ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠲᠥᠰᠥᠪ ᠤᠨ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2025/2/26
      12 ᠳ᠋ᠤᠭᠠᠷ ᠰᠠᠷ᠎ᠠ ᠶᠢᠨ 26᠎ ᠤ ᠡᠳᠦᠷ ᠪᠣᠯᠲᠠᠯ᠎ᠠ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3109.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠥᠬᠦ ᠵᠢᠯ ᠤᠨ 3100 ᠳ᠋ᠦᠩᠰᠢᠭᠤᠷ ᠲᠥᠭᠦᠷᠢᠭ ᠤᠨ ᠲᠥᠰᠦᠪ ᠤᠨ 100.3%᠎ ᠶᠢ ᠪᠡᠶᠡᠯᠡᠭᠦᠯᠵᠦ᠂ ᠲᠦᠷᠦᠭᠦᠤ ᠵᠢᠯ ᠤᠨ ᠲᠥᠰᠦᠪ ᠤᠨ ᠭᠦᠢᠴᠡᠳᠭᠡᠯ ᠲᠤᠭ᠎ᠠ ᠠᠴᠠ 26.3 ᠳ᠋ᠦᠩᠰᠢᠭᠤᠷ ᠲᠥᠭᠦᠷᠢᠭ ᠨᠡᠮᠡᠭᠳᠡᠵᠦ᠂ 0.9%᠎ ᠪᠠᠷ ᠨᠡᠮᠡᠭᠳᠡᠪᠡ᠂ ᠨᠢᠭᠡ ᠯᠠ ᠤᠳᠠᠭ᠎ᠠ ᠶᠢᠨ ᠴᠢᠨᠠᠷᠲᠠᠶ ᠣᠨᠴᠠᠭᠠᠶ ᠬᠦᠴᠦᠨ ᠵᠦᠢᠯ ᠤᠨ ᠨᠥᠯᠥᠭᠡ ᠶᠢ ᠬᠠᠰᠤᠵᠤ ᠭᠠᠷᠭᠠᠭᠰᠠᠨ ᠤ ᠳᠠᠷᠠᠭ᠎ᠠ᠂ ᠠᠳᠠᠯᠢᠳᠬᠠᠬᠤᠢ ᠨᠡᠮᠡᠭᠳᠡᠯ ᠨᠢ 5.8%᠎ ᠪᠠᠷ ᠨᠡᠮᠡᠭᠳᠡᠪᠡ᠃ ᠡᠭᠦᠨ ᠳᠤ᠂ ᠭᠠᠶᠢᠯᠢ ᠬᠤᠷᠢᠶᠠᠭᠰᠠᠨ ᠣᠷᠤᠯᠭ᠎ᠠ 2206.3 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠤᠨ ᠡᠬᠢᠨ ᠤ ᠲᠦᠰᠦᠪ ᠤᠨ 2280 ᠳ᠋ᠦᠩᠰᠢᠭᠤᠷ ᠲᠦᠭᠦᠷᠢᠭ ᠤᠨ 96.8%᠎ ᠶᠢ ᠪᠡᠶᠡᠯᠡᠭᠦᠯᠵᠡᠢ︔ ᠭᠠᠶᠢᠯᠢ ᠶᠢᠨ ᠪᠣᠰᠤ ᠣᠷᠣᠯᠭ᠎ᠠ 903.6 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠤᠨ ᠡᠬᠢᠨ ᠤ 820 ᠳ᠋ᠦᠩᠰᠢᠭᠤᠷ ᠲᠦᠭᠦᠷᠢᠭ ᠤᠨ ᠲᠦᠰᠦᠪ ᠤᠨ 110.2%᠎ ᠢ ᠪᠡᠶᠡᠯᠡᠭᠦᠯᠵᠡᠢ᠃ ᠱᠠᠲᠤ ᠳᠠᠪᠬᠤᠷᠭ᠎ᠠ ᠬᠤᠪᠢᠶᠠᠨ ᠠᠪᠴᠤ ᠦᠵᠡᠪᠡᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 930.4 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 3.7%᠎ ᠪᠠᠷ ᠪᠠᠭᠤᠷᠠᠪᠠ︔ 12 ᠠᠶᠢᠮᠠᠭ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 2179.5 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 3%᠎ ᠪᠠᠷ ᠨᠡᠮᠡᠭᠳᠡᠪᠡ᠃ ︵ᠡᠳ᠋ ᠤᠨ ᠵᠠᠰᠠᠭ ᠤᠨ ᠲᠢᠩᠬᠢᠮ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ