ᠯᠢ ᠯᠢ ᠳ᠋ᠦᠩᠱᠧᠩ ᠲᠣᠭᠤᠷᠢᠭ ᠲᠠᠯᠠᠳ ᠬᠤᠰᠢᠭᠤ ᠬᠠᠩᠬᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/27
      ᠣᠶᠢᠷ᠎ᠠ ᠶᠢᠨ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠳ᠋ᠦᠩᠱᠧᠩ ᠲᠣᠭᠤᠷᠢᠭ᠂ ᠳᠠᠯᠠᠳ ᠬᠤᠰᠢᠭᠤ᠂ ᠬᠠᠩᠭᠢᠨ ᠬᠤᠰᠢᠭᠤᠨ ᠳᠤ ᠦᠨᠲᠤᠰᠤᠨ ᠱᠠᠲᠤᠨ ᠤ ᠲᠠᠷᠤᠭᠠᠰᠤ ᠶᠢ ᠬᠥᠩᠭᠡᠷᠡᠭᠦᠯᠬᠦ᠂ ︽ᠠᠷᠪᠠᠨ ᠶᠡᠭᠡ ᠬᠦᠨᠲᠡᠢ ᠶᠢᠨ ᠭᠤᠣᠯ︾᠎ ᠢ ᠶᠡᠷᠦᠩᠬᠡᠶᠢᠯᠡᠨ ᠵᠠᠰᠠᠬᠤ᠂ ᠬᠠᠳᠤᠨ ᠭᠤᠣᠯ ᠤᠨ ᠰᠦᠩ ᠬᠠᠯᠢᠶ᠎ᠡ ᠶᠢ ᠰᠡᠷᠭᠡᠶᠢᠯᠡᠬᠦ ᠵᠢᠴᠢ ᠰᠢᠨ᠎ᠡ ᠡᠨᠧᠷᠬᠢ ᠶᠢᠨ ᠲᠣᠮᠣ ᠰᠠᠭᠤᠷᠢᠨ ᠭᠠᠵᠠᠷ ᠤᠨ ᠲᠦᠷᠤᠯ ᠵᠦᠢᠯ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠳ᠋ᠦᠩᠱᠧᠩ ᠲᠣᠭᠤᠷᠢᠭ ᠤᠨ ᠰᠢᠩ ᠱᠧᠩ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ ᠶᠤᠸᠠᠨ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠠᠴᠢᠯᠡᠭᠡᠨ ᠤ ᠲᠥᠪ ᠲᠤ᠂ ᠯᠢ ᠯᠢ ︽ᠰᠠᠭᠤᠷᠢ ᠳ᠋ᠠᠶᠢᠠ ᠬᠦᠮᠣᠷᠭᠡ︾᠎ ᠶᠢᠨ ᠠᠵᠢᠯᠯᠠᠭᠠᠨ ᠤ  ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠦᠨᠳᠤᠰᠤᠨ ᠱᠠᠲᠤᠨ ᠤ ᠡᠷᠭᠡ ᠬᠠᠷᠢᠴᠠᠭᠤᠯᠭ᠎ᠠ ᠶᠢ ᠤᠯᠠᠮ ᠨᠢᠭᠡ ᠠᠯᠬᠤᠮ ᠲᠣᠳᠤᠷᠬᠠᠢ ᠪᠣᠯᠭᠠᠵᠤ᠂ ︽ᠰᠠᠭᠤᠷᠢ ᠳ᠋ᠠᠶᠢᠠ ᠬᠦᠮᠦᠷᠭᠡ︾᠎ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠨᠳᠦᠰᠤᠨ ᠱᠠᠲᠤᠨ ᠤ ᠳᠠᠷᠤᠭᠠᠰᠤ ᠶᠢ ᠬᠦᠩᠭᠡᠷᠡᠭᠦᠯᠬᠦ ᠣᠷᠲᠤ ᠬᠤᠭᠤᠴᠠᠭᠠᠨ ᠤ ᠪᠦᠲᠣᠮᠵᠢᠲᠡᠢ ᠲᠣᠭᠳᠠᠴᠠ ᠶᠢ ᠪᠦᠷᠢᠨᠰᠢᠭᠦᠯᠦᠨ᠂ ᠦᠨᠳᠦᠰᠤᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠣᠶᠣᠨ ᠴᠢᠳᠠᠯ ᠢᠶᠠᠨ ᠭᠠᠷᠭᠠᠵᠤ ᠤᠯᠠᠨ ᠲᠦᠮᠡᠨ ᠳᠤ ᠦᠢᠯᠡᠴᠢᠯᠡᠬᠦ ᠬᠡᠷᠡᠭᠲᠡᠢ ᠭᠡᠪᠡ᠃      ᠳᠠᠯᠠᠳ ᠬᠤᠰᠢᠭᠤᠨ ᠤ ᠬᠠᠨᠲᠠᠢ ᠭᠤᠣᠯ ᠤᠨ ᠲᠡᠭᠡᠲᠤ ᠤᠷᠣᠰᠬᠠᠯ ᠤᠨ ᠠᠰᠠᠷ ᠤᠨ ᠬᠤᠭᠤᠯᠠᠢ ᠶᠢᠨ ᠶᠠᠷᠤᠩᠬᠡᠶᠢᠯᠡᠨ ᠵᠠᠰᠠᠬᠤ ᠲᠦᠷᠤᠯ ᠵᠦᠢᠯ ᠤᠨ ᠲᠤᠬᠠᠢ ᠶᠢᠨ ᠲᠠᠯᠠᠪᠠᠢ ᠳᠤ᠂ ᠯᠢ ᠯᠢ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠰᠣᠨᠣᠰᠪᠠ᠃ ᠲᠡᠷᠡ᠂ ᠬᠠᠲᠤᠨ ᠭᠤᠣᠯ ᠤᠨ ᠰᠡᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠠ ᠶᠢᠨ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠣᠭᠤᠰᠢᠯᠠᠭᠤᠯᠵᠤ᠂ ᠭᠦᠷᠤᠰᠤ ᠰᠢᠷᠣᠢ ᠶᠢ ᠬᠠᠮᠠᠭᠠᠯᠠᠬᠤ ᠶᠡᠷᠤᠩᠬᠡᠶᠢᠯᠡᠭᠰᠡᠨ ᠵᠠᠰᠠᠯᠲᠠ ᠶᠢᠨ ᠡᠷᠴᠢᠮ ᠢ ᠴᠢᠩᠭᠠᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠤ ᠬᠡᠯᠡᠪᠡ᠃     ᠬᠠᠩᠬᠢᠨ ᠬᠤᠰᠢᠭᠤᠨ ᠤ ᠲᠣᠭᠤᠶᠢᠲᠠᠯ᠎ᠠ ᠪᠠᠯᠭᠠᠰᠤᠨ ᠤ ᠬᠠᠰᠢᠯᠭ᠎ᠠ ᠶᠢᠨ ᠭᠠᠵᠠᠷ ᠪᠣᠯᠣᠨ ᠳᠠᠭᠤᠲᠤ ᠶᠢᠨ ᠠᠶᠤᠯᠲᠠᠢ ᠪᠠᠷᠢᠯᠭ᠎ᠠ ᠶᠢᠨ ᠲᠤᠬᠠᠢ ᠶᠢᠨ ᠳᠠᠯᠠᠪᠠᠢ ᠳᠤ᠂ ᠯᠢ ᠯᠢ ᠡᠳ᠋ ᠪᠣᠳᠠᠰ ᠤᠨ ᠨᠦᠭᠡᠴᠠᠯᠠᠯ᠂ ᠠᠶᠤᠯᠲᠠᠢ ᠪᠠᠷᠢᠯᠭ᠎ᠠ ᠶᠢᠨ ᠵᠠᠰᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠤᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠡ᠃ ᠲᠡᠷᠡ᠂ ᠶᠡᠷᠤᠩᠬᠡᠢ ᠱᠦᠵᠢ ᠰᠢ ᠶᠢᠨ ᠫᠢᠩ ᠤᠨ ᠦᠶᠠᠷ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠦᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠰᠠᠷᠠᠮᠵᠢᠯᠡᠭᠦᠯᠵᠤ ᠤᠷᠢᠳᠴᠢᠯᠠᠨ ᠮᠡᠳᠡᠭᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠥᠭᠤᠳᠤᠯᠭ᠎ᠠ᠂ ᠵᠢᠵᠢᠭᠦᠷᠯᠠᠨ ᠰᠠᠬᠢᠬᠤ ᠵᠡᠷᠭᠡ ᠠᠵᠢᠯ ᠢ ᠴᠢᠩᠭ᠎ᠠ ᠨᠢᠮᠪᠠᠢ ᠰᠠᠶᠢᠲᠤᠷ ᠬᠢᠵᠦ᠂ ᠬᠠᠲᠤᠨ ᠭᠤᠣᠯ ᠤᠨ ᠠᠮᠤᠷ ᠲᠦᠪᠰᠢᠨ᠂ ᠠᠷᠠᠳ ᠤᠯᠠᠨ ᠤ ᠠᠮᠤᠷ ᠠᠮᠤᠭᠤᠯᠠᠩ ᠢ ᠪᠠᠳᠤᠯᠠᠬᠤ ᠬᠡᠷᠡᠭᠲᠡᠢ ᠬᠡᠪᠡ᠃      ᠬᠠᠩᠬᠢᠨ ᠬᠤᠰᠢᠭᠤᠨ ᠤ ᠱᠦᠸᠧ ᠹᠠᠩ ᠰᠢᠨ᠎ᠡ ᠡᠨᠧᠷᠬᠢ ᠶᠢᠨ ᠲᠣᠮᠣ ᠰᠠᠭᠤᠷᠢᠨ ᠭᠠᠵᠠᠷ ᠤᠨ ᠲᠥᠷᠤᠯ ᠵᠦᠢᠯ ᠤᠨ ᠲᠤᠬᠠᠢ ᠶᠢᠨ ᠳᠠᠯᠡᠪᠠᠢ ᠳᠤ᠂ ᠯᠢ ᠯᠢ ᠲᠦᠷᠤᠯ ᠵᠦᠶᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯᠠᠰᠤᠷᠭᠡᠭᠵᠢᠯ ᠢ ᠰᠡᠷᠭᠡᠶᠢᠯᠡᠵᠤ ᠡᠯᠠᠰᠤ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠠᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠦᠷᠭᠦᠯᠵᠢᠯᠠᠨ ᠠᠬᠢᠭᠤᠯᠵᠤ᠂ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠡ ᠶᠢ ᠲᠦᠷᠭᠡᠳᠬᠡᠵᠤ᠂ ︽ᠬᠡᠷᠡᠯ ᠴᠠᠨᠡᠭ ᠤᠨ ᠤᠷᠲᠤ ᠴᠠᠭᠠᠨ ᠬᠡᠷᠡᠮ︾᠎ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠪᠡᠯᠭᠡ ᠲᠡᠮᠳᠡᠭ ᠤᠨ ᠴᠢᠨᠡᠷᠲᠠᠢ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ ᠭᠡᠪᠡ᠃     ᠬᠠᠩᠬᠢᠨ ᠬᠤᠰᠢᠭᠤᠨ ᠤ ᠬᠦᠪᠴᠢ ᠶᠢᠨ ᠡᠯᠡᠰᠤᠨ ᠴᠥᠯ ᠤᠨ ᠬᠤᠶᠢᠲᠤ ᠵᠠᠬ᠎ᠠ ᠶᠢᠨ ᠬᠥᠪᠡᠭᠡᠯᠡᠭᠰᠡᠨ ᠣᠢ ᠨᠤᠳᠤᠭ ᠪᠡᠯᠴᠢᠭᠡᠷ ᠤᠨ ᠲᠦᠷᠤᠯ ᠵᠦᠢᠯ ᠤᠨ ᠣᠷᠣᠨ ᠳᠤ᠂ ᠯᠢ ᠯᠢ ᠳᠤᠮᠳᠠ ᠭᠡᠰᠡᠭ ᠤᠨ ᠡᠯᠡᠰᠤᠷᠭᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠣᠷᠤᠯᠴᠠᠨ ᠲᠤᠭᠤᠰᠢᠯᠠᠭᠤᠯᠵᠤ᠂ ᠪᠠᠷᠢᠯᠭ᠎ᠠ ᠪᠠᠷ ᠡᠯᠡᠰᠦ ᠶᠢ ᠲᠣᠭᠲᠠᠪᠤᠷᠢᠵᠢᠭᠤᠯᠬᠤ᠂ ᠠᠮᠢᠲᠤ ᠪᠣᠳᠠᠰ ᠢᠶᠠᠷ ᠡᠯᠠᠰᠤ ᠶᠢ ᠵᠠᠰᠠᠬᠤ ᠵᠡᠷᠭᠡ ᠠᠷᠭ᠎ᠠ ᠬᠡᠮᠵᠢᠶ᠎ᠠ ᠶᠢ ᠴᠢᠩᠭᠠᠳᠬᠠᠵᠤ᠂ ᠠᠵᠢᠯ ᠤᠯᠭᠤᠯᠲᠠ ᠪᠠᠷ ᠳᠡᠳᠭᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠤ᠂ ᠡᠯᠠᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠬᠦ ᠬᠤᠤᠰ ᠠᠮᠵᠢᠯᠲᠡ ᠶᠢ ᠪᠡᠶᠡᠯᠡᠭᠦᠯᠵᠦ᠂ ᠬᠥᠪᠡᠭᠡᠯᠡᠭᠰᠡᠨ ᠣᠢ ᠶᠢᠨ ᠪᠦᠰᠡ ᠶᠢ ᠪᠥᠬᠦ ᠱᠣᠭᠤᠮ ᠢᠶᠠᠷ ᠨᠡᠪᠳᠡᠷᠡᠭᠦᠯᠬᠦ ᠶᠢ ᠲᠦᠷᠭᠡᠳᠭᠡᠨ ᠠᠬᠢᠭᠤᠯᠵᠤ᠂ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠳᠤᠯᠬᠤ ᠲᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠤᠳᠤᠷᠢᠳᠤᠯᠭ᠎ᠠ ᠡᠷᠳᠡᠨᠢᠪᠢᠯᠢᠭ᠂ ᠵᠢᠷᠤᠮᠲᠤ ᠣᠷᠣᠯᠴᠠᠪᠡ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ