ᠪᠥᠬᠦ ᠣᠷᠣᠨ ᠤ ᠡᠨᠧᠷᠭᠢ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠨᠢ ᠣᠨ ᠤ ᠪᠡᠯᠡ ᠣᠷᠣᠭᠤᠯᠤᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2025/2/26
      12 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ᠂ 2024 ᠣᠨ ᠳᠤ ᠪᠥᠬᠦ ᠣᠷᠣᠨ ᠤ ᠡᠨᠧᠷᠭᠢ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠎ ᠨᠢ 3408 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠠᠯᠠ ᠣᠷᠣᠭᠤᠯᠤᠯᠲᠠ ︵3360 ᠳ᠋ᠦᠩᠰᠢᠭᠤᠷ ᠲᠥᠭᠦᠷᠢᠭ︶᠎ ᠪᠠᠨ 101.4%᠎ ᠪᠠᠷ ᠪᠡᠶᠡᠯᠡᠭᠦᠯᠪᠡ᠃ ᠡᠭᠦᠨ ᠳᠤ᠂ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠨᠢ 2707 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠷᠤᠭ ᠪᠦᠬᠦ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 80%᠎ ᠶᠢ ᠡᠵᠡᠯᠡᠨ᠎ᠡ᠃ ᠲᠥᠷᠥᠯ ᠢᠶᠠᠷ ᠨᠢ ᠠᠩᠭᠢᠯᠠᠪᠠᠯ᠂ ᠰᠢᠨ᠎ᠡ ᠡᠨᠧᠷᠭᠢ ᠶᠢᠨ ᠲᠥᠷᠥᠯ ᠵᠦᠢᠯ ᠨᠢ 1707 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠠᠯᠠ ᠣᠷᠣᠭᠤᠯᠤᠯᠲᠠ ᠪᠠᠨ 102%᠎ ᠢᠶᠠᠷ ᠪᠡᠶᠡᠯᠡᠭᠦᠯᠪᠡ︔ ᠴᠠᠬᠢᠯᠭᠠᠨ ᠬᠦᠴᠦᠨ ᠤ ᠲᠥᠷᠥᠯ ᠵᠦᠢᠯ ᠨᠢ 470 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠠᠯᠠ ᠣᠷᠣᠭᠤᠯᠤᠯᠲᠠ ᠪᠠᠨ 103%᠎ ᠪᠠᠷ ᠪᠡᠶᠡᠯᠡᠭᠦᠯᠪᠡ︔ ᠨᠡᠭᠦᠷᠡᠰᠦᠨ ᠤ ᠲᠥᠷᠥᠯ ᠵᠦᠢᠯ ᠨᠢ 171 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 100%᠎ ᠪᠠᠷ ᠪᠡᠶᠡᠯᠡᠭᠦᠯᠪᠡ︔ ᠴᠢᠯᠠᠭᠤᠨ ᠲᠣᠰᠣᠨ ᠤ ᠲᠥᠷᠥᠯ ᠵᠦᠢᠯ ᠨᠢ 60 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 107%᠎ ᠪᠠᠷ ᠪᠡᠶᠡᠯᠡᠭᠦᠯᠪᠡ︔ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠨᠢ 1000 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 100%᠎ ᠪᠠᠷ ᠪᠡᠶᠡᠯᠡᠭᠦᠯᠪᠡ᠃ ︵ᠡᠨᠧᠷᠭᠢ ᠶᠢᠨ ᠲᠣᠪᠴᠢᠶ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ