ᠬᠠᠪᠤᠷ ᠤᠨ ᠤᠯᠠᠷᠢᠯ ᠤᠨ ᠰᠤᠷᠬᠤ ᠪᠢᠴᠢᠭ ᠢ ᠴᠠᠭ ᠲᠤᠬᠠᠢ ᠳᠤᠨᠢ ᠬᠦᠷᠭᠡᠯ᠎ᠡ
ᠨᠡᠶᠢᠲᠡᠯᠡᠭᠰᠡᠨ ᠴᠠᠭ᠄
2025/2/25
      ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠨᠢ ᠥᠪᠥᠷ ᠮᠣᠩᠭᠤᠯ ᠤᠨ 12 ᠠᠶᠢᠮᠠᠭ ᠬᠤᠲᠠ ᠶᠢᠨ ᠪᠤᠶ ᠪᠦᠬᠦᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠬᠤ ᠪᠢᠴᠢᠭ ᠢ ᠵᠠᠬᠢᠶᠠᠯᠠᠬᠤ ᠪᠠ ᠲᠠᠷᠬᠠᠭᠠᠬᠤ ᠠᠵᠢᠯ ᠢ ᠡᠭᠦᠷᠭᠡᠯᠡᠵᠦ ᠪᠤᠶ᠃ 2025 ᠣᠨ ᠳᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠰᠤᠷᠬᠤ ᠪᠢᠴᠢᠭ ᠢ ᠨᠡᠶᠢᠲᠡ 3000 ᠲᠦᠮᠡᠨ ᠳᠡᠪᠲᠡᠷ᠂ 35 ᠲᠦᠮᠡᠨ ᠪᠠᠭᠯᠠᠭ᠎ᠠ ᠶᠢ ᠴᠠᠭ ᠲᠤᠬᠠᠢ ᠳᠤᠨᠢ ᠬᠦᠷᠭᠡᠪᠡ᠃
6387601239471241736121370.png
                                                                           ᠰᠤᠷᠬᠤ ᠪᠢᠴᠢᠭ ᠢᠶᠠᠨ ᠳᠤᠰᠤᠯ᠎ᠠ      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠠᠷ ᠰᠤᠷᠬᠤ ᠪᠢᠴᠢᠭ ᠢ ᠴᠠᠭ ᠲᠤᠬᠠᠢ ᠳᠤᠨᠢ ᠰᠤᠷᠤᠬᠴᠢ ᠶᠢᠨ ᠭᠠᠷ ᠲᠤ ᠬᠦᠷᠭᠡᠬᠦ ᠶᠢᠨ ᠲᠥᠯᠥᠭᠡ᠂ ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠬᠢᠨ ᠠᠵᠢᠯ ᠢᠶᠠᠨ ᠤᠷᠢᠳᠴᠢᠯᠠᠨ ᠪᠠᠶᠢᠷᠢᠯᠠᠭᠤᠯᠵᠤ᠂ ᠨᠠᠷᠢᠨ ᠨᠢᠮᠪᠠᠢ ᠲᠣᠬᠢᠷᠠᠭᠤᠯᠵᠤ᠂ ᠴᠠᠭ ᠲᠤᠬᠠᠢ ᠎ ᠳᠤᠨᠢ ᠬᠦᠷᠭᠡᠬᠦ ᠶᠢ ᠪᠦᠭᠦ ᠬᠦᠴᠦᠨ ᠢᠶᠠᠷ ᠢᠶᠠᠨ ᠪᠠᠲᠤᠯᠠᠪᠠ᠃ ᠰᠤᠷᠪᠤᠯᠵᠢᠯᠠᠬᠴᠢ ᠲᠦᠷᠦᠭᠦᠬᠡᠨ ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠤᠮᠫᠠᠨᠢ ᠶᠢᠨ ᠲᠣᠬᠢᠷᠠᠭᠤᠯᠤᠨ ᠬᠦᠷᠭᠡᠬᠦ ᠲᠥᠪ ᠲᠤ ᠬᠦᠷᠬᠦ ᠳᠤ ᠠᠵᠢᠯᠲᠠᠳ ᠰᠤᠷᠬᠤ ᠪᠢᠴᠢᠭ ᠢ ᠲᠠᠷᠬᠠᠭᠠᠬᠤ᠂ ᠪᠣᠭᠤᠳᠠᠯᠯᠠᠬᠤ ᠪᠠ ᠲᠡᠭᠡᠭᠡᠪᠦᠷᠢᠯᠡᠬᠦ ᠠᠵᠢᠯ ᠢ ᠱᠠᠯᠠᠪᠳᠠᠨ ᠬᠢᠵᠡᠭᠡᠵᠦ ᠪᠠᠶᠢᠯ᠎ᠠ᠃ ᠪᠦᠯᠦᠭᠯᠡᠯ ᠤᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠤᠮᠫᠠᠨᠢ ᠶᠢᠨ ᠡᠵᠡᠩᠨᠡᠯᠲᠡ ᠶᠢᠨ ᠬᠡᠯᠲᠡᠰ ᠤᠨ ᠳᠡᠳ᠋ ᠳᠠᠷᠤᠭ᠎ᠠ ᠯᠢᠦ ᠶᠦᠩ ᠯᠢ᠄︽ᠮᠠᠨ ᠤ ᠪᠦᠯᠦᠭᠯᠡᠯ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠣᠨ ᠰᠤᠷᠭᠠᠭᠤᠯᠢ ᠲᠠᠢ ᠤᠷᠢᠳᠴᠢᠯᠠᠨ ᠵᠤᠯᠭᠠᠯᠴᠠᠵᠤ᠂ ᠨᠠᠷᠢᠯᠢᠭ ᠲᠣᠬᠢᠷᠠᠭᠤᠯᠤᠨ ᠬᠦᠷᠭᠡᠬᠦ ᠲᠥᠯᠥᠪᠯᠡᠭᠡ ᠲᠣᠭᠲᠠᠭᠠᠵᠠᠢ᠃ ᠪᠢᠳᠡ ᠴᠠᠭᠠᠨ ᠰᠠᠷ᠎ᠠ ᠶᠢᠨ ᠰᠢᠨ᠎ᠡ ᠶᠢᠨ ᠲᠠᠪᠤᠨ ᠠᠴᠠ ᠠᠵᠢᠯ ᠢᠶᠠᠨ ᠡᠬᠢᠯᠡᠭᠦᠯᠵᠦ᠂ ᠠᠵᠢᠯ ᠤᠨ ᠳᠡᠰ ᠳᠠᠷᠠᠭᠠᠯᠠᠯ ᠢᠶᠠᠨ ᠰᠢᠯᠢᠳᠡᠭᠵᠢᠭᠦᠯᠦᠨ᠂ ᠡᠯ᠎ᠡ ᠭᠤᠭᠴᠤᠭ᠎ᠠ ᠶᠢ ᠵᠠᠪᠰᠠᠷ ᠦᠭᠡᠢ ᠵᠣᠯᠭᠠᠭᠤᠯᠬᠤ ᠶᠢ ᠦᠨᠡᠨ ᠬᠦ ᠪᠠᠲᠤᠯᠠᠪᠠ᠃ 2 ᠰᠠᠷ᠎ᠠ ᠶᠢᠨ 18᠎ ᠤ ᠡᠳᠦᠷ ᠪᠤᠯᠳᠠᠯ᠎ᠠ ᠪᠦᠭᠦ ᠣᠷᠣᠨ ᠤ ᠪᠦᠭᠦ ᠠᠶᠢᠮᠠᠭ ᠬᠤᠳᠠ ᠬᠤᠰᠢᠭᠤ ᠰᠢᠶᠠᠨ ᠳᠤ ᠭᠤᠪᠢᠭᠤᠯᠬᠤ ᠠᠵᠢᠯ ᠢᠶᠠᠨ ᠳᠠᠭᠤᠰᠬᠠᠵᠤ᠂ 2025 ᠣᠨ ᠤ ᠬᠠᠪᠤᠷ ᠤᠨ ᠤᠯᠠᠷᠢᠯ ᠤᠨ ᠲᠠᠷᠬᠠᠭᠠᠬᠤ ᠡᠭᠦᠷᠭᠡ ᠪᠠᠨ ᠪᠡᠶᠡᠯᠡᠭᠦᠯᠵᠡᠢ︾ ᠭᠡᠵᠦ ᠶᠠᠷᠢᠵᠤ ᠪᠠᠶᠢᠯ᠎ᠠ᠃
6387601243068552819778064.png
                                                        ᠰᠤᠷᠬᠤ ᠪᠢᠴᠢᠭ ᠢ ᠭᠤᠪᠢᠭᠤᠯᠬᠤ ᠪᠠᠷ ᠪᠣᠭᠤᠳᠠᠯᠯᠠᠨ᠎ᠠ      ᠰᠤᠷᠭᠠᠭᠤᠯᠢ ᠡᠬᠢᠯᠡᠬᠦ ᠠᠴᠠ ᠡᠮᠦᠨ᠎ᠡ᠂ ᠭᠦᠭᠡᠬᠤᠳᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠶᠢᠨ ᠬᠢᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢᠨ ᠰᠤᠷᠬᠤ ᠪᠢᠴᠢᠭ ᠢᠶᠠᠨ ᠴᠠᠭ ᠲᠤᠬᠠᠢ ᠳᠤᠨᠢ ᠳᠤᠰᠴᠤ᠂ ᠪᠠᠭᠰᠢ ᠰᠤᠷᠤᠬᠴᠢ ᠬᠠᠮᠲᠤ ᠪᠠᠷ ᠠᠩᠭᠢ ᠨᠢᠭᠡᠴᠢ ᠪᠠᠷ ᠢᠶᠠᠨ ᠰᠤᠷᠬᠤ ᠪᠢᠴᠢᠭ ᠢᠶᠠᠨ ᠬᠤᠪᠢᠶᠠᠷᠢᠯᠠᠵᠤ᠂ ᠰᠤᠷᠭᠠᠭᠤᠯᠢ ᠡᠬᠢᠯᠡᠬᠦ ᠪᠡᠯᠡᠳᠬᠡᠯ ᠢᠶᠠᠨ ᠬᠢᠪᠡ᠃      2025 ᠣᠨ ᠤ ᠬᠠᠪᠤᠷ ᠤᠨ ᠤᠯᠠᠷᠢᠯ ᠤᠨ ᠰᠤᠷᠬᠤ ᠪᠢᠴᠢᠭ ᠢ ᠴᠠᠭ ᠲᠤᠬᠠᠢ ᠳᠤᠨᠢ ᠰᠤᠷᠤᠬᠴᠢ ᠶᠢᠨ ᠭᠠᠷ ᠲᠤ ᠬᠦᠷᠭᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠭᠠᠷᠠᠭ ᠤᠨ ᠲᠣᠬᠢᠷᠠᠭᠤᠯᠤᠯᠲᠠ᠂ ᠡᠳᠦᠷ ᠤᠨ ᠮᠡᠳᠡᠭᠦᠯᠦᠯᠲᠡ ᠵᠡᠷᠭᠡ ᠭᠡᠯᠪᠡᠷᠢ ᠪᠠᠷ ᠳᠠᠮᠵᠢᠭᠤᠯᠤᠨ᠂ ᠰᠤᠷᠬᠤ ᠪᠢᠴᠢᠭ ᠢ ᠬᠡᠪᠯᠡᠬᠦ᠂ ᠲᠠᠷᠬᠠᠭᠠᠬᠤ ᠠᠬᠢᠴᠠ ᠶᠢ ᠴᠠᠭ ᠲᠤᠬᠠᠢ ᠳᠤᠨᠢ ᠣᠶᠢᠯᠠᠭᠠᠵᠤ᠂ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨ᠎ᠡ ᠡᠯ᠎ᠡ ᠬᠢᠴᠢᠶᠡᠯ ᠲᠥᠷᠥᠯ ᠤᠨ ᠰᠤᠷᠬᠤ ᠪᠢᠴᠢᠭ ᠢ ᠴᠠᠭ ᠲᠤᠬᠠᠢ ᠳᠤᠨᠢ ᠬᠠᠩᠭᠠᠬᠤ ᠶᠢ ᠦᠨᠡᠨ ᠬᠦ ᠪᠠᠲᠤᠯᠠᠪᠠ᠃
6387601246906707969135176.png
                                                                  ᠬᠦᠷᠭᠡᠵᠦ ᠢᠷᠡᠭᠰᠡᠨ ᠰᠤᠷᠬᠤ ᠪᠢᠴᠢᠭ ᠢ ᠪᠠᠭᠤᠯᠭᠠᠨ᠎ᠠ                                                      ︵ᠭᠡᠷᠡᠯ ᠵᠢᠷᠤᠭ ᠤᠳ ᠢ ᠰᠤᠷᠪᠤᠯᠵᠢᠯᠠᠬᠴᠢ  ᠸᠠᠩ ᠯᠧᠢ  ᠰᠡᠭᠦᠳᠡᠷᠯᠡᠪᠡ︶ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ