ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠵᠦ ᠤᠮᠠᠷᠠᠲᠤ ᠬᠢᠯᠢ ᠶᠢᠨ ᠰᠤᠷᠭᠠᠨ ᠬᠥᠮᠦᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2025/2/26
       ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠺᠠᠳ᠋ᠷᠴᠤᠳ ᠤᠨ ᠬᠤᠷᠠᠯ ᠬᠤᠷᠠᠯᠳᠤᠭᠤᠯᠵᠤ᠂ 2024 ᠣᠨ ᠤ ᠠᠵᠢᠯ ᠎ ᠢᠶᠠᠨ ᠳ᠋ᠦᠩᠨᠡᠵᠦ᠂ 2025 ᠣᠨ ᠤ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠢ ᠪᠠᠶᠢᠷᠢᠯᠠᠭᠤᠯᠪᠠ᠃      ᠬᠤᠷᠠᠯ ᠠᠴᠠ᠂  2024 ᠣᠨ ᠳᠤ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠤᠷᠢᠳ ᠢᠶᠠᠷ ᠬᠡᠷᠡᠭᠵᠢᠭᠦᠯᠬᠦ ᠣᠷᠣᠨ ᠢ   ᠪᠠᠶᠢᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠴᠢᠩᠭᠠᠳᠬᠠᠬᠤ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠬᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂  ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠯᠠᠪᠳᠠᠭᠤᠨ ᠪᠠᠲᠤᠲᠠᠢ ᠠᠬᠢᠪᠠ ᠭᠡᠵᠦ ᠵᠢᠭᠠᠵᠤ ᠭᠠᠷᠭᠠᠵᠠᠢ᠃      2025 ᠣᠨ ᠪᠣᠯ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ  ᠪᠠᠶᠢᠭᠤᠯᠬᠤ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠳᠠᠪᠤᠷᠢᠵᠢᠭᠤᠯᠬᠤ ᠪᠠ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ  ᠪᠠᠶᠢᠭᠤᠯᠤᠯᠲᠠ ᠶᠢ ᠲᠦᠷᠭᠡᠳᠬᠡᠬᠦ ︽ᠰᠠᠨᠠᠯ︾᠎ ᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠬᠤᠷᠠᠯ ᠠᠴᠠ᠂ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂  ᠦᠵᠡᠯ ᠰᠠᠨᠠᠭᠠᠨ ᠤ ᠲᠠᠯ᠎ᠠ ᠪᠠᠷ ᠨᠢᠭᠡᠳᠦᠯᠲᠡᠢ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠨᠢᠭᠡᠳᠦᠯᠲᠡᠢ ᠪᠠᠶᠢᠵᠤ᠂ ᠠᠵᠢᠯ ᠤᠨ ᠲᠠᠯ᠎ᠠ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠰᠤᠷᠭᠠᠭᠤᠯᠢ ᠡᠷᠭᠢᠯᠡᠵᠤ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠦᠭᠦ ᠶᠠᠪᠤᠴᠠ ᠳᠤ ᠠᠭᠤᠰᠤᠯᠴᠠᠭᠤᠯᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ  ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠬᠦ ︽ᠰᠠᠨᠠᠯ︾᠎ ᠢ ᠨᠠᠶᠢᠳᠠᠪᠤᠷᠢᠵᠢᠭᠤᠯᠬᠤ ᠪᠠᠷ ᠶᠡᠷᠦᠩᠬᠡᠢ ᠭᠠᠷᠳᠠᠴᠠ ᠪᠤᠯᠭᠠᠵᠤ᠂ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠶᠢᠨ ᠬᠠᠮᠲᠤᠷᠠᠨ ᠠᠵᠢᠯᠯᠠᠬᠤ ᠲᠣᠭᠲᠠᠴᠠ ᠵᠡᠷᠭᠡ ᠴᠢᠬᠤᠯᠠ ᠲᠣᠭᠲᠠᠴᠠ ᠶᠢᠨ ᠲᠤᠰᠠᠯᠠᠬᠤ ᠦᠢᠯᠡᠳᠦᠯ ᠢ ᠰᠠᠶᠢᠲᠤᠷ ᠠᠰᠢᠭᠯᠠᠨ  ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠳᠤ ᠠᠩᠬᠠᠷᠤᠯ ᠎ ᠢᠶᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠢ ᠵᠦᠢᠯ ᠳᠤ ᠵᠥᠪ ᠢᠶᠠᠷ ᠬᠠᠨᠳᠤᠵᠤ᠂ ᠳᠣᠲᠣᠭᠠᠳᠤ ᠵᠢᠮ᠎ᠡ ᠶᠣᠰᠣ ᠶᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠤᠳᠤᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠨᠠᠷᠠᠲᠤ ᠲᠥᠷᠥᠯ ᠲᠡᠮᠳᠡᠭ ᠤᠨ ᠴᠢᠨᠠᠷ ᠴᠢᠨᠰᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ︾᠎ ᠤᠨ ᠨᠠᠷᠠᠲᠤ ᠲᠥᠷᠥᠯ ᠲᠡᠮᠳᠡᠭ ᠢ ᠴᠢᠷᠮᠠᠶᠢᠨ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ