ᠴᠠᠭᠠᠨ ᠰᠠᠷ᠎ᠠ ᠶᠢᠨ ᠪᠠᠶᠠᠷ ᠤᠨ ᠠᠭᠤᠷ ᠠᠮᠢᠰᠬᠤᠯ ᠬᠠᠷᠠᠬᠠᠨ ᠳᠠᠭᠤᠰᠤᠭᠠᠳᠤᠢ ᠪᠠᠶᠢᠬᠤ ᠳᠤ᠂ ᠵᠡᠭᠦᠨᠭᠠᠷ ᠬᠤᠰᠢᠭᠤᠨ ᠤ ᠡᠯ᠎ᠡ ᠴᠢᠬᠤᠯᠠ ᠶᠡᠭᠡ ᠲᠥᠷᠥᠯ | ᠵᠦᠢᠯ ᠤᠳ ᠨᠢᠭᠡᠨᠲᠡ ᠠᠵᠢᠯ ᠰᠡᠷᠭᠦᠭᠡᠬᠦ ︽ᠪᠦᠷᠢᠶ᠎ᠡ︾ ᠶᠢ ᠬᠠᠩᠭᠢᠨᠠᠭᠤᠯᠪᠠ᠃ ᠠᠵᠢᠯᠴᠢᠳ ᠡᠷᠴᠢ ᠵᠣᠷᠢᠭ ᠢᠶᠠᠨ ᠬᠥᠪᠴᠢᠯᠡᠨ ᠪᠠᠷᠠᠯᠭᠠ ᠶᠢᠨ ᠬᠤᠭᠤᠴᠠᠭ᠎ᠠ ᠶᠢ | ᠠᠮᠵᠢᠵᠤ᠂ ᠠᠬᠢᠴᠠ ᠶᠢ ᠠᠳᠬᠤᠨ᠂ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠰᠢᠨ᠎ᠡ ᠥᠷᠨᠢᠯᠲᠡ ᠶᠢ ᠭᠠᠷᠭᠠᠵᠤ᠂ ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾ ᠶᠢ ᠪᠣᠢ ᠪᠣᠯᠭᠠᠬᠤ ᠪᠠᠷ ᠴᠢᠷᠮᠠᠶᠢᠨ᠎ᠠ᠃ | ᠥᠪᠥᠷ ᠮᠣᠩᠭᠤᠯ ᠤᠨ ᠬᠤᠢ ᠨᠧᠩ ᠴᠠᠩ ᠴᠤᠸᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ 2 x 660 ᠰᠠᠶ᠎ᠠ ᠸᠠᠲ ᠤᠨ ᠥᠷᠭᠡᠳᠬᠡᠨ ᠪᠠᠶᠢᠭᠤᠯᠬᠤ | ᠲᠥᠷᠥᠯ ᠵᠦᠢᠯ ᠤᠨ ᠠᠬᠤᠢ ᠲᠠᠯᠠᠪᠠᠢ ᠳᠤ᠂ 1800 ᠭᠠᠷᠤᠢ ᠠᠵᠢᠯᠴᠢᠳ ᠭᠠᠩᠨᠠᠬᠤ᠂ ᠳᠡᠭᠦᠵᠢᠯᠡᠨ ᠤᠭᠰᠠᠷᠠᠬᠤ ᠪᠠ ᠭᠤᠣᠯ ᠴᠣᠭᠴᠠ ᠶᠢᠨ ᠪᠦᠲᠦᠴᠡ ᠶᠢᠨ | ᠪᠠᠷᠢᠯᠭ᠎ᠠ ᠶᠢᠨ ᠠᠵᠢᠯ ᠢ ᠱᠠᠯᠠᠪᠳᠠᠨ ᠬᠢᠨ᠎ᠡ᠃ ᠲᠣᠰ ᠲᠥᠷᠥᠯ ᠵᠦᠢᠯ ᠢ ᠪᠦᠲᠦᠭᠡᠨ ᠪᠠᠶᠢᠭᠤᠯᠤᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠴᠠᠬᠢᠯᠭᠠᠨ ᠬᠠᠩᠭᠠᠬᠤ | ᠬᠡᠮᠵᠢᠶ᠎ᠡ 72 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 27 ᠳ᠋ᠦᠩᠰᠢᠭᠤᠷ ᠲᠥᠭᠦᠷᠢᠭ ᠲᠤ ᠬᠦᠷᠴᠦ᠂ | 800 ᠭᠠᠷᠤᠢ ᠠᠵᠢᠯ ᠤᠨ ᠪᠠᠶᠢᠷᠢ ᠣᠯᠭᠤᠬᠤ ᠪᠥᠭᠡᠳ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠠᠩᠭᠠᠯᠭ᠎ᠠ ᠶᠢᠨ ᠪᠠᠴᠢᠮ | ᠪᠠᠶᠢᠳᠠᠯ ᠢ ᠪᠦᠲᠤᠮᠵᠢᠲᠡᠢ ᠨᠠᠮᠳᠠᠭᠤᠯᠵᠤ᠂ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠵᠠᠮ ᠬᠠᠷᠢᠯᠴᠠᠭᠠᠨ ᠤ ᠳᠠᠷᠤᠯᠲᠠ ᠪᠣᠯᠣᠨ ᠡᠨᠧᠷᠬᠢ ᠶᠢᠨ ᠬᠤᠷᠣᠭᠳᠠᠯ ᠢ | ᠪᠠᠭᠠᠰᠬᠠᠬᠤ ᠪᠣᠯᠣᠨ᠎ᠠ᠃ | ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠣᠷᠣᠬᠤ ᠳᠤ᠂ 4 | ᠠᠦ᠋ᠲ᠋ᠣᠴᠢᠯᠠᠭᠰᠠᠨ ᠰᠢᠯ ᠤᠨ ᠦᠢᠯᠡᠳᠪᠦᠷᠢᠯᠡᠯ ᠤᠨ ᠱᠤᠭᠤᠮ ᠪᠥᠬᠦ ᠬᠤᠷᠳᠤᠴᠠ ᠪᠠᠷ ᠠᠵᠢᠯᠯᠠᠵᠤ᠂ ᠪᠦᠲᠦᠭᠡᠭᠳᠡᠭᠦᠨ ᠢ ᠳᠦᠭᠦᠷᠳᠡᠯ᠎ᠡ ᠳᠡᠭᠡᠭᠡᠭᠰᠡᠨ ᠬᠦᠨᠳᠦ | ᠠᠴᠢᠶᠠᠨ ᠤ ᠮᠠᠰᠢᠨ ᠲᠡᠷᠭᠡ ᠠᠷᠤ ᠠᠷᠤ ᠠᠴᠠ ᠪᠠᠨ ᠴᠤᠪᠤᠷᠠᠯᠳᠤᠨ ᠭᠠᠷᠤᠨ᠎ᠠ᠃ ᠲᠣᠰ ᠺᠣᠮᠫᠠᠨᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠡᠯᠲᠡᠰ ᠤᠨ ᠳᠡᠳ᠋ | ᠳᠠᠷᠤᠭ᠎ᠠ ᠷᠧᠨ ᠷᠦᠢ ᠴᠢ ᠶᠢᠨ ᠬᠡᠯᠡᠭᠰᠡᠨ ᠢᠶᠠᠷ᠂ ᠴᠠᠭᠠᠨ ᠰᠠᠷ᠎ᠠ ᠶᠢᠨ ᠳᠠᠷᠠᠭ᠎ᠠ ᠠᠵᠤ ᠠᠬᠤᠶᠢᠯᠠᠯ ᠤᠨ ᠵᠠᠬᠢᠶᠠᠯᠠᠭ᠎ᠠ ᠣᠷᠭᠢᠯ ᠦᠶ᠎ᠡ ᠳᠡᠭᠡᠨ ᠣᠷᠣᠵᠤ᠂ | ᠣᠳᠣᠬᠠᠨ ᠳᠤ 2 ᠨᠦᠬᠡᠨ ᠵᠤᠤᠬ᠎ᠠ᠂ 4 ᠦᠢᠯᠡᠳᠪᠦᠷᠢᠯᠡᠯ ᠤᠨ ᠱᠤᠭᠤᠮ ᠨᠢ ᠴᠥᠮ ᠶᠠᠭᠠᠷᠠᠯᠲᠠᠢ ᠦᠢᠯᠡᠳᠪᠦᠷᠢᠯᠡᠵᠦ᠂ ᠦᠢᠯᠡᠳᠬᠦᠨ ᠨᠢ ︽ᠬᠥᠮᠥᠷᠭᠡ ᠶᠢᠨ | ᠬᠠᠳᠠᠭᠠᠯᠠᠯᠲᠠ ᠦᠭᠡᠢ︾ ᠪᠣᠯᠣᠭᠰᠠᠨ ᠪᠠᠶᠢᠨ᠎ᠠ᠃ | ᠵᠡᠭᠦᠨᠭᠠᠷ ᠬᠤᠰᠢᠭᠤ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ︽ᠡᠬᠢᠯᠡᠯᠲᠡ ᠪᠠᠷ ᠢᠶᠠᠨ ᠰᠢᠢᠳᠪᠦᠷᠢᠲᠦ | ᠳᠠᠶᠢᠯᠠᠯᠳᠤᠭᠠᠨ ᠬᠢᠬᠦ᠂ ᠡᠬᠢᠯᠡᠯᠲᠡ ᠪᠠᠷ ᠢᠶᠠᠨ ᠰᠢᠪᠲᠤᠯᠤᠯᠲᠠ ᠬᠢᠬᠦ︾ ᠤᠷᠤᠭᠰᠢᠯᠠᠨ ᠳᠠᠪᠰᠢᠬᠤ ᠪᠠᠶᠢᠳᠠᠯ ᠢᠶᠠᠷ᠂ ᠪᠥᠬᠦ ᠦᠶᠡᠯᠡᠯ ᠤᠨ ᠬᠤᠭᠤᠴᠠᠭᠠᠨ ᠤ ᠲᠥᠷᠥᠯ | ᠵᠦᠢᠯ ᠤᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠶᠠᠪᠤᠴᠠ ᠶᠢ | ᠰᠢᠯᠢᠳᠡᠭᠵᠢᠭᠦᠯᠬᠦ᠂ ᠲᠤᠰᠬᠠᠢ ᠠᠩᠭᠢ ᠪᠠᠷ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ 68 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | | |