ᠤᠷᠳᠤᠰ ᠬᠤᠲᠠ ᠳᠤ ᠰᠢᠨ᠎ᠡ ᠶᠢ ᠡᠭᠦᠳᠬᠦ ᠳᠡᠪᠴᠡᠩ 4 ᠨᠡᠮᠡᠭᠳᠡᠪᠡ
ᠨᠡᠶᠢᠲᠡᠯᠡᠭᠰᠡᠨ ᠴᠠᠭ᠄
2025/2/25
     ᠣᠶᠢᠷ᠎ᠠ ᠳᠤ ᠥᠪᠣᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠤᠯᠲᠠ ᠪᠠ ᠦᠭᠡᠷᠡᠴᠢᠯᠡᠯᠲᠡ ᠶᠢᠨ ᠵᠥᠪᠯᠡᠯ ᠤᠨ ᠴᠤᠬᠤᠯᠠᠪᠤᠷᠢᠯᠠᠭᠰᠠᠨ ᠥᠪᠡᠷᠲᠡᠭᠡᠨ ᠵᠠᠰᠠᠬᠤ ᠣᠷᠣᠨ ᠤ ᠳᠡᠰ ᠤᠨ ᠴᠢᠬᠤᠯᠠ ᠶᠡᠭᠡ ᠰᠢᠨ᠎ᠡ ᠶᠢ ᠡᠭᠦᠳᠬᠦ ᠲᠡᠪᠴᠡᠩ ᠤᠷᠳᠤᠰ ᠬᠤᠲᠠ ᠳᠤ ᠰᠢᠨ᠎ᠡ ᠪᠠᠷ 4 ᠨᠡᠮᠡᠭᠳᠡᠪᠡ᠃ ᠳᠠᠷᠤᠢ ᠪᠡᠭᠡᠵᠢᠩ ᠶᠡᠭᠡ ᠰᠤᠷᠭᠠᠭᠤᠯᠢ ᠶᠢᠨ ᠤᠷᠳᠤᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠲᠦᠷᠦᠭᠦᠯᠡᠨ ᠪᠦᠲᠤᠭᠡᠨ ᠪᠠᠶᠢᠭᠤᠯᠤᠭᠰᠡᠨ ︽ᠨᠡᠭᠦᠷᠡᠰᠦᠳᠦ᠋ᠷᠤᠭ᠍ᠴᠢ ᠶᠢᠨ ᠳᠠᠪᠬᠤᠷ ᠢᠰᠤᠯ ᠢ ᠬᠤᠷᠢᠶᠠᠨ ᠴᠤᠭᠯᠠᠭᠤᠯᠵᠤ ᠠᠰᠢᠭᠯᠠᠬᠤ ᠪᠠ ᠪᠢᠳᠡᠭᠦᠮᠵᠢᠯᠡᠨ ᠬᠠᠲᠠᠭᠠᠯᠠᠬᠤ ᠠᠵᠤ ᠣᠶᠢᠯᠡᠰ ᠤᠨ ᠮᠡᠷᠭᠡᠵᠢᠯ ᠤᠨ ᠢᠨᠵᠧᠨᠧᠷᠢᠩᠵᠢᠭᠦᠯᠤᠯᠲᠡ ᠶᠢᠨ ᠲᠥᠪ︾᠂ ᠥᠪᠥᠷ ᠮᠤᠩᠭᠤᠯ ᠤᠨ ᠭᠡᠷᠡᠯ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠦᠲᠦᠭᠡᠨ ᠪᠠᠶᠢᠭᠤᠯᠤᠭᠰᠠᠨ ︽ᠤᠯᠤᠰ ᠎ ᠲᠠᠭᠠᠨ ᠦᠢᠯᠡᠳᠪᠤᠷᠢᠯᠡᠭᠰᠠᠨ ᠳᠡᠭᠡᠲᠤ ᠳᠡᠰ ᠤᠨ ᠯᠠᠶᠢᠰᠧᠷ ᠬᠡᠷᠡᠯ ᠵᠢᠭᠰᠠᠯ ᠤᠨ ᠬᠡᠢ ᠪᠡᠶᠠᠲᠤ ᠵᠠᠳᠠᠯᠤᠯᠲᠠ ᠶᠢᠨ ᠵᠠᠭᠪᠤᠷ ᠤᠨ ᠠᠵᠤ ᠣᠢᠯᠡᠰ ᠤᠨ ᠮᠡᠷᠭᠡᠵᠢᠯ ᠤᠨ ᠢᠨᠵᠧᠨᠧᠷᠢᠩᠵᠢᠭᠦᠯᠦᠯᠲᠡ ᠶᠢᠨ ᠲᠥᠪ︾᠂ ᠤᠷᠳᠤᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠲᠦ ᠰᠤᠷᠭᠠᠭᠤᠯᠢ ᠶᠢᠨ ᠪᠦᠲᠤᠭᠡᠨ ᠪᠠᠶᠢᠭᠤᠯᠤᠭᠰᠠᠨ ︽ᠡᠨᠧᠷᠭᠢ ᠶᠢᠨ ᠠᠵᠤ ᠣᠶᠢᠯᠡᠰ ᠤᠨ ᠪᠣᠬᠢᠷᠳᠤᠯ ᠢ ᠪᠠᠭᠠᠰᠬᠠᠵᠤ ᠨᠡᠭᠦᠷᠠᠰᠤᠳᠦ᠋ᠷᠦᠭᠴᠢ ᠶᠢᠨ ᠳᠠᠪᠬᠤᠷ ᠢᠰᠤᠯ ᠢ ᠬᠤᠷᠣᠭᠳᠠᠭᠤᠯᠬᠤ ᠬᠠᠮᠵᠢᠯᠴᠡᠨ ᠦᠷ᠎ᠡ ᠠᠰᠢᠭ ᠢ ᠨᠡᠮᠡᠭᠳᠡᠭᠦᠯᠬᠦ ᠠᠵᠤ ᠣᠶᠢᠯᠡᠰ ᠤᠨ ᠮᠡᠷᠭᠡᠵᠢᠯ ᠤᠨ ᠢᠨᠵᠧᠨᠧᠷᠢᠩᠵᠢᠭᠦᠯᠦᠯᠲᠡ ᠶᠢᠨ ᠲᠥᠪ︾᠂ ᠣᠷᠳᠤᠰ ᠬᠤᠲᠠ ᠶᠢᠨ ᠠᠨ ᠰᠢᠨ ᠲᠠᠢ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠦᠲᠦᠭᠡᠨ ᠪᠠᠶᠢᠭᠤᠯᠤᠭᠰᠠᠨ ︽ᠤᠰᠤᠨ ᠤ ᠡᠬᠢ ᠪᠠᠶᠠᠯᠢᠭ ᠢ ᠦᠨᠳᠤᠷ ᠪᠦᠲᠣᠮᠵᠢᠲᠡᠢ ᠪᠠᠷ ᠡᠷᠬᠢᠯᠳᠦᠭᠦᠯᠦᠨ ᠠᠰᠢᠭᠯᠠᠬᠤ ᠠᠵᠤ ᠣᠢᠯᠡᠰ ᠤᠨ ᠮᠡᠷᠭᠡᠵᠢᠯ ᠤᠨ ᠢᠨᠵᠧᠨᠧᠷᠢᠩᠵᠢᠭᠦᠯᠦᠯᠲᠡ ᠶᠢᠨ ᠲᠥᠪ︾ ᠵᠡᠷᠭᠡ ᠪᠣᠯᠣᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ