ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠴᠢᠨᠠᠷ ᠲᠡᠰ ᠢ ᠳᠡᠭᠡᠭᠰᠢᠯᠡᠭᠦᠯᠵᠦ᠂ ᠪᠠᠭᠰᠢ ᠰᠣᠷᠣᠭᠴᠢᠳ ᠤᠨ ᠢᠳᠡᠭᠡᠨ ᠤ | ᠠᠮᠤᠷ ᠲᠦᠪᠰᠢᠨ ᠢ ᠰᠠᠶᠢᠲᠤᠷ ᠪᠠᠲᠤᠯᠠᠬᠤ ᠶᠢᠨ ᠲᠦᠯᠥᠭᠡ᠂ ᠣᠶᠢᠷ᠎ᠠ ᠶᠢᠨ ᠡᠳᠤᠷ ᠡᠵᠡᠨ ᠬᠤᠷᠤᠭ᠎ᠠ ᠬᠤᠰᠢᠭᠤᠨ ᠤ ᠳᠥᠷᠪᠡᠳᠦᠭᠡᠷ ᠳᠣᠮᠳᠠᠲᠤ ᠰᠤᠷᠭᠠᠭᠤᠯᠢ | ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ︽ᠲᠤᠭᠤᠭᠠᠴᠢ ᠶᠢᠨ ᠤᠷ᠎ᠠ ᠮᠡᠷᠭᠡᠵᠢᠯ ᠢ ᠰᠢᠯᠭᠠᠷᠠᠭᠤᠯᠬᠤ︾ ᠤᠷᠤᠯᠳᠤᠭᠠᠨ ᠢ ᠦᠷᠨᠢᠭᠦᠯᠪᠡ᠃ | ᠲᠤᠬᠠᠢ ᠶᠢᠨ ᠲᠠᠯᠠᠪᠠᠢ ᠳᠤ ᠲᠣᠭᠤᠭᠠᠴᠢ ᠨᠠᠷ ᠥᠪᠡᠷ ᠥᠪᠡᠷ ᠤᠨ ᠤᠷ᠎ᠠ ᠴᠢᠳᠠᠪᠤᠷᠢ ᠪᠠᠨ ᠭᠠᠷᠭᠠᠵᠤ᠂ ᠠᠮᠲᠠᠲᠤ ᠬᠤᠭᠤᠯᠠ ᠵᠠᠭᠤᠰᠢ ᠬᠢᠬᠦ ᠮᠡᠷᠭᠡᠵᠢᠯ ᠢᠶᠠᠨ | ᠭᠠᠶᠢᠬᠠᠭᠤᠯᠤᠨ᠂ ᠪᠠᠭᠰᠢ ᠰᠣᠷᠣᠭᠴᠢᠳ ᠭᠡᠷ ᠤᠨ ᠠᠬᠠᠮᠠᠳ ᠤᠨ ᠠᠩᠬᠠᠷᠤᠯ ᠢ ᠲᠠᠲᠠᠪᠠ᠃ ᠤᠷᠤᠯᠳᠤᠭᠠᠨ ᠨᠢ ᠪᠦᠯᠬᠦᠮ ᠨᠡᠶᠢᠳᠠ᠂ ᠬᠤᠪᠢ ᠬᠦᠮᠤᠨ᠂ ᠭᠤᠯᠢᠷ | ᠬᠤᠭᠤᠯᠠ᠂ ᠬᠡᠷᠴᠢᠬᠦ ᠴᠢᠳᠠᠪᠤᠷᠢ ᠵᠡᠷᠭᠡ ᠲᠦᠷᠤᠯ ᠢᠶᠠᠷ ᠶᠠᠪᠤᠭᠳᠠᠵᠤ᠂ ᠨᠣᠭᠤᠭ᠎ᠠ ᠵᠠᠭᠤᠰᠢ ᠨᠢ ᠤᠯᠠᠨ ᠨᠠᠶᠢᠲᠡ ᠳᠤ ᠳᠠᠭᠠᠰᠢᠶᠠᠭᠳᠠᠵᠤ ᠪᠠᠶᠢᠬᠤ᠂ ᠰᠢᠮ᠎ᠡ | ᠲᠡᠵᠢᠭᠡᠯ ᠤᠨ ᠳᠣᠬᠢᠷᠠᠭᠤᠯᠤᠯᠲᠠ ᠨᠢ ᠵᠣᠬᠢᠮᠵᠢ ᠲᠠᠢ ᠪᠠᠶᠢᠬᠤ ᠪᠠ ᠰᠢᠨ᠎ᠡ ᠶᠢ ᠡᠭᠦᠳᠬᠦ ᠣᠨᠴᠠᠯᠢᠭ ᠲᠠᠢ ᠪᠠᠶᠢᠬᠤ ᠶᠢ ᠱᠠᠭᠠᠷᠳᠠᠵᠤ᠂ ᠬᠢᠨᠠᠭᠴᠢᠳ ᠤᠯᠠᠨ ᠲᠠᠯ᠎ᠠ ᠠᠴᠠ | ᠬᠤᠪᠢ ᠥᠭᠬᠦ ᠪᠠᠷ ᠳᠠᠮᠵᠢᠨ ᠰᠢᠯᠢᠳᠡᠭ ︽ᠰᠤᠷᠭᠠᠭᠤᠯᠢ ᠶᠢᠨ ᠬᠦᠷᠢᠶᠡᠨ ᠤ ᠳᠣᠭᠤᠭᠠᠴᠢ︾ ᠶᠢ ᠰᠢᠯᠭᠠᠷᠠᠭᠤᠯᠤᠭᠰᠠᠨ ᠪᠥᠭᠡᠳ ᠱᠠᠩᠨᠠᠯ ᠭᠠᠷᠳᠠᠭᠤᠯᠵᠠᠢ᠃ | ᠡᠵᠡᠨ ᠬᠤᠷᠤᠭ᠎ᠠ ᠬᠤᠰᠢᠭᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠴᠢᠬᠤᠯᠠᠴᠢᠯᠡᠵᠤ᠂ ᠬᠠᠮᠢᠶᠠᠷᠤᠯᠲᠠ ᠶᠢᠨ ᠲᠦᠷᠢᠮ ᠢ | ᠪᠠᠶᠢᠭᠤᠯᠤᠨ ᠲᠡᠭᠦᠯᠳᠠᠷᠵᠢᠭᠦᠯᠵᠤ᠂ ᠲᠤᠰᠬᠠᠢ ᠠᠵᠢᠯᠲᠠᠨ ᠲᠣᠬᠢᠷᠠᠭᠤᠯᠤᠨ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ᠂ ᠬᠠᠲᠠᠭᠠᠯᠠᠬᠤ ᠵᠡᠷᠭᠡ ᠵᠠᠩᠬᠢᠯᠠᠭ᠎ᠠ ᠶᠢᠨ | ᠪᠣᠭᠤᠮᠲᠠ ᠶᠢ ᠴᠢᠩᠭ᠎ᠠ ᠠᠳᠬᠤᠵᠤ᠂ ᠲᠣᠭᠳᠠᠮᠠᠯ ᠬᠤᠭᠤᠴᠠᠭ᠎ᠠ ᠲᠠᠢ ᠪᠠᠷ ᠠᠵᠢᠯᠲᠠᠨ ᠢ ᠪᠣᠯᠪᠠᠰᠤᠷᠠᠭᠤᠯᠬᠤ ᠶᠢᠨ ᠬᠠᠮᠲᠤ ᠪᠠᠰᠠ ᠬᠤᠳᠠᠯᠳᠤᠨ ᠠᠪᠬᠤ ᠮᠡᠳᠡᠭᠡ | ᠵᠠᠩᠭᠢ ᠶᠢ ᠵᠠᠷᠯᠠᠨ ᠨᠡᠶᠢᠳᠠᠯᠠᠵᠤ᠂ ᠭᠡᠷ ᠤᠨ ᠠᠬᠠᠮᠠᠳ ᠢ ᠣᠷᠢᠵᠤ ᠬᠢᠨᠠᠯᠲᠠ ᠲᠠᠯᠪᠢᠬᠤ ᠳᠤ ᠣᠷᠣᠯᠴᠠᠭᠤᠯᠳᠠᠭ ᠪᠠᠶᠢᠨ᠎ᠠ᠃ | |