ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠨᠡᠶᠢᠭᠡᠮ ᠤᠨ ᠰᠢᠯᠵᠢᠯᠲᠡ ᠶᠢᠨ ᠬᠡᠮᠵᠢᠶ᠎ᠠ 23 ᠳ᠋ᠦᠩᠰᠢᠭᠤᠷ ᠬᠦᠮᠤᠨ ᠤᠳᠠᠭ᠎ᠠ ᠶᠢ ᠳᠠᠪᠠᠪᠠ
ᠨᠡᠶᠢᠲᠡᠯᠡᠭᠰᠡᠨ ᠴᠠᠭ᠄
2025/2/6
      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠨᠡᠶᠢᠭᠡᠮ ᠤᠨ ᠰᠢᠯᠵᠢᠯᠲᠡ ᠶᠢᠨ ᠬᠡᠮᠵᠢᠶ᠎ᠠ 23 ᠳ᠋ᠦᠩᠰᠢᠭᠤᠷ ᠬᠦᠮᠤᠨ ᠤᠳᠠᠭ᠎ᠠ ᠶᠢ ᠳᠠᠪᠠᠵᠤ᠂ ᠵᠢᠱᠢᠯᠲᠡ ᠪᠠᠷ 231193.88 ᠲᠦᠮᠡᠨ ᠬᠥᠮᠤᠨ ᠤᠳᠠᠭ᠎ᠠ ᠳᠤ ᠬᠦᠷᠬᠦ ᠪᠣᠯᠣᠨ᠎ᠠ᠃ ᠡᠭᠦᠨ ᠳᠤ᠂ ᠲᠡᠮᠤᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 9612 ᠲᠦᠮᠡᠨ ᠬᠥᠮᠤᠨ ᠤᠳᠠᠭ᠎ᠠ᠂ ᠵᠠᠰᠡᠮᠡᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠠ 218818 ᠲᠦᠮᠡᠨ ᠬᠥᠮᠤᠨ ᠤᠳᠠᠭ᠎ᠠ᠂ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠠ 935.3 ᠲᠦᠮᠡᠨ ᠬᠦᠮᠤᠨ ᠤᠳᠠᠭ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 1828.58 ᠲᠦᠮᠡᠨ ᠬᠦᠮᠤᠨ ᠤᠳᠠᠭ᠎ᠠ ᠳᠤ ᠲᠣᠰ ᠲᠣᠰ ᠬᠦᠷᠪᠡ᠃      2025 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠨᠡᠶᠢᠲᠠ 311.17 ᠲᠦᠮᠡᠨ ᠬᠥᠮᠤᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 22.22 ᠳ᠋ᠦᠩᠰᠢᠭᠤᠷ ᠲᠥᠭᠦᠷᠢᠭ ᠲᠤ ᠬᠦᠷᠥᠭᠰᠡᠨ ᠪᠠᠶᠢᠨ᠎ᠠ᠃ 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ