ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ ᠶᠢᠨ ᠲᠠᠯ᠎ᠠ ᠪᠠᠷ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠬᠥᠮᠥᠷᠭᠡ ᠶᠢᠨ ᠨᠥᠭᠡᠴᠡᠯᠡᠯᠲᠡ ᠶᠢᠨ ᠲᠦᠷᠦᠯ ᠵᠦᠢᠯ ᠢ 5400 ᠠᠴᠠ | ᠳᠡᠭᠡᠭᠰᠢ ᠪᠠᠶᠢᠯᠭᠠᠵᠦ᠂ ᠤᠮᠠᠷᠠᠲᠤ ᠬᠢᠯᠢ ᠶᠢᠨ ᠠᠮᠢᠲᠠᠳ ᠤᠨ ᠬᠢᠵᠢᠭ ᠲᠤ ᠦᠯᠦ ᠬᠠᠯᠳᠠᠭᠠᠬᠤ ᠬᠤᠩᠬᠢᠯ ᠤᠨ ᠪᠦᠳᠦᠭᠡᠨ ᠪᠠᠶᠢᠭᠤᠯᠤᠯᠲᠠ᠂ ᠮᠢᠩᠭᠠᠨ ᠳ᠋ᠦᠩᠰᠢᠭᠤᠷ | ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠲᠦᠷᠦᠯ ᠵᠦᠢᠯ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ | ᠬᠤᠶᠠᠷ ᠲᠤ᠂ ᠠᠵᠤ ᠠᠬᠤᠶᠢᠯᠠᠯ ᠤᠳ ᠢ ᠲᠤᠰᠠᠯᠠᠬᠤ ᠠᠵᠢᠯᠯᠠᠭ᠎ᠠ ᠶᠢᠨ ᠲᠠᠯ᠎ᠠ ᠪᠠᠷ᠂ ᠲᠢᠩᠬᠢᠮ ᠤᠨ ᠲᠠᠰ ᠤᠨ ᠺᠠᠳ᠋ᠷᠴᠦᠳ ᠤᠨ ᠳᠠᠭᠠᠭᠠᠴᠢᠯᠠᠨ ᠬᠤᠯᠪᠣᠭᠠᠯᠠᠬᠤ᠂ ᠠᠵᠤ | ᠠᠬᠤᠶᠢᠯᠠᠯ ᠤᠳ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠣᠭᠲᠠᠴᠠ ᠶᠢ ᠭᠦᠨᠵᠡᠭᠡᠶᠢᠷᠡᠭᠦᠯᠵᠦ᠂ 2025 ᠣᠨ ᠳᠤ ᠪᠣᠷᠣᠯᠠᠭᠤᠯᠭ᠎ᠠ ᠶᠢᠨ | ᠣᠷᠣᠯᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ 2 ᠡᠷᠦᠬᠡ ᠠᠵᠤ ᠠᠬᠤᠶᠢᠯᠠᠯ᠂ ᠪᠣᠷᠤᠯᠠᠭᠤᠯᠭ᠎ᠠ ᠶᠢᠨ ᠤᠷᠤᠯᠭ᠎ᠠ ᠨᠢ ᠳ᠋ᠦᠩᠰᠢᠭᠤᠷ ᠲᠥᠭᠦᠷᠢᠭ ᠢ | ᠳᠠᠪᠠᠭᠰᠠᠨ 8 ᠡᠷᠦᠬᠡ ᠠᠵᠤ ᠠᠬᠤᠶᠢᠯᠠᠯ ᠢ ᠬᠦᠮᠦᠵᠢᠭᠦᠯᠦᠨ ᠪᠤᠶᠢᠵᠢᠭᠤᠯᠬᠤ ᠪᠠᠷ ᠦᠷᠭᠦᠯᠵᠢᠯᠡᠨ ᠴᠢᠷᠮᠠᠶᠢᠨ᠎ᠠ᠃ ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢᠨ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠴᠡᠪᠡᠷᠯᠡᠭᠴᠢ᠂ ᠤᠢ ᠰᠢᠭᠤᠢ ᠶᠢᠨ ᠬᠠᠮᠠᠭᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢ 8.5 ᠲᠦᠮᠡ ᠠᠴᠠ ᠳᠡᠭᠡᠭᠰᠢ ᠨᠡᠬᠡᠬᠡᠨ ᠬᠦᠭᠵᠢᠭᠦᠯᠪᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠪᠡᠯᠡᠳᠭᠡᠮᠵᠢᠲᠦ ᠲᠠᠷᠢᠶᠠᠯᠠᠩ ᠵᠡᠷᠭᠡ ᠲᠥᠷᠥᠯ | ᠵᠦᠢᠯ ᠤᠨ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠴᠢᠩᠭᠠᠷᠠᠭᠤᠯᠵᠤ᠂ 2025 ᠣᠨ ᠳᠤ ᠪᠡᠯᠡ ᠮᠥᠩᠭᠦ ᠶᠢ 20 ᠳ᠋ᠦᠩᠰᠢᠭᠤᠷ | ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ 72 ᠲᠥᠪᠯᠡᠷᠡᠭᠦᠯᠦᠨ ᠪᠠᠶᠢᠭᠤᠯᠵᠤ᠂ ᠲᠤᠰ ᠭᠠᠵᠠᠷ ᠤᠨ | ᠠᠵᠢᠯᠴᠢᠨ ᠢ ᠬᠡᠷᠡᠭᠯᠡᠬᠦ ᠬᠠᠷᠢᠴᠠᠯ ᠢ ᠥᠷᠭᠡᠳᠬᠡᠨ᠎ᠡ᠃ ᠲᠦᠷᠪᠡ ᠳᠤ᠂ ᠤᠰᠤ ᠠᠷᠪᠢᠯᠠᠬᠤ ᠠᠵᠢᠯᠯᠠᠭ᠎ᠠ ᠶᠢᠨ ᠲᠠᠯ᠎ᠠ ᠪᠠᠷ᠂ ᠥᠨᠳᠥᠷ ᠪᠦᠲᠦᠮᠵᠢᠲᠡᠢ ᠤᠰᠤ ᠠᠷᠪᠢᠯᠠᠬᠤ | ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ 150 ᠲᠦᠮᠡᠨ ᠮᠦ ᠠᠴᠠ ᠳᠡᠭᠡᠭᠰᠢ ᠤᠰᠤᠯᠠᠯᠲᠠ ᠶᠢᠨ ᠭᠠᠵᠠᠷ ᠢ | ᠬᠤᠭᠤᠯᠠᠢ ᠪᠠᠷ ᠣᠰᠤᠯᠠᠵᠤ ᠪᠠᠶᠢᠭᠰᠠᠨ ᠠᠴᠠ ᠨᠢ ᠪᠠ ᠳᠤᠰᠤᠯᠭᠠᠨ ᠤᠰᠤᠯᠠᠬᠤ ᠶᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠤᠰᠤᠯᠠᠯᠲᠠ ᠶᠢᠨ | ᠭᠠᠵᠠᠷ ᠢ 270 ᠲᠦᠮᠡᠨ ᠮᠦ ᠠᠴᠠ ᠳᠡᠭᠡᠭᠰᠢ ᠪᠠᠶᠢᠯᠭᠠᠬᠤ ᠪᠠᠷ ᠳᠡᠯᠭᠡᠷᠡᠭᠦᠯᠵᠦ᠂ ᠤᠰᠤ ᠠᠷᠪᠢᠯᠠᠬᠤ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠥᠪᠥᠷ | ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ 300 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠷᠣᠯᠠᠭᠤᠯᠬᠤ ᠶᠢ ᠠᠬᠢᠭᠤᠯᠤᠨ᠎ᠠ᠃ ᠵᠢᠷᠭᠤᠭ᠎ᠠ ᠳᠤ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭ ᠲᠠᠢ ᠤᠮᠠᠷᠠᠲᠤ | ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠥᠲᠥᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠢ ᠠᠭᠤᠰᠤᠯᠴᠠᠭᠤᠯᠤᠨ ᠬᠦᠭᠵᠢᠭᠦᠯᠬᠦ ᠶᠢ | ᠠᠬᠢᠭᠤᠯᠤᠨ᠎ᠠ᠃ ︵ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ︶ |