᠵᠢᠭᠦᠯᠦᠨ ᠡᠵᠡᠩᠨᠡᠵᠦ ᠰᠢᠶᠠᠨ ᠤ ᠬᠡᠪᠴᠢᠶᠡᠨ ᠤ ᠵᠠᠬ᠎ᠠ ᠳᠡᠯᠭᠡᠭᠦᠷ ᠢ ᠪᠠᠶᠢᠷᠢᠰᠢᠭᠤᠯᠬᠤ ᠶᠢ ᠳᠡᠮᠵᠢᠵᠦ᠂ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠ | ᠳᠠᠷᠤᠶᠢᠬᠠᠨ ᠵᠢᠵᠢᠭᠯᠡᠨ ᠬᠤᠳᠠᠯᠳᠤᠬᠤ ᠶᠢ ᠰᠢᠶᠠᠩ ᠪᠠᠯᠭᠠᠰᠤ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠯᠬᠢᠨ ᠠᠬᠢᠭᠤᠯᠵᠤ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠵᠡᠷᠭᠡ ᠶᠢ ᠡᠭᠡᠭᠦᠯᠦᠨ ᠬᠤᠷᠢᠶᠠᠬᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠲᠠᠷᠬᠠᠮᠠᠯ ᠮᠠᠶ᠋ᠢᠭ ᠤᠨ ᠳᠠᠬᠢᠯᠲᠠ ᠡᠨᠧᠷᠭᠢ ᠶᠢ ᠨᠡᠭᠡᠭᠡᠨ ᠠᠰᠢᠭᠯᠠᠬᠤ ᠠᠵᠢᠯ ᠢ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠤᠯᠠᠨ | ᠨᠡᠶᠢᠲᠡ ᠶᠢᠨ ᠴᠠᠬᠢᠯᠭᠠᠨ ᠴᠡᠨᠡᠭᠯᠡᠵᠦ ᠳ᠋ᠢᠶᠠᠨ ᡂᠢ ᠰᠣᠯᠢᠬᠤ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠣᠷᠣᠨ ᠤ | ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠬᠦ ᠪᠠ ᠲᠠᠷᠢᠶᠠᠴᠢᠳ ᠤᠨ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠭᠠᠮᠰᠢᠭᠳᠠᠭᠰᠠᠨ | ᠣᠷᠣᠨ ᠤ ᠭᠠᠮᠰᠢᠭ ᠠᠴᠠ ᠪᠣᠯᠵᠤ ᠨᠤᠷᠠᠵᠤ ᠰᠦᠢᠳᠦᠭᠰᠡᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠬᠤ ᠠᠵᠢᠯ ᠢ ᠰᠠᠶᠢᠲᠤᠷ ᠬᠢᠨ᠎ᠡ᠃ | ︵ᠠᠷᠪᠠᠨ ᠨᠠᠢᠮᠠ︶ ᠬᠥᠳᠡᠭᠡ ᠲᠣᠰᠬᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠣᠨ | ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠲᠦᠪᠰᠢᠨ ᠵᠡᠷᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠬᠥᠳᠡᠭᠡ ᠲᠣᠰᠬᠤᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠠᠵᠢᠯᠲᠠᠨ ᠢ ᠳᠣᠷᠣᠭᠰᠢ | ᠪᠠᠭᠤᠯᠭᠠᠬᠤ ᠪᠠᠷ ᠭᠤᠣᠯᠳᠠᠯᠭ᠎ᠠ ᠪᠣᠯᠭᠠᠨ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠵᠤ᠂ ᠭᠤᠣᠯ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠠᠯᠤᠰ ᠡᠵᠡᠮᠰᠢᠯᠲᠦ | ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠪᠠ ᠲᠣᠰ | ᠵᠢᠯ ᠳᠤ ᠲᠠᠩᠰᠠ ᠲᠠᠶᠢᠯᠤᠭᠰᠠᠨ ᠦᠭᠡᠢ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ | ᠥᠨᠳᠥᠷ ᠲᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠰᠠᠭᠤᠷᠢ ᠨᠠᠰᠤᠵᠢᠯ ᠤᠨ ᠮᠥᠩᠭᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠨᠠᠰᠤᠵᠢᠯ ᠤᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠰᠢᠶᠠᠨ ᠤ ᠬᠡᠪᠴᠢᠶᠡᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠬᠦ | ᠲᠤᠷᠰᠢᠯᠲᠠ ᠶᠢᠨ ᠴᠡᠭ ᠢ ᠥᠷᠨᠢᠭᠦᠯᠦᠨ᠂ ᠲᠣᠰᠬᠤᠨ ᠤ ᠱᠠᠲᠤᠨ ᠤ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠦᠢᠯᠡᠴᠢᠯᠡᠭᠡ ᠥᠷᠨᠢᠭᠦᠯᠬᠦ ᠶᠢ | ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠬᠥᠭᠵᠢᠭᠦᠯᠦᠨ᠎ᠡ᠃ ᠨᠠᠰᠤᠨ ᠳᠤ ᠥᠯᠥ ᠬᠦᠷᠦᠭᠰᠡᠳ ᠢ | ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠪᠠᠲᠤᠯᠠᠭ᠎ᠠ ᠪᠠ ᠡᠷᠡᠭᠦᠯᠵᠢᠯ ᠤᠨ | ᠠᠪᠤᠷᠠᠨ ᠲᠤᠰᠠᠯᠠᠯᠲᠠ ᠶᠢ ᠴᠢᠩᠭᠠᠳᠬᠠᠨ᠎ᠠ᠃ | ︵ᠠᠷᠪᠠ ᠵᠢᠰᠦ︶ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ ᠬᠥᠳᠡᠭᠡ ᠠᠵᠤ ᠠᠬᠤᠢ ᠬᠥᠳᠡᠭᠡ | ᠲᠣᠰᠬᠤᠨ ᠤ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠤᠨ᠎ᠠ᠃ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮᠴᠢᠯᠡᠭᠰᠡᠨ ᠬᠠᠮᠢᠶᠠᠷᠤᠯᠲᠠ | ᠬᠠᠮᠠᠭᠠᠯᠠᠯᠲᠠ ᠪᠠ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ | ᠠᠮᠢᠳᠤᠷᠠᠯ ᠤᠨ ᠪᠣᠬᠢᠷ ᠤᠰᠤ ᠶᠢ ᠵᠠᠰᠠᠬᠤ ᠵᠠᠭᠪᠤᠷ ᠢ ᠰᠣᠩᠭᠤᠵᠤ᠂ ᠵᠣᠷᠯᠣᠩ ᠤᠨ ᠢᠯᠭᠠᠳᠠᠰᠤ ᠪᠠ ᠠᠮᠢᠳᠤᠷᠠᠯ ᠤᠨ ᠪᠣᠬᠢᠷ ᠤᠰᠤ ᠶᠢ ᠬᠠᠮᠵᠢᠯᠴᠠᠨ ᠵᠠᠰᠠᠬᠤ ᠶᠢ | ᠠᠬᠢᠭᠤᠯᠤᠨ᠂ ᠬᠥᠳᠡᠭᠡ ᠲᠣᠰᠬᠤᠨ ᠤ ᠨᠡᠯᠢᠶᠡᠳ ᠶᠡᠭᠡ ᠲᠠᠯᠠᠪᠠᠶ ᠲᠠᠢ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠳᠡᠭᠡ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠡᠬᠢ ᠡᠭᠦᠰᠦᠯ ᠠᠴᠠ ᠨᠢ ᠪᠠᠭᠠᠰᠬᠠᠨ᠂ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠲᠣᠪᠣᠶᠢᠮ᠎ᠠ ᠣᠷᠣᠨ ᠪᠦᠰᠡ ᠶᠢᠨ ᠰᠢᠰᠲ᠋ᠧᠮ ᠲᠠᠢ | ᠵᠠᠰᠠᠯᠲᠠ ᠶᠢ ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ | ᠰᠡᠭᠦᠯ ᠤᠨ ᠤᠰᠤ ᠶᠢ ᠰᠢᠢᠳᠪᠦᠷᠢᠯᠡᠬᠦ ᠶᠢ ᠴᠢᠩᠭᠠᠳᠬᠠᠨ᠎ᠠ᠃ ᠪᠣᠬᠢᠷᠲᠤᠭᠰᠠᠨ ᠲᠠᠷᠢᠶᠠᠨ ᠭᠠᠵᠠᠷ ᠢ ᠠᠶᠤᠯᠭᠦᠢ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠥᠷᠥᠰᠥ ᠰᠢᠷᠣᠢ ᠶᠢᠨ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢ ᠡᠷᠢᠬᠦ ᠪᠠ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠰᠢᠲᠠᠭᠠᠬᠤ ᠶᠢ ᠴᠠᠭᠠᠵᠠᠯᠠᠬᠤ ᠬᠡᠪᠴᠢᠶ᠎ᠡ ᠶᠢ ᠲᠤᠶᠢᠯ ᠤᠨ ᠣᠨᠣᠪᠴᠢᠲᠠᠶ ᠪᠠᠷ ᠬᠤᠪᠢᠶᠠᠷᠢᠯᠠᠨ ᠲᠣᠭᠲᠠᠭᠠᠵᠤ᠂ | ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠢ ᠶᠡᠭᠡ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠬᠠᠮᠵᠢᠯᠴᠠᠭ᠎ᠠ ᠪᠣᠯᠣᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ | ᠴᠢᠩᠭᠠᠷᠠᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ᠠᠮᠢ ᠠᠬᠤᠢ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠬᠡᠮᠥ᠋ᠷᠡᠨ ᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠡᠷᠡᠰ ᠠᠬᠢᠭᠤᠯᠵᠤ᠂ ᠬᠥᠬᠡᠮᠥ᠋ᠷᠡᠨ ᠤ ᠬᠤᠪᠣᠷ | ᠴᠤᠬᠠᠭ ᠮᠥᠬᠦᠬᠦ ᠰᠢᠬᠠᠭᠰᠠᠨ ᠳᠦᠷᠰᠦ ᠶᠢ ᠠᠪᠤᠷᠠᠬᠤ ᠪᠠ ᠴᠢᠬᠤᠯᠠ ᠣᠷᠣᠰᠢᠨ ᠠᠮᠢᠳᠤᠷᠠᠬᠤ ᠭᠠᠵᠠᠷ ᠤᠨ ᠠᠮᠢ ᠠᠬᠤᠢ ᠶᠢ ᠵᠠᠰᠠᠨ ᠰᠡᠷᠭᠦᠭᠡᠬᠦ ᠶᠢ ᠴᠢᠩᠭᠠᠳᠬᠠᠨ᠎ᠠ᠃ | ᠲᠠᠪᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠦᠷᠢᠨᠰᠢᠭᠦᠯᠦᠨ᠎ᠡ | ︵ᠬᠤᠷᠢ︶ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠵᠢᠯᠤᠭᠤᠳᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠤ ᠲᠤᠰᠢᠶᠠᠯ ᠤᠨ ᠬᠤᠭᠤᠴᠠᠭᠠᠨ ᠤ ᠲᠣᠭᠲᠠᠭᠤᠨ | ᠪᠠᠶᠢᠬᠤ ᠶᠢ ᠪᠠᠲᠤᠯᠠᠵᠤ᠂ ᠰᠢᠶᠠᠩ ᠪᠠᠯᠭᠠᠰᠤᠨ ᠤ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠡᠰᠡᠭ | ᠵᠠᠯᠠᠭᠤ ᠺᠠᠳ᠋ᠷᠴᠤᠳ ᠤᠨ ᠬᠥᠳᠡᠭᠡ ᠲᠣᠰᠬᠤᠨ ᠦᠨᠳᠦᠰᠦᠨ ᠱᠠᠲᠤᠨ ᠤ ︽ᠨᠤᠲᠤᠭ ᠤᠰᠤᠨ ᠳᠤ ᠳᠠᠰᠬᠤ ᠦᠭᠡᠢ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠪᠥᠬᠦ ᠤᠯᠤᠰ ᠤᠨ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ ᠲᠣᠷᠣᠶ ᠪᠠᠭᠤᠷᠠᠢ ᠰᠤᠯᠠ ᠵᠠᠳᠠᠭᠠᠢ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ ᠶᠢᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠠᠮ ᠤᠨ ᠭᠡᠰᠢᠭᠦᠨ᠂ ᠺᠠᠳ᠋ᠷ ᠤᠨ ᠬᠥᠮᠦᠵᠢᠯ ᠪᠣᠯᠪᠠᠰᠤᠷᠠᠯ ᠢ | ᠴᠢᠩᠭᠠᠳᠬᠠᠨ᠎ᠠ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠲᠤᠰᠬᠤᠨ ᠤ ᠺᠠᠳ᠋ᠷ ᠢᠯᠠᠩᠭᠤᠶ᠎ᠠ ︽ᠭᠠᠭᠴᠠᠭᠠᠷ ᠬᠤᠶᠠᠷ ᠲᠤᠰᠢᠶᠠᠯ | ᠡᠭᠦᠷᠭᠡᠯᠡᠬᠦ︾ ᠠᠵᠢᠯᠲᠠᠨ ᠤ ᠬᠠᠮᠢᠶᠠᠷᠤᠯᠲᠠ ᠬᠢᠨᠠᠯᠲᠠ ᠶᠢ ᠴᠢᠩᠭᠠᠳᠬᠠᠨ᠎ᠠ᠃ ᠲᠣᠰᠬᠤᠨ ᠤ ᠶᠠᠪᠤᠳᠠᠯ ᠢ ᠢᠯᠡ ᠪᠣᠯᠭᠠᠬᠤ ᠪᠠ ᠠᠷᠠᠳᠴᠢᠯᠠᠯ ᠢᠶᠠᠷ ᠬᠡᠷᠡᠭ ᠵᠥᠪᠯᠡᠬᠦ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠴᠢᠨ ᠲᠦᠮᠡᠨ ᠤ ᠲᠣᠰᠬᠤᠨ ᠤ ᠱᠠᠲᠤᠨ ᠤ ᠬᠡᠷᠡᠭ ᠵᠥᠪᠯᠡᠬᠦ ᠵᠥᠪᠯᠡᠯᠭᠡᠨ ᠳᠤ ᠣᠯᠠᠨ ᠠᠷᠭ᠎ᠠ | ᠵᠠᠮ ᠢᠶᠠᠷ ᠣᠷᠣᠯᠴᠠᠬᠤ ᠶᠢ ᠲᠡᠮᠵᠢᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ | ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠰᠬᠤᠨ ᠳᠤ ᠴᠠᠭᠳᠠᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠢᠨ᠎ᠡ | ᠴᠠᠭ ᠦᠶ᠎ᠡ ᠶᠢᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠢᠷᠤᠮᠵᠢᠯ ᠢ | ᠨᠠᠷᠢᠯᠢᠭᠵᠢᠭᠤᠯᠤᠨ ᠲᠡᠭᠦᠯᠳᠡᠷᠵᠢᠭᠦᠯᠦᠨ᠎ᠡ᠃ | ︵ᠬᠤᠷᠢᠨ ᠨᠢᠭᠡ︶ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠰᠢᠶᠠᠩ ᠪᠠᠯᠭᠠᠰᠤ | ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠪᠥᠬᠦ ᠲᠠᠯ᠎ᠠ ᠪᠠᠷ ᠪᠠᠶᠢᠭᠤᠯᠵᠤ᠂ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠰᠢᠶᠠᠨ | ᠰᠢᠶᠠᠩ ᠠᠴᠠ ᠵᠢᠭᠡᠯᠡᠵᠦ ᠠᠵᠢᠯᠯᠠᠭᠤᠯᠬᠤ ᠠᠵᠢᠯᠲᠠᠨ ᠢ ᠴᠢᠩᠭ᠎ᠠ ᠬᠠᠮᠢᠶᠠᠷᠤᠨ ᠡᠵᠡᠮᠳᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ | ᠦᠨᠳᠦᠰᠦᠨ ᠱᠠᠲᠤᠨ ᠳᠤ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠨ ᠰᠢᠯᠭᠠᠬᠤ ᠠᠵᠢᠯ ᠥᠷᠨᠢᠭᠦᠯᠬᠦ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠳᠤ | ᠬᠤᠯᠪᠣᠭᠳᠠᠭᠰᠠᠨ ᠬᠢᠨᠠᠨ ᠰᠢᠯᠭᠠᠯᠲᠠ ᠶᠢ ᠴᠣᠮᠬᠠᠳᠬᠠᠨ ᠰᠢᠯᠢᠳᠡᠭᠵᠢᠭᠦᠯᠦᠨ᠎ᠡ᠃ ︽ᠨᠢᠭᠡ ᠪᠢᠯᠧᠲ ᠢᠶᠠᠷ ᠦᠭᠡᠶᠢᠰᠭᠡᠬᠦ︾ ᠪᠠ ᠬᠠᠷᠢᠭᠤᠴᠠᠯᠭ᠎ᠠ ᠶᠢᠨ ᠪᠢᠴᠢᠭ ᠲᠣᠭᠲᠠᠬᠤ | ᠵᠦᠢᠯᠡᠰ ᠢ ᠢᠯᠭᠠᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠦᠨᠳᠦᠰᠦᠨ ᠱᠠᠲᠤᠨ ᠳᠤ ᠬᠠᠨᠳᠤᠭᠤᠯᠤᠭᠰᠠᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠳᠡᠰ | ᠳᠠᠷᠠᠭᠠᠯᠠᠯ ᠢ ᠴᠡᠪᠡᠷᠯᠡᠨ ᠨᠡᠶᠢᠳᠬᠡᠵᠦ᠂ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠬᠥᠳᠡᠭᠡ ᠲᠣᠰᠬᠤᠨ ᠤ ᠦᠨᠳᠦᠰᠦᠨ ᠱᠠᠲᠤᠨ ᠤ ᠲᠤᠤᠷᠴᠢᠯᠠᠭᠰᠠᠨ ᠵᠠᠰᠠᠯᠲᠠ ᠶᠢᠨ ︽ᠣᠯᠠᠨ ᠲᠣᠣᠷ ᠢ ᠨᠢᠭᠡᠳᠬᠡᠬᠦ︾ ᠶᠢ ᠠᠬᠢᠭᠤᠯᠤᠨ᠎ᠠ᠃ ︽ᠳᠡᠭᠡᠷ᠎ᠡ ᠱᠠᠲᠤ ᠶᠢᠨ | ᠬᠢ ᠶᠢ ᠬᠠᠰᠤᠵᠤ ᠳᠣᠷᠣᠭᠰᠢ ᠪᠠᠨ ᠨᠥᠬᠦᠪᠦᠷᠢᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠲᠤᠭ᠎ᠠ ᠶᠢᠨ ᠡᠬᠢ ᠪᠠᠶᠠᠯᠢᠭ ᠢ ᠰᠢᠶᠠᠩ ᠪᠠᠯᠭᠠᠰᠤ ︵ᠵᠡᠭᠡᠯᠢ | ᠭᠤᠳᠤᠮᠵᠢ︶ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠂ ᠨᠢᠭᠡᠳᠦᠯᠲᠡᠢ ᠲᠥᠯᠥᠪᠵᠢᠭᠦᠯᠦᠨ ᠬᠡᠷᠡᠭᠯᠡᠨ᠎ᠡ᠃ | ︵ᠬᠤᠷᠢᠨ ᠬᠤᠶᠠᠷ︶ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ | ᠪᠣᠯᠪᠠᠰᠤᠨ ᠬᠥᠳᠡᠭᠡ ᠳᠤᠰᠬᠤᠨ ᠤ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠬᠥᠮᠥᠰ ᠤᠨ | ᠰᠡᠳᠬᠢᠯ ᠳᠤ ᠨᠡᠩ ᠬᠠᠳᠠᠩᠰᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠬᠦ ᠶᠢ ᠠᠬᠢᠭᠤᠯᠤᠨ᠎ᠠ᠃ | ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠣᠢ ᠪᠣᠯᠭᠠᠵᠤ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠨ᠎ᠡ︾ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠡᠶ᠎ᠡ ᠨᠠᠶᠢᠷᠠᠮᠳᠠᠭᠤ ᠭᠡᠷ ᠪᠦᠯᠢ ᠬᠢᠭᠡᠳ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠨ᠎ᠠ᠃ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ | ᠰᠣᠶᠣᠯ ᠤᠨ ᠦᠢᠯᠡᠴᠢᠯᠡᠭᠡ ᠪᠠ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ︽ᠰᠢ ᠵᠦᠴᠦᠭᠡ ᠶᠢ ᠬᠥᠳᠡᠭᠡ ᠲᠣᠰᠬᠤᠨ ᠳᠤ ᠬᠦᠷᠭᠡᠬᠦ︾ ᠵᠡᠷᠭᠡ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠣᠷᠣᠨ ᠨᠤᠲᠤᠭ ᠤᠨ ᠰᠣᠶᠣᠯ ᠤᠨ ᠴᠢᠳᠠᠪᠤᠷᠢᠲᠠᠨ ᠢ ᠲᠡᠳᠬᠦᠨ | ᠳᠡᠮᠵᠢᠬᠦ ᠶᠢ ᠴᠢᠩᠭᠠᠳᠬᠠᠨ᠂ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ | ᠤᠯᠠᠮᠵᠢᠯᠠᠯᠲᠤ ᠠᠶᠢᠯ ᠲᠣᠰᠬᠤᠨ ᠤ ᠣᠨᠴᠠᠯᠢᠭᠲᠤ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ | ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠂ ᠬᠥᠳᠡᠭᠡ ᠲᠣᠰᠬᠤᠨ ᠤ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ | ︵ᠬᠤᠷᠢᠨ ᠭᠤᠷᠪᠠ︶ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠶᠡᠭᠡ ᠬᠡᠮᠵᠢᠶᠡᠨ ᠤ ᠪᠣᠭᠲᠣᠯᠠᠬᠤ | ᠪᠡᠯᠡᠭ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠡᠮᠡᠭᠲᠡᠶᠢᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠤᠷᠤᠭᠯᠠᠵᠤ ᠪᠤᠯᠬᠤ ᠬᠥᠮᠥᠰ ᠲᠤ ᠦᠵᠡᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠤᠷᠤᠭ ᠢᠨᠠᠭ ᠤᠨ ᠦᠢᠯᠡᠴᠢᠯᠡᠭᠡ ᠪᠠ ᠬᠠᠶᠢᠷ᠎ᠠ ᠬᠠᠯᠠᠮᠵᠢ ᠶᠢ ᠴᠢᠩᠭᠠᠳᠬᠠᠨ᠎ᠠ᠃ ᠤᠷᠤᠭ ᠤᠨ ᠬᠠᠪᠰᠤᠷᠤᠨ ᠮᠡᠬᠡᠯᠡᠭᠴᠢ ᠤᠷᠤᠭ ᠮᠡᠬᠡᠯᠡᠭᠴᠢ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠨᠡᠮᠡᠭᠳᠡᠭᠦᠯᠦᠨ᠎ᠡ᠃ ᠳᠡᠭᠡᠳᠦᠰ ᠤᠨ ᠰᠦᠮ᠎ᠡ ᠶᠢᠨ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠮᠢ ᠠᠬᠤᠢ ᠶᠢᠨ ᠣᠷᠣᠰᠢᠭᠤᠯᠭ᠎ᠠ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠠᠶᠢᠷ ᠲᠠᠯ᠎ᠠ ᠬᠠᠷᠠᠵᠤ ᠠᠲᠠᠭᠠᠷᠬᠠᠬᠤ᠂ ᠶᠡᠭᠡ ᠪᠠᠷ ᠪᠡᠯᠡᠳᠬᠡᠵᠦ ᠶᠡᠭᠡ ᠪᠠᠷ ᠬᠢᠬᠦ᠂ ᠳᠥᠭᠦᠮᠬᠡᠨ | ᠠᠰᠠᠷᠠᠵᠤ ᠬᠦᠨᠳᠦ ᠪᠠᠷ ᠣᠷᠣᠰᠢᠭᠤᠯᠬᠤ᠂ ᠳᠤᠷ᠎ᠠ ᠪᠠᠷ ᠣᠷᠣᠰᠢᠭᠤᠯᠬᠤ ᠵᠡᠷᠭᠡ ᠲᠣᠪᠣᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠢᠵᠠᠭᠠᠷᠯᠠᠬᠤ | ᠴᠢᠨᠠᠷᠲᠠᠢ ᠵᠢᠷᠤᠮᠵᠢᠯ ᠪᠠ ᠰᠠᠨᠠᠭᠠᠴᠢᠯᠠᠬᠤ ᠴᠢᠨᠠᠷᠲᠠᠢ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠲᠣᠭᠯᠠᠯᠲᠠ ᠶᠢᠨ ᠵᠠᠬ᠎ᠠ ᠳᠡᠯᠭᠡᠭᠦᠷ ᠢ | ᠵᠢᠷᠤᠮᠵᠢᠭᠤᠯᠵᠤ᠂ ᠪᠣᠯᠬᠢ ᠪᠦᠳᠦᠭᠦᠯᠢᠭ ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠢ ᠴᠡᠭᠴᠡᠯᠡᠨ ᠵᠠᠰᠠᠨ᠎ᠠ᠃ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠨ᠎ᠡ᠃ | | ︵ᠬᠤᠷᠢᠨ ᠳᠥᠷᠪᠡ︶ ᠬᠥᠳᠡᠭᠡ ᠲᠣᠰᠬᠤᠨ ᠤ ᠠᠮᠤᠷ ᠲᠣᠭᠲᠠᠭᠤᠨ ᠢ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠬᠥᠳᠡᠭᠡ ᠲᠣᠰᠬᠤᠨ ᠤ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠢᠳᠡᠪᠬᠢᠲᠡᠢ ᠡᠷᠡᠭᠦᠯ ᠰᠠᠷᠠᠭᠤᠯ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠬᠥᠳᠡᠭᠡ | ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠪᠦᠷᠢᠨᠰᠢᠭᠦᠯᠵᠦ᠂ ︽ᠭᠠᠴᠠᠭ᠎ᠠ ᠲᠣᠰᠬᠤᠨ ᠤ ᠡᠵᠡᠷᠬᠡᠭᠴᠢ︾᠂ | ᠲᠥᠷᠥᠯ ᠤᠭᠰᠠᠭ᠎ᠠ ᠣᠪᠣᠭ ᠲᠦᠷᠦᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠦᠨ ᠳᠡᠯᠭᠡᠷᠡᠬᠦ ᠶᠢ ᠰᠡᠷᠭᠡᠶᠢᠯᠡᠨ ᠬᠤᠷᠢᠭᠯᠠᠨ᠎ᠠ᠃ ᠬᠥᠳᠡᠭᠡ ᠲᠣᠰᠬᠤᠨ ᠤ | ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠵᠣᠭᠤᠰ ᠨᠠᠭᠠᠳᠬᠤ ᠠᠵᠢᠯᠯᠠᠭ᠎ᠠ ᠳᠤ ᠭᠦᠨᠵᠡᠭᠡᠢ | ᠴᠣᠬᠢᠯᠲᠠ ᠥᠭᠴᠦ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠬᠤᠣᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠢ ᠪᠣᠯᠭᠠᠵᠤ᠂ | ᠲᠠᠷᠢᠶᠠᠯᠠᠩ ᠳᠤ ᠬᠤᠯᠪᠣᠭᠳᠠᠭᠰᠠᠨ ᠬᠦᠷᠢᠶᠡᠨ ᠳᠠᠬᠢ ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ ᠵᠡᠷᠭᠡ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠬᠥᠳᠡᠭᠡ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠥᠳᠡᠭᠡ | ᠲᠣᠰᠬᠤᠨ ᠤ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠥᠪᠡᠷ ᠢᠶᠠᠨ ᠭᠡᠷ ᠪᠠᠷᠢᠬᠤ ᠵᠡᠷᠭᠡ ᠬᠦᠷᠢᠶᠡᠨ ᠳᠠᠬᠢ ᠠᠮᠤᠷ ᠲᠦᠪᠰᠢᠨ ᠤ | ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ | ᠵᠢᠷᠭᠤᠭ᠎ᠠ᠂ ᠡᠯᠧᠮᠧᠨ᠋ᠲ ᠢ ᠪᠠᠲᠤᠯᠠᠬᠤ ᠪᠠ ᠲᠣᠬᠢᠷᠠᠭᠤᠯᠭ᠎ᠠ ᠰᠢᠯᠢᠳᠡᠭᠵᠢᠭᠦᠯᠬᠦ ᠪᠠᠶᠢᠭᠤᠯᠤᠯ ᠲᠣᠭᠲᠠᠴᠠ ᠶᠢ ᠬᠦᠴᠦᠯᠡᠨ ᠪᠦᠷᠢᠨᠰᠢᠭᠦᠯᠦᠨ᠎ᠡ | ︵ᠬᠤᠷᠢᠨ ᠲᠠᠪᠤ︶ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ | ︽ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ᠂ ᠪᠠᠭ᠎ᠠ ᠲᠣᠬᠢᠷᠠᠭᠤᠯᠤᠯᠲᠠ ᠬᠢᠬᠦ︾ ᠶᠢ ᠪᠠᠷᠢᠮᠲᠠᠯᠠᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠲᠤᠳᠬᠠᠬᠤ ᠲᠤᠷᠰᠢᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ | ᠪᠦᠬᠦᠯᠢ ᠮᠤᠵᠢ ᠪᠠᠷ ᠢᠶᠠᠨ ᠲᠤᠷᠰᠢᠯᠲᠠ ᠬᠢᠬᠦ ᠬᠡᠪᠴᠢᠶ᠎ᠡ ᠶᠢ ᠥᠷᠭᠡᠳᠬᠡᠨ᠂ ᠤᠷᠲᠤᠳᠬᠠᠨ ᠳᠠᠭᠠᠭᠠᠴᠢᠯᠠᠭᠤᠯᠬᠤ ᠳᠤᠮᠳᠠᠬᠢ ᠵᠥᠷᠢᠴᠡᠯ ᠵᠠᠭᠤᠷᠠᠯᠳᠤᠭᠠᠨ ᠢ ᠲᠣᠬᠢᠲᠠᠢ | ᠨᠠᠮᠳᠠᠭᠤᠯᠵᠤ᠂ ᠵᠣᠩᠬᠢᠯᠠᠬᠤ ᠣᠯᠠᠨ ᠲᠣᠭᠠᠨ ᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠭᠰᠠᠨ ᠭᠠᠵᠠᠷ ᠢ ᠶᠡᠷᠦᠩᠬᠡᠢ ᠳᠤᠨᠢ ᠤᠷᠲᠤᠳᠬᠠᠬᠤ ᠪᠠ ᠲᠣᠭᠲᠠᠭᠤᠨ | ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠳᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠦᠢᠯᠡᠴᠢᠯᠡᠭᠡᠨ ᠤ | ᠳᠦᠷᠢᠮ ᠢ ᠪᠦᠷᠢᠨᠰᠢᠭᠦᠯᠵᠦ᠂ ᠭᠦᠢᠴᠡᠳᠬᠡᠬᠦ ᠲᠤᠭ᠎ᠠ ᠪᠠᠭᠤᠯᠭᠠᠬᠤ᠂ ᠡᠭᠦᠷᠭᠡ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠭᠠᠵᠠᠷ ᠰᠢᠷᠣᠢ ᠶᠢᠨ ᠡᠷᠭᠢᠯᠲᠡ ᠶᠢ | ᠠᠬᠢᠭᠤᠯᠵᠤ ᠪᠣᠯᠬᠤ ᠦᠭᠡᠢ᠃ ᠡᠷᠭᠢᠯᠲᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ᠂ ᠪᠣᠳᠠᠲᠤ ᠶᠠᠭᠤᠮ᠎ᠠ ᠪᠠᠷ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢ | ᠨᠡᠶᠢᠲᠡᠯᠡᠬᠦ ᠪᠠᠷ ᠳᠠᠮᠵᠢᠨ᠂ ᠡᠷᠭᠢᠯᠲᠡ ᠶᠢᠨ ᠵᠠᠷᠤᠳᠠᠯ ᠢ ᠵᠦᠢ ᠵᠣᠬᠢᠰᠲᠠᠢ ᠬᠡᠪᠴᠢᠶᠡᠨ ᠳᠤ ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ | ︵ᠬᠤᠷᠢᠨ ᠵᠢᠷᠭᠤᠭ᠎ᠠ︶ ᠬᠥᠳᠡᠭᠡ ᠲᠣᠰᠬᠤᠨ ᠤ ᠡᠬᠢ ᠪᠠᠶᠠᠯᠢᠭ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠎ᠡ᠃ ᠭᠡᠷ ᠪᠠᠶᠢᠰᠢᠩ ᠭᠠᠵᠠᠷ | ᠰᠢᠷᠣᠢ ᠶᠢ ᠨᠢᠭᠡ ᠴᠣᠭᠴᠠᠵᠢᠭᠤᠯᠤᠭᠰᠠᠨ ᠭᠡᠷ ᠪᠠᠶᠢᠰᠢᠩ ᠤᠨ ᠰᠠᠭᠤᠷᠢ ᠭᠠᠵᠠᠷ ᠤᠨ ᠦᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠲᠠᠷᠢᠶᠠᠴᠢᠨ ᠡᠷᠦᠬᠡ ᠬᠠᠤᠯᠢ ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ | ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠠᠮᠢᠳᠤᠯᠢᠭᠵᠢᠭᠤᠯᠤᠨ ᠠᠰᠢᠭᠯᠠᠬᠤ ᠶᠢ ᠪᠦᠲᠦᠮᠵᠢᠲᠡᠶ ᠪᠡᠶᠡᠯᠡᠭᠳᠡᠬᠦ ᠬᠡᠯᠪᠡᠷᠢ ᠶᠢ ᠰᠦᠪᠡᠭᠴᠢᠯᠡᠨ᠎ᠡ᠃ ᠬᠤᠳᠠ | ᠪᠠᠯᠭᠠᠰᠤᠨ ᠤ ᠰᠠᠭᠤᠭᠠᠯᠢ ᠠᠷᠠᠳ ᠬᠥᠳᠡᠭᠡ ᠲᠣᠰᠬᠤᠨ ᠠᠴᠠ ᠲᠠᠷᠢᠶᠠᠴᠢᠨ ᠤ ᠭᠡᠷ ᠪᠠᠶᠢᠰᠢᠩ᠂ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠬᠤ ᠶᠢ | ᠵᠥᠪᠰᠢᠶᠡᠷᠡᠬᠦ ᠦᠭᠡᠢ᠂ ᠠᠵᠢᠯ ᠠᠴᠠ ᠪᠠᠨ ᠠᠮᠠᠷᠠᠭᠰᠠᠨ ᠺᠠᠳ᠋ᠷ ᠬᠥᠳᠡᠭᠡ ᠲᠣᠰᠬᠤᠨ ᠳᠤ ᠣᠴᠢᠵᠤ ᠭᠠᠵᠠᠷ ᠡᠵᠡᠯᠡᠨ ᠭᠡᠷ ᠪᠠᠷᠢᠬᠤ ᠶᠢ ᠵᠥᠪᠰᠢᠶᠡᠷᠡᠬᠦ ᠦᠭᠡᠢ᠃ ᠬᠥᠳᠡᠭᠡ | ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ | ᠡᠮᠬᠢ ᠵᠢᠷᠤᠮ ᠲᠠᠢ ᠪᠠᠷ ᠠᠬᠢᠭᠤᠯᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠪᠠ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠠᠮᠲᠤ ᠶᠢᠨ ᠣᠷᠣᠯᠭ᠎ᠠ ᠳᠤ | ᠠᠯᠪᠠ ᠪᠠᠷ ᠬᠠᠷᠠᠯᠲᠠ ᠲᠣᠭᠲᠠᠭᠠᠬᠤ ᠦᠭᠡᠢ᠂ ᠬᠠᠮᠲᠤ ᠶᠢᠨ ᠡᠵᠡᠩᠨᠡᠯᠲᠡ ᠶᠢᠨ ᠠᠶᠤᠯ ᠲᠦᠭᠰᠢᠭᠦᠷᠢ ᠪᠠ ᠥᠷᠢ ᠥᠭᠴᠡᠭᠡ ᠶᠢ ᠴᠢᠩᠭ᠎ᠠ ᠬᠢᠵᠠᠭᠠᠷᠯᠠᠨ᠎ᠠ᠃ ᠬᠥᠳᠡᠭᠡ | ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ ᠪᠠ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠰᠬᠠᠢ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠬᠤ ᠪᠠ ᠵᠦᠢ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ | ︵ᠬᠤᠷᠢᠨ ᠳᠣᠯᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢᠨ ᠰᠢᠨ᠎ᠡ ᠶᠢ | ᠡᠭᠦᠳᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠠᠬᠢ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠭᠤᠯᠤᠯᠲᠠ ᠶᠢ ᠤᠷᠢᠳ ᠢᠶᠠᠷ | ᠪᠠᠲᠤᠯᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠷ ᠤᠷᠮᠠᠰᠢᠭᠤᠯᠤᠨ ᠬᠢᠵᠠᠭᠠᠷᠯᠠᠬᠤ ᠶᠢ ᠴᠢᠩᠭᠠᠳᠬᠠᠨ᠎ᠠ᠃ ᠲᠥᠪ ᠤᠨ ᠲᠥᠰᠥᠪ ᠤᠨ ᠳᠣᠲᠣᠷᠠᠬᠢ | ᠪᠡᠯᠡ ᠣᠷᠣᠭᠤᠯᠤᠯᠲᠠ᠂ ᠭᠡᠳᠦ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠢᠭᠡᠯᠡᠯᠭᠡ ᠶᠢᠨ ᠲᠡᠮᠳᠡᠭᠲᠦ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠤᠰ ᠰᠣᠯᠢᠵᠤ ᠠᠪᠬᠤ᠂ ᠬᠠᠳᠠᠭᠠᠯᠠᠮᠵᠢ ᠶᠢᠨ ᠪᠡᠯᠡᠳᠬᠡᠯ | ᠮᠥᠩᠭᠦᠨ ᠤ ᠵᠥᠷᠢᠶᠡᠲᠦ ᠨᠣᠷᠮ᠎ᠠ ᠵᠡᠷᠭᠡ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠪᠡᠯᠡ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠣ ᠲᠤᠰᠬᠠᠢ ᠲᠥᠷᠥᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠠᠮᠵᠢᠨ᠎ᠠ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠠᠷᠢᠶᠠᠯᠠᠩ ᠳᠤ | ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠮᠠᠯ ᠵᠢᠭᠦᠷᠲᠡᠨ ᠤ ᠠᠮᠢᠳᠤ ᠴᠣᠭᠴᠠ᠂ ᠲᠠᠷᠢᠶᠠᠯᠠᠩ ᠤᠨ | ᠲᠥᠬᠦᠭᠡᠷᠦᠮᠵᠢ ᠵᠡᠷᠭᠡ ᠪᠡᠷᠢᠴᠠᠭᠠᠨ ᠤ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢ ᠳᠡᠯᠭᠡᠷᠡᠭᠦᠯᠦᠨ᠎ᠡ᠃ ᠬᠥᠳᠡᠭᠡ ᠲᠣᠰᠬᠤᠨ ᠤ ᠳᠤᠮᠳᠠ ᠪᠠᠭ᠎ᠠ ᠪᠠᠩᠬᠢ ᠶᠢᠨ | ᠲᠠᠷᠢᠶᠠᠯᠠᠩ ᠢ ᠳᠡᠮᠵᠢᠬᠦ ᠪᠠᠭ᠎ᠠ ᠠᠵᠤ ᠠᠬᠤᠶᠢᠯᠠᠯ ᠢ ᠳᠡᠮᠵᠢᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠨᠢᠭᠡ ᠮᠤᠵᠢ ᠳᠤ ᠨᠢᠭᠡ ᠠᠷᠭ᠎ᠠ ᠪᠣᠳᠣᠯᠭ᠎ᠠ︾ ᠪᠠᠷ ᠬᠥᠳᠡᠭᠡ | ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢ ᠲᠦᠷᠭᠡᠳᠬᠡᠵᠦ᠂ ᠭᠠᠴᠠᠭ᠎ᠠ ᠪᠠᠯᠭᠠᠰᠤᠨ ᠤ ᠪᠠᠩᠬᠢ ᠶᠢᠨ ᠥᠭᠡᠷᠡᠴᠢᠯᠡᠯᠲᠡ ᠬᠢᠵᠦ ᠲᠠᠬᠢᠨ ᠵᠣᠬᠢᠶᠠᠨ | ᠨᠡᠶᠢᠳᠬᠡᠬᠦ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠲᠠᠷᠢᠶᠠᠯᠠᠩ ᠤᠨ ᠳᠠᠭᠠᠳᠬᠠᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠬᠥᠭᠵᠢᠭᠦᠯᠬᠦ ᠶᠢ ᠳᠡᠮᠵᠢᠨ᠎ᠡ᠃ ᠬᠥᠳᠡᠭᠡ ᠲᠣᠰᠬᠤᠨ ᠤ ᠡᠯ᠎ᠡ ᠵᠦᠢᠯ ᠤᠨ | ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢᠨ ᠵᠦᠢᠯᠡᠰ ᠤᠨ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠮᠡᠬᠡᠯᠡᠨ ᠠᠪᠬᠤ᠂ ᠦᠯᠡᠳᠡᠭᠡᠨ ᠠᠪᠴᠤ | ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠨ᠎ᠠ᠃ | ︵ᠬᠤᠷᠢᠨ ᠨᠠᠢᠮᠠ︶ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠪᠠ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠲᠠᠷᠢᠶᠠᠴᠢᠳ ᠤᠨ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠵᠤ᠂ ᠬᠥᠳᠡᠭᠡ ᠲᠣᠰᠬᠤᠨ ᠤ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠬᠡᠷᠡᠭᠯᠡᠭᠡᠨ ᠤ ᠴᠢᠳᠠᠪᠤᠷᠢᠲᠠᠨ ᠤ ᠡᠩᠨᠡᠭᠡ ᠶᠢ | ᠪᠤᠵᠠᠭᠠᠶᠢᠷᠠᠭᠤᠯᠤᠨ᠎ᠠ᠃ ᠬᠥᠳᠡᠭᠡ ᠲᠣᠰᠬᠤᠨ ᠤ ᠤᠷᠠᠨ ᠲᠠᠷᠬᠠᠨ ᠢ ᠪᠣᠶᠢᠵᠢᠭᠤᠯᠬᠤ ᠢᠨᠵᠧᠨᠧᠷᠢᠩ ᠢ ᠠᠬᠢᠭᠤᠯᠤᠨ᠎ᠠ᠃ ᠠᠵᠤ ᠦᠢᠯᠡᠰ ᠤᠨ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠳᠤ ᠬᠤᠯᠪᠣᠭᠳᠠᠬᠤ ᠰᠢᠨᠵᠢᠯᠡᠭᠡᠨ ᠤ ᠲᠤᠰᠬᠠᠢ ᠮᠡᠷᠭᠡᠵᠢᠯ ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ | ᠲᠠᠷᠢᠶᠠᠯᠠᠩ ᠳᠤ ᠬᠤᠯᠪᠣᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠪᠣᠯᠣᠨ | ᠲᠠᠷᠢᠶᠠᠯᠠᠩ ᠤᠨ ᠠᠵᠤ ᠠᠬᠤᠶᠢᠯᠠᠯ ᠵᠡᠷᠭᠡ ᠶᠢᠨ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠤᠨ᠎ᠠ᠃ | ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ᠂ ᠣᠨᠴᠠᠭᠠᠢ ᠠᠵᠢᠯ ᠤᠨ | ᠪᠠᠶᠢᠷᠢ ᠶᠢᠨ ᠲᠥᠯᠥᠪᠯᠡᠭᠡ᠂ ᠣᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠵᠡᠷᠭᠡ ᠦᠨᠳᠦᠰᠦᠨ ᠱᠠᠲᠤᠨ ᠤ | ᠦᠢᠯᠡᠴᠢᠯᠡᠭᠡᠨ ᠤ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠡᠮᠡᠭᠲᠡᠶᠢᠴᠦᠳ ᠤᠨ ᠬᠦᠰᠡᠯ ᠵᠡᠭᠦᠳᠦ ᠪᠠᠨ | ᠬᠥᠭᠡᠭᠡᠴᠡᠯᠳᠦᠭᠴᠢ ᠶᠢᠨ ᠲᠥᠯᠥᠪᠯᠡᠭᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤ ᠨᠠᠰᠤᠨ ᠤ ᠭᠠᠪᠢᠶ᠎ᠠ ᠪᠠᠶᠢᠭᠤᠯᠬᠤ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠥᠳᠡᠭᠡ ᠲᠣᠰᠬᠤᠨ ᠳᠤ ᠦᠨᠳᠦᠰᠦᠯᠡᠵᠦ ᠲᠠᠷᠢᠶᠠᠯᠠᠩ ᠢ | ᠳᠡᠮᠵᠢᠨ ᠲᠠᠷᠢᠶᠠᠴᠢᠳ ᠲᠤ ᠠᠰᠢᠭ ᠬᠦᠷᠲᠡᠭᠡᠬᠦ ᠶᠢ ᠳᠡᠮᠵᠢᠨ᠎ᠡ᠃ ᠣᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠢ ᠲᠥᠯᠥᠪᠯᠡᠭᠡ ᠶᠢ ᠦᠷᠭᠦᠯᠵᠢᠯᠡᠨ | ᠬᠡᠷᠡᠭᠵᠢᠭᠦᠯᠦᠨ᠎ᠡ᠃ ᠬᠤᠳᠠ ᠶᠢᠨ ᠴᠢᠳᠠᠪᠤᠷᠢᠲᠠᠨ ᠤ ᠬᠥᠳᠡᠭᠡ ᠲᠣᠰᠬᠤᠨ ᠳᠤ ᠦᠢᠯᠡᠴᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠰᠢᠯᠭᠠᠨ | ᠲᠣᠭᠲᠠᠭᠠᠬᠤ ᠤᠷᠢᠵᠤ ᠬᠡᠷᠡᠭᠯᠡᠬᠦ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠬᠤᠷᠢ ᠵᠢᠰᠦ︶ ᠣᠶ ᠰᠢᠭᠤᠢ᠂ ᠠᠲᠠᠷ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠤᠨ᠎ᠠ᠃ ᠬᠠᠮᠲᠤ ᠶᠢᠨ ᠤᠢ ᠰᠢᠭᠤᠢ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠢ ᠮᠣᠳᠣ ᠶᠢ ᠣᠭᠲᠣᠯᠬᠤ | ᠬᠠᠮᠢᠶᠠᠷᠤᠯᠲᠠ ᠶᠢᠨ ᠳᠦᠷᠢᠮ ᠢ ᠲᠣᠬᠢᠷᠠᠭᠤᠯᠤᠨ ᠰᠢᠯᠢᠳᠡᠭᠵᠢᠭᠦᠯᠵᠦ᠂ ᠡᠷᠬᠡᠲᠦ ᠬᠥᠮᠥᠨ ᠳᠤ ᠤᠢ ᠮᠣᠳᠣ ᠶᠢ ᠰᠢᠢᠳᠪᠦᠷᠢᠯᠡᠬᠦ ᠡᠷᠬᠡ ᠪᠠ ᠲᠡᠭᠦᠨ ᠠᠴᠠ ᠠᠰᠢᠭ ᠣᠯᠬᠤ | ᠡᠷᠬᠡ ᠶᠢ ᠨᠡᠩ ᠭᠦᠢᠴᠡᠳ ᠣᠯᠭᠤᠨ᠎ᠠ᠃ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠ | ᠺᠣᠮᠫᠠᠨᠢ ᠶᠢ ᠵᠠᠰᠠᠬᠤ ᠵᠡᠷᠭᠡ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ᠃ ᠤᠯᠤᠰ ᠤᠨ ᠥᠮᠴᠢᠯᠡᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠷᠬᠡ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠶᠢ ᠠᠬᠢᠭᠤᠯᠤᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠤᠰᠤ ᠬᠡᠷᠡᠭᠯᠡᠬᠦ ᠡᠷᠬᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ | ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃ | ︵ᠭᠤᠴᠢ︶ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠲᠣᠭᠲᠠᠴᠠ ᠶᠢ ᠪᠦᠷᠢᠨᠰᠢᠭᠦᠯᠦᠨ᠎ᠡ᠃ ᠰᠢᠯᠵᠢᠭᠦᠯᠦᠨ ᠲᠣᠭᠠᠴᠠᠭ᠎ᠠ | ᠬᠢᠬᠦ᠂ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠵᠡᠷᠭᠡ ᠶᠢ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠣᠯᠭᠠᠬᠤ ᠲᠠᠢ ᠬᠤᠯᠪᠣᠭᠳᠠᠭᠤᠯᠬᠤ ᠶᠢ | ᠠᠬᠢᠭᠤᠯᠤᠨ᠎ᠠ᠃ ᠪᠦᠬᠦ ᠤᠯᠤᠰ ᠤᠨ ᠢᠯᠡ ᠪᠥᠭᠡᠳ ᠨᠢᠭᠡᠳᠦᠯᠲᠡᠢ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠭᠠᠵᠠᠷ ᠠᠴᠠ ᠡᠷᠦᠬᠡ ᠠᠮᠠ ᠶᠢᠨ ᠳᠠᠩᠰᠠ ᠶᠢ ᠳᠠᠩᠰᠠᠯᠠᠵᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ | ᠬᠠᠩᠭᠠᠬᠤ ᠳᠦᠷᠢᠮ ᠢ ᠬᠡᠷᠡᠭᠵᠢᠭᠦᠯᠦᠨ᠎ᠡ᠃ ᠨᠥᠬᠦᠴᠡᠯ ᠲᠠᠢ ᠬᠤᠳᠠ ᠶᠢᠨ ᠲᠣᠭᠲᠠᠪᠤᠷᠢᠲᠠᠢ ᠠᠵᠢᠯ ᠣᠯᠵᠤ ᠠᠮᠢᠳᠤᠷᠠᠵᠤ ᠪᠠᠶᠢᠭ᠎ᠠ ᠲᠠᠷᠢᠶᠠᠯᠠᠩ ᠠᠴᠠ ᠰᠢᠯᠵᠢᠭᠰᠡᠨ | ᠬᠥᠮᠥᠨ ᠠᠮᠠ ᠶᠢ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠬᠤ ᠶᠢ | ᠵᠣᠷᠢᠭᠵᠢᠭᠤᠯᠤᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠳᠠᠭᠠᠵᠤ ᠨᠡᠭᠦᠭᠰᠡᠨ ᠦᠷ᠎ᠡ | ᠬᠡᠦᠬᠡᠳ ᠤᠨ ᠨᠡᠭᠦᠵᠦ ᠣᠴᠢᠭᠰᠠᠨ ᠭᠠᠵᠠᠷ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠠᠵᠢᠯ ᠣᠯᠣᠭᠰᠠᠨ ᠭᠠᠵᠠᠷ ᠤᠨ ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠬᠤᠳᠠ ᠳᠤ ᠡᠷᠦᠭᠡ | ᠠᠮᠠ ᠪᠠᠨ ᠣᠷᠣᠭᠤᠯᠤᠭᠰᠠᠨ ᠲᠠᠷᠢᠶᠠᠴᠢᠳ ᠤᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠬᠡ᠂ ᠭᠡᠷ ᠪᠠᠶᠢᠰᠢᠩ ᠤᠨ ᠰᠠᠭᠤᠷᠢ ᠭᠠᠵᠠᠷ ᠢ ᠬᠡᠷᠡᠭᠯᠡᠬᠦ ᠡᠷᠬᠡ᠂ | ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ | ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ | ᠵᠠᠩᠭᠢᠯᠠᠭ᠎ᠠ ᠨᠢ ᠨᠠᠮ ᠳᠤ ᠪᠤᠢ᠃ ᠡᠷᠬᠡᠪᠰᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ | ᠨᠠᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ | ᠳᠦᠷᠢᠮ ᠢ ᠲᠡᠭᠦᠯᠳᠡᠷᠵᠢᠭᠦᠯᠵᠦ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠭᠦᠯᠬᠦ ᠬᠡᠷᠡᠭᠲᠡᠢ᠃ ᠲᠡᠦᠬᠡ ᠶᠢᠨ ᠬᠦᠯᠢᠴᠡᠩᠭᠦᠢ ᠣᠪᠣᠷ ᠢ ᠪᠠᠷᠢᠮᠲᠠᠯᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠢᠶᠠᠷ ᠢᠶᠠᠨ ᠬᠢᠵᠦ᠂ ᠬᠦᠴᠦᠨ ᠢᠶᠠᠨ | ᠲᠥᠪᠯᠡᠷᠡᠭᠦᠯᠦᠨ ᠨᠢᠭᠡ ᠪᠦᠯᠦᠭ ᠭᠤᠣᠯᠳᠠᠯᠭ᠎ᠠ ᠲᠠᠢ ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠵᠤ᠂ ᠲᠠᠷᠢᠶᠠᠴᠢᠨ ᠤᠯᠠᠨ ᠲᠦᠮᠡᠨ ᠳᠤ ᠨᠢᠳᠦᠨ ᠳᠤ | ᠦᠵᠡᠭᠳᠡᠵᠦ ᠭᠠᠷ ᠲᠤ ᠪᠠᠷᠢᠭᠳᠠᠬᠤ ᠪᠣᠳᠠᠲᠠᠢ ᠠᠰᠢᠭ ᠲᠤᠰᠠ ᠬᠦᠷᠲᠡᠭᠡᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠪᠠ ᠣᠯᠠᠨ ᠲᠦᠮᠡᠨ᠂ ᠺᠠᠳ᠋ᠷ ᠪᠠ | ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠎ᠠ᠃ ᠬᠥᠳᠡᠭᠡ ᠲᠣᠰᠬᠤᠨ ᠤ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠨ᠂ ᠲᠠᠷᠢᠶᠠᠴᠢᠳ ᠤᠨ ᠬᠦᠰᠡᠯ | ᠰᠠᠨᠠᠭ᠎ᠠ ᠶᠢ ᠭᠦᠢᠴᠡᠳ ᠬᠦᠨᠳᠦᠳᠬᠡᠵᠦ᠂ ᠠᠵᠢᠯᠯᠠᠬᠤ ᠠᠷᠭ᠎ᠠ ᠮᠠᠶ᠋ᠢᠭ ᠪᠠ ᠠᠷᠭ᠎ᠠ ᠪᠠᠨ ᠰᠠᠶᠢᠵᠢᠷᠠᠭᠤᠯᠤᠨ᠂ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠳᠥᠭᠦᠮᠴᠢᠯᠡᠬᠦ ᠪᠠ ︽ᠨᠢᠭᠡ ᠯᠡ ᠠᠳᠠᠯᠢ ᠪᠠᠷ ᠬᠢᠬᠦ︾ ᠶᠢ ᠰᠡᠷᠭᠡᠶᠢᠯᠡᠨ ᠬᠤᠷᠢᠭᠯᠠᠨ᠎ᠠ᠃ ᠡᠯ᠎ᠡ ᠭᠠᠵᠠᠷ ᠤᠨ ᠦᠢᠯᠡᠳᠦᠯᠭᠡ ᠶᠢᠨ ᠰᠦᠪᠡᠭᠴᠢᠯᠡᠯᠲᠡ ᠪᠠ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠠ ᠲᠠᠷᠢᠶᠠᠴᠢᠨ ᠤᠯᠠᠨ ᠲᠦᠮᠡᠨ ᠤ ᠢᠳᠡᠪᠬᠢᠵᠢᠯ ᠢ ᠭᠦᠢᠴᠡᠳ | ᠲᠠᠶᠢᠴᠢᠯᠠᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ | ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠴᠢᠷᠮᠠᠶᠢᠵᠤ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠠᠭᠤᠷᠢ ᠶᠢ ᠨᠡᠩ ᠪᠠᠲᠤᠳᠬᠠᠵᠤ᠂ ᠬᠥᠳᠡᠭᠡ | ᠲᠣᠰᠬᠤᠨ ᠢ ᠨᠡᠩ ᠴᠡᠴᠡᠭᠯᠡᠭᠦᠯᠵᠦ᠂ ᠲᠠᠷᠢᠶᠠᠴᠢᠳ ᠤᠨ ᠠᠮᠢᠳᠤᠷᠠᠯ ᠢ ᠨᠡᠩ ᠬᠥᠭᠵᠢᠶᠡᠨᠲᠡᠢ ᠪᠣᠯᠭᠠᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠵᠠᠭᠠᠶ᠎ᠠ᠃ | | | | | | | | | | | | | | | | | | | | | | | | | | | | | | | | | | | | | | | |