ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ | ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ | ᠵᠢᠯ ᠤᠨ 1 ᠳ᠋ᠦ᠋ᠭᠡᠷ ᠰᠠᠷ᠎ᠠ ᠠᠴᠠ ᠨᠠᠭᠠᠰᠢ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ︕ ᠬᠠᠮᠲᠤ ᠪᠠᠷ ᠦᠵᠡᠵᠡᠭᠡᠶ᠎ᠡ - | ᠰᠤᠷᠭᠠᠨ ᠬᠥᠮᠦᠵᠢᠯ ᠤᠨ ᠲᠠᠯ᠎ᠠ ᠪᠠᠷ | ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2024 - 2035 ᠣᠨ︶︾ | ᠶᠢ ᠳᠠᠷᠤᠮᠠᠯᠯᠠᠨ ᠲᠠᠷᠬᠠᠭᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ︽ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2024 - 2035 ᠣᠨ︶︾ ᠶᠢ ᠳᠠᠷᠤᠮᠠᠯᠯᠠᠨ ᠲᠠᠷᠬᠠᠭᠠᠵᠤ᠂ ᠬᠤᠶᠠᠷ | ᠠᠯᠬᠤᠮ ᠢᠶᠠᠷ ᠶᠠᠪᠤᠬᠤ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠪᠠ᠃ 2027 ᠣᠨ ᠪᠣᠯᠬᠤ ᠳᠤ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠱᠠᠲᠤᠴᠢ ᠴᠢᠨᠠᠷᠲᠠᠢ ᠴᠢᠬᠤᠯᠠ ᠦᠷ᠎ᠡ ᠪᠦᠲᠦᠮᠵᠢ ᠣᠯᠣᠨ᠎ᠠ᠃ 2035 ᠣᠨ ᠪᠣᠯᠬᠤ ᠳᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ᠎ᠠ᠃ ︽ᠬᠥᠲᠥᠯᠪᠦᠷᠢ︾ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠢ | ᠬᠥᠭᠵᠢᠭᠦᠯᠬᠦ ᠶᠢ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠯᠤᠭ᠎ᠠ ᠣᠷᠭᠠᠨᠢᠭ ᠢᠶᠠᠷ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤᠴᠢᠯᠠᠨ | ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠴᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠰᠤᠳᠤᠯᠪᠠ᠃ ᠬᠤᠷᠠᠯᠳᠤᠭᠠᠨ ᠢᠶᠠᠷ᠂ ᠶᠡᠭᠡ ᠳᠡᠭᠡᠳᠦ ᠰᠤᠷᠭᠠᠭᠤᠯᠢ ᠶᠢᠨ | ᠬᠥᠮᠥᠨ ᠬᠥᠮᠥᠵᠢᠭᠦᠯᠬᠦ ᠠᠷᠭ᠎ᠠ ᠬᠡᠯᠪᠡᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ᠂ ᠰᠤᠷᠭᠠᠭᠤᠯᠢ ᠡᠷᠬᠢᠯᠡᠬᠦ ᠬᠡᠪ ᠵᠠᠭᠪᠤᠷ᠂ ᠵᠠᠰᠠᠯᠲᠠ ᠶᠢᠨ | ᠲᠣᠭᠲᠠᠯᠴᠠᠭ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠴᠢᠳᠠᠪᠤᠷᠢᠲᠠᠨ ᠤ ᠰᠠᠶᠢᠨ ᠣᠷᠴᠢᠯ ᠢ ᠰᠢᠯᠤᠭᠤᠳᠬᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢᠨ ᠭᠤᠣᠯᠳᠠᠯᠭ᠎ᠠ ᠪᠠᠨ ᠪᠣᠯᠭᠠᠵᠤ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ | ᠮᠡᠳᠡᠬᠦ ᠡᠷᠬᠡ ᠣᠯᠭᠤᠬᠤ ᠬᠡᠷᠡᠭᠲᠡᠢ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠲᠣᠭᠲᠠᠯᠴᠠᠭᠠᠨ ᠤ ᠥᠭᠡᠷᠡᠴᠢᠯᠡᠯᠲᠡ ᠶᠢᠨ ᠳᠣᠬᠢᠭᠤᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠣᠨᠴᠠᠯᠢᠭᠲᠤ ᠬᠥᠭᠵᠢᠯᠲᠡ᠂ ᠪᠠᠭᠰᠢ ᠶᠢᠨ ᠨᠢᠭᠡ ᠰᠡᠳᠬᠢᠯ ᠢᠶᠠᠷ ᠵᠢᠭᠠᠨ ᠰᠤᠷᠭᠠᠵᠤ ᠰᠤᠳᠤᠯᠤᠯᠲᠠ ᠬᠢᠬᠦ ᠳᠤ ᠨᠢ | ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠬᠤᠯᠪᠣᠭᠳᠠᠨ᠎ᠠ᠂ ᠰᠤᠷᠭᠠᠨ ᠬᠥᠮᠦᠵᠢᠯ ᠤᠨ ᠶᠠᠮᠤᠨ ᠪᠢᠴᠢᠭ ᠮᠠᠲ᠋ᠧᠷᠢᠶᠠᠯ ᠲᠠᠷᠬᠠᠭᠠᠪᠠ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠤᠨ | ᠵᠦᠭᠯᠡᠭᠦᠷ︾ ᠢ ᠳᠠᠷᠤᠮᠠᠯᠯᠠᠨ ᠲᠠᠷᠬᠠᠭᠠᠵᠤ᠂ ᠠᠯᠪᠠᠨ ᠵᠠᠷᠤᠳᠠᠯ ᠢᠶᠠᠷ ᠬᠥᠮᠥᠵᠢᠭᠦᠯᠬᠦ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠲᠥᠷᠥᠯ ᠵᠦᠢᠯ ᠳᠤ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠰᠣᠷᠣᠭᠴᠢ ᠶᠢ ᠬᠥᠮᠥᠵᠢᠭᠦᠯᠬᠦ ᠬᠠᠷᠢᠴᠠᠯ ᠢᠶᠠᠨ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠴᠢᠨᠠᠷᠲᠠᠢ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠬᠥᠮᠥᠵᠢᠭᠦᠯᠬᠦ ᠶᠢ ᠨᠢ ᠳᠡᠮᠵᠢᠨ᠎ᠡ ᠭᠡᠵᠦ ᠲᠣᠳᠣᠷᠬᠠᠢ ᠲᠣᠭᠲᠠᠭᠠᠵᠠᠢ᠃ ᠪᠠᠭ᠎ᠠ ᠰᠤᠷᠭᠠᠭᠤᠯᠢ ᠨᠢᠭᠡ | ᠪᠦᠷᠢ ᠳᠤ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠰᠣᠷᠣᠯᠴᠠᠭᠰᠠᠨ ᠨᠠᠮᠲᠠᠷ ᠲᠠᠢ ᠮᠠᠰᠲ᠋ᠧᠷ ᠴᠣᠯᠠ ᠲᠠᠢ ᠰᠢᠨᠵᠢᠯᠡᠬᠦ ᠤᠬᠠᠭᠠᠨ ᠤ ᠪᠠᠭᠰᠢ ᠶᠢ ᠨᠠᠭᠠᠲᠤ | ᠵᠠᠬ᠎ᠠ ᠳᠤ ᠪᠠᠨ 1 ᠪᠠᠶᠢᠬᠤ ᠶᠢ ᠠᠬᠢᠭᠤᠯᠤᠨ᠂ ᠰᠤᠷᠭᠠᠭᠤᠯᠢ ᠨᠢᠭᠡ ᠪᠦᠷᠢ ᠳᠤ ᠰᠢᠨᠵᠢᠯᠡᠬᠦ ᠤᠬᠠᠭᠠᠨ ᠤ ᠳᠡᠳ᠋ ᠵᠠᠬᠢᠷᠤᠯ ᠨᠠᠭᠠᠲᠤ ᠵᠠᠬ᠎ᠠ ᠳᠤ ᠪᠠᠨ 1 ᠪᠠᠶᠢᠬᠤ ᠶᠢ | ᠦᠨᠡᠨ ᠬᠦ ᠪᠠᠲᠤᠯᠠᠨ᠎ᠠ᠃ | ᠠᠵᠢᠯ ᠣᠯᠭᠤᠯᠲᠠ ᠶᠢ ᠠᠬᠢᠭᠤᠯᠵᠤ᠂ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠵᠡᠷᠭᠡ ᠲᠠᠯ᠎ᠠ ᠪᠠᠷ | ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠦᠨ᠎ᠡ ᠁ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠪᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠠᠵᠢᠯ ᠣᠯᠭᠤᠯᠲᠠ ᠶᠢ | ᠠᠬᠢᠭᠤᠯᠬᠤ ᠬᠤᠯᠪᠣᠭᠳᠠᠯ ᠪᠦᠬᠦᠢ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠠᠬᠢᠭᠤᠯᠪᠠ᠃ ᠬᠤᠷᠠᠯᠳᠤᠭᠠᠨ ᠢᠶᠠᠷ᠂ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠪᠣᠯᠪᠠᠰᠤᠷᠠᠯ ᠢᠶᠠᠷ ᠬᠦᠴᠦᠨ ᠴᠢᠳᠠᠮᠵᠢ ᠶᠢ ᠨᠢ ᠡᠷᠴᠢᠮᠯᠡᠬᠦ᠂ | ᠦᠢᠯᠡᠴᠢᠯᠡᠭᠡ ᠪᠠᠷ ᠬᠦᠴᠦᠨ ᠨᠡᠮᠡᠷᠢᠯᠡᠬᠦ ᠶᠢ ᠴᠢᠩᠭᠠᠳᠬᠠᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠢ᠃ ᠠᠵᠢᠯ | ᠣᠯᠭᠤᠬᠤ ᠠᠵᠢᠯ ᠤᠨ ᠪᠠᠶᠢᠷᠢ ᠶᠢᠨ ᠲᠠᠯᠳᠠ ᠬᠦᠴᠦᠨ ᠢ ᠨᠢ ᠠᠭᠤᠳᠠᠯᠤᠨ ᠪᠠᠭᠲᠠᠭᠠᠮᠵᠢ ᠶᠢ ᠨᠢ ᠥᠷᠭᠡᠳᠬᠡᠬᠦ ᠠᠵᠢᠯ ᠢ ᠬᠦᠴᠦᠯᠡᠨ ᠬᠢᠬᠦ ᠬᠡᠷᠡᠭᠲᠡᠢ᠃ ᠭᠤᠣᠯᠳᠠᠯᠭ᠎ᠠ | ᠪᠣᠯᠬᠤ ᠬᠥᠮᠥᠰ ᠲᠤ ᠠᠵᠢᠯ ᠣᠯᠭᠤᠬᠤ ᠶᠢ ᠲᠡᠳᠬᠦᠨ ᠳᠡᠮᠵᠢᠬᠦ ᠪᠠᠨ ᠨᠡᠮᠡᠭᠳᠡᠭᠦᠯᠵᠦ᠂ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ | ᠨᠢ ᠥᠷᠭᠡᠳᠬᠡᠬᠦ ᠲᠤᠰᠬᠠᠢ ᠵᠦᠢᠯ ᠤᠨ ᠵᠢᠭᠡᠯᠡᠯᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠭ᠎ᠠ ᠶᠢᠨ ᠳᠠᠭᠠᠭᠠᠴᠢᠯᠠᠯᠲᠠ ᠶᠢᠨ ᠲᠣᠭᠲᠠᠯᠴᠠᠭᠠᠨ ᠤ ᠠᠵᠢᠯ ᠣᠯᠵᠤ ᠦᠢᠯᠡᠰ ᠴᠣᠭᠴᠠᠯᠠᠬᠤ ᠶᠢ ᠬᠦᠴᠦᠯᠡᠨ ᠳᠡᠮᠵᠢᠬᠦ ᠶᠢ ᠨᠢ ᠠᠬᠢᠭᠤᠯᠵᠤ᠂ ᠠᠵᠢᠯ ᠤᠨ | ᠪᠠᠶᠢᠷᠢ ᠶᠢ ᠨᠢ ᠥᠷᠭᠡᠳᠬᠡᠬᠦ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶ᠎ᠡ ᠶᠢ ᠰᠤᠳᠤᠯᠤᠨ ᠥᠷᠭᠡᠳᠬᠡᠬᠦ ᠬᠡᠷᠡᠭᠲᠡᠢ᠃ | ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠢᠢᠳᠬᠡᠵᠦ᠂ | ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠨ᠎ᠠ | 1 ᠳ᠋ᠦ᠋ᠭᠡᠷ ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠬᠥᠯᠥᠰᠦᠨ ᠠᠵᠢᠯᠴᠢᠨ ᠳᠤ ᠴᠠᠯᠢᠩ | ᠥᠭᠬᠦ ᠶᠢ ᠨᠢ ᠪᠠᠲᠤᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠴᠠᠯᠢᠩ ᠥᠷᠢᠲᠦᠬᠦ | ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠨᠢ ᠰᠠᠭᠠᠳ ᠦᠭᠡᠢ | ᠨᠠᠪᠲᠠᠷᠡᠭᠦᠯᠵᠦ᠂ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠢᠢᠳᠬᠡᠵᠦ᠂ ᠥᠷᠭᠡᠨ ᠣᠯᠠᠨ ᠬᠥᠯᠥᠰᠦᠨ ᠠᠵᠢᠯᠴᠢᠳ ᠤᠨ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠪᠠ ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠳ ᠢ ᠵᠢᠯᠤᠭᠤᠳᠴᠤ ᠪᠠᠶᠢᠭᠠᠳ ᠬᠥᠯᠥᠰᠦᠨ ᠠᠵᠢᠯᠴᠢᠳ ᠲᠤ ᠴᠠᠯᠢᠩ ᠥᠭᠬᠦ ᠶᠢ ᠨᠢ ᠤᠷᠢᠳ ᠢᠶᠠᠷ ᠪᠠᠲᠤᠯᠠᠬᠤ ᠪᠠ ᠴᠠᠯᠢᠩ ᠥᠷᠢᠲᠦᠬᠦ ᠶᠢ | ᠲᠦᠷᠦᠭᠦᠯᠡᠨ ᠴᠡᠪᠡᠷᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠤᠨ ᠴᠠᠯᠢᠩ ᠥᠷᠢᠲᠦᠵᠦ ᠪᠠᠶᠢᠭ᠎ᠠ ᠶᠢ ᠨᠢ ᠬᠠᠤᠯᠢ ᠶᠣᠰᠣᠭᠠᠷ ᠰᠢᠪᠠᠳᠠᠭᠤᠯᠵᠤ | ᠪᠠᠶᠢᠭᠠᠳ ᠴᠠᠭ ᠲᠤᠬᠠᠢ ᠳᠤ ᠨᠢ ᠲᠥᠯᠥᠭᠦᠯᠬᠦ ᠬᠡᠷᠡᠭᠲᠡᠢ ᠭᠡᠪᠡ᠃ | ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠭᠰᠠᠨ ᠪᠠ ᠥᠷᠢᠲᠦᠭᠰᠡᠨ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ | ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠭᠠᠳ ᠢᠲᠡᠭᠡᠯ | ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠳ ᠤᠨ ᠨᠡᠷᠡᠰ ᠢ ᠬᠠᠮᠲᠤ ᠪᠠᠷ ᠬᠦᠷᠲᠡᠬᠦ ᠲᠣᠭᠲᠠᠴᠠ ᠶᠢ | ᠪᠦᠷᠢᠨᠰᠢᠭᠦᠯᠦᠨ᠂ ᠰᠢᠪᠠᠳᠠᠭᠤᠯᠤᠨ ᠵᠢᠯᠤᠭᠤᠳᠬᠤ ᠪᠠᠨ ᠦᠨᠡᠨ ᠬᠦ ᠴᠢᠩᠭᠠᠳᠬᠠᠬᠤ ᠶᠢ ᠱᠠᠭᠠᠷᠳᠠᠪᠠ᠃ | ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ 2025 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ | ᠨᠠᠷᠢᠨ ᠳᠠᠩᠰᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ﹀ 2025 ᠣᠨ ᠤ | ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ︾ ᠶᠢ ᠳᠠᠷᠤᠮᠠᠯᠯᠠᠨ ᠶᠠᠪᠤᠭᠤᠯᠪᠠ᠂ ᠲᠡᠷᠡ ᠨᠢ ᠠᠵᠤ ᠠᠬᠤᠶᠢᠯᠠᠯ ᠤᠨ ᠵᠦᠢᠯᠡᠰ ᠪᠠ | ᠬᠤᠪᠢ ᠬᠥᠮᠥᠨ ᠤ ᠵᠦᠢᠯᠡᠰ ᠤᠨ 12 ᠲᠠᠯ᠎ᠠ ᠶᠢ ᠬᠠᠮᠤᠷᠴᠠᠢ᠂ ᠵᠢᠱᠢᠶᠡᠯᠡᠪᠡᠯ ᠰᠢᠨ᠎ᠡ ᠮᠠᠰᠢᠨ ᠲᠡᠷᠭᠡᠨ ᠳᠤ ᠫᠠᠶᠢᠰᠠ ᠡᠯᠭᠦᠬᠦ᠂ ᠬᠤᠪᠢ ᠬᠥᠮᠥᠨ ᠤ ᠦᠢᠯᠡᠰ ᠴᠣᠭᠴᠠᠯᠠᠬᠤ᠂ | ᠤᠷᠤᠭᠯᠠᠵᠤ ᠡᠷᠦᠬᠡ ᠠᠮᠠ ᠶᠢᠨ ᠳᠠᠩᠰᠠ ᠣᠷᠣᠬᠤ᠂ ᠭᠠᠳᠠᠭᠠᠳᠤ ᠶᠢᠨ ᠬᠥᠮᠥᠨ ᠳᠤᠮᠳᠠᠳᠤ ᠤᠯᠤᠰ ᠲᠤ ᠢᠷᠡᠵᠦ ᠠᠵᠢᠯᠯᠠᠬᠤ᠂ ᠭᠡᠷ ᠤᠨ ᠬᠠᠭᠤᠴᠢᠨ ᠴᠠᠬᠢᠯᠭᠠᠨ | ᠬᠡᠷᠡᠭᠰᠡᠯ ᠢ ᠰᠢᠨ᠎ᠡ ᠪᠠᠷ ᠰᠣᠯᠢᠬᠤ ᠪᠠ ᠭᠠᠷ ᠤᠲᠠᠰᠤ ᠵᠡᠷᠭᠡ ᠶᠢ ᠰᠢᠨ᠎ᠡ ᠪᠠᠷ ᠬᠤᠳᠠᠯᠳᠤᠨ ᠠᠪᠬᠤ ᠳᠤ ᠨᠥᠬᠦᠪᠦᠷᠢ ᠭᠤᠶᠤᠴᠢᠯᠠᠬᠤ ᠵᠡᠷᠭᠡ ︽ᠨᠢᠭᠡ ᠠᠵᠢᠯ ᠶᠠᠪᠤᠳᠠᠯ︾ | ᠪᠣᠢ᠃ | ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ 8 ᠰᠠᠯᠠᠭ᠎ᠠ ᠮᠥᠴᠢᠷ ︽ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ | ᠬᠦᠴᠦᠷᠬᠡᠭᠵᠢᠭᠦᠯᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠢ ᠵᠢᠯᠣᠭᠤᠳᠤᠨ ᠠᠵᠢᠯ ᠮᠡᠷᠭᠡᠵᠢᠯ ᠤᠨ | ᠤᠷ᠎ᠠ ᠮᠡᠷᠭᠡᠰᠢᠯ ᠤᠨ ᠵᠡᠷᠭᠡ ᠳᠡᠰ ᠢᠶᠠᠷ ᠴᠠᠯᠢᠩ ᠬᠤᠪᠢᠶᠠᠷᠢᠯᠠᠬᠤ ᠶᠢᠨ ᠴᠢᠬᠤᠯᠠ ᠯᠠᠪᠯᠠᠯᠲᠠ ᠪᠣᠯᠭᠠᠵᠤ᠂ ᠴᠠᠯᠢᠩ ᠤᠨ ᠬᠤᠪᠢᠶᠠᠷᠢᠯᠠᠯᠲᠠ ᠶᠢ ᠵᠠᠩᠭᠢᠯᠠᠭ᠎ᠠ ᠶᠢᠨ | ᠠᠵᠢᠯ ᠤᠨ ᠪᠠᠶᠢᠷᠢ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠪᠠ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠤᠷ᠎ᠠ ᠮᠡᠷᠭᠡᠰᠢᠯᠲᠦ ᠴᠢᠳᠠᠪᠤᠷᠢᠲᠠᠨ ᠲᠡᠶᠢᠰᠢ | ᠬᠡᠯᠪᠡᠶᠢᠯᠭᠡᠬᠦ ᠶᠢ ᠠᠬᠢᠭᠤᠯᠪᠠ᠃ | ᠨᠠᠰᠤᠵᠢᠯ ᠤᠨ ᠠᠰᠠᠷᠠᠮᠵᠢ᠂ ᠡᠪᠡᠳᠴᠢᠨ ᠦᠵᠡᠭᠦᠯᠬᠦ ᠲᠠᠯ᠎ᠠ ᠪᠠᠷ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠢ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠳᠤ | ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠬᠤ ᠪᠠᠷ ᠭᠤᠣᠯᠳᠠᠯᠭ᠎ᠠ ᠪᠣᠯᠭᠠᠬᠤ ᠶᠢ ᠠᠩᠬ᠎ᠠ ᠤᠳᠠᠭ᠎ᠠ ᠲᠣᠳᠣᠷᠬᠠᠢ ᠳᠤᠷᠠᠳᠴᠠᠢ᠃ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠬᠡᠨ ᠨᠥᠬᠦᠪᠦᠷᠢᠯᠡᠬᠦ ᠬᠡᠷᠡᠭᠲᠡᠢ ᠬᠡᠮᠡᠨ ᠱᠠᠭᠠᠷᠳᠠᠵᠤ᠂ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠵᠤ ᠪᠠᠶᠢᠭᠠᠳ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ᠂ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢ ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠬᠥᠭᠵᠢᠭᠦᠯᠬᠦ | ᠵᠡᠷᠭᠡ ᠠᠷᠭ᠎ᠠ ᠪᠠᠷᠢᠯ ᠢ ᠳᠤᠷᠠᠳᠪᠠ᠃ | ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠳᠥᠭᠦᠮ ᠪᠣᠯᠪᠠ︕ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠤ ᠪᠠᠶᠢᠷᠢᠯᠠᠭᠤᠯᠤᠯᠲᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠣᠳᠣᠬᠠᠨ ᠪᠠ ᠠᠯᠤᠰ ᠬᠡᠳᠦ ᠶᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ᠂ ᠤᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠤᠳ ᠢ | ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠵᠦ᠂ ᠤᠯᠠᠨ ᠲᠦᠮᠡᠨ ᠤ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠢᠯᠡᠭᠦᠦ ᠳᠥᠭᠦᠮᠯᠡᠬᠦ ᠬᠡᠷᠡᠭᠲᠡᠢ᠃ ᠦᠨᠳᠦᠰᠦᠨ ᠱᠠᠲᠤᠨ ᠤ | ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠡᠮᠴᠢᠯᠡᠭᠡᠨ ᠤ ᠰᠠᠯᠠᠭ᠎ᠠ ᠲᠠᠰᠤᠭ ᠤᠨ ᠲᠣᠬᠢᠷᠠᠭᠤᠯᠤᠯᠲᠠ ᠪᠠ | ᠡᠮᠴᠢᠯᠡᠭᠡᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠡᠷᠡᠭᠯᠡᠬᠦ ᠡᠮ ᠤᠨ ᠵᠦᠢᠯ ᠢ ᠥᠷᠭᠡᠳᠬᠡᠨ᠂ ᠡᠮᠨᠡᠯᠭᠡ ᠶᠢᠨ | ᠠᠵᠢᠯᠲᠠᠳ ᠤᠨ ᠪᠣᠯᠪᠠᠰᠤᠷᠠᠯ ᠢ ᠴᠢᠩᠭᠠᠳᠬᠠᠵᠤ᠂ ᠤᠵᠢᠭ ᠡᠪᠡᠳᠴᠢᠨ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ | ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ | ᠳᠠᠷᠤᠮᠠᠯᠯᠠᠨ ᠲᠠᠷᠬᠠᠭᠠᠵᠤ᠂ 5 ᠲᠠᠯ᠎ᠠ ᠶᠢᠨ 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ᠂ ᠬᠢᠨᠠᠨ ᠦᠨᠡᠯᠡᠬᠦ ᠬᠢᠨᠠᠨ | ᠵᠥᠪᠰᠢᠶᠡᠷᠡᠬᠦ ᠡᠬᠢ ᠪᠠᠶᠠᠯᠢᠭ ᠢ ᠡᠮᠴᠢᠯᠡᠭᠡᠨ ᠳᠤ ᠪᠠᠴᠢᠮ ᠬᠡᠷᠡᠭᠰᠡᠬᠦ ᠭᠤᠣᠯᠳᠠᠯᠭ᠎ᠠ ᠪᠣᠯᠬᠤ ᠰᠢᠨ᠎ᠡ ᠡᠭᠦᠳᠦᠯᠲᠡ ᠶᠢᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ | ᠲᠡᠶᠢᠰᠢ ᠨᠡᠩ ᠢᠯᠡᠭᠦᠦ ᠬᠡᠯᠪᠡᠶᠢᠯᠭᠡᠵᠦ᠂ ᠬᠢᠲᠠᠳ ᠡᠮ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ | ᠨᠡᠶᠢᠴᠡᠬᠦ ᠬᠤᠪᠣᠷᠬᠠᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠵᠦᠢᠯ᠂ ᠬᠡᠦᠬᠡᠳ ᠲᠤ ᠬᠡᠷᠡᠭᠯᠡᠬᠦ ᠡᠮ ᠤᠨ ᠵᠦᠢᠯ᠂ ᠬᠢᠮᠢ ᠶᠢᠨ ᠠᠩᠬᠠᠳᠠᠭᠴᠢ ᠳᠠᠭᠤᠷᠢᠶᠠᠮᠠᠯ | ᠡᠮ ᠵᠢᠴᠢ ᠲᠤᠰᠠᠭᠠᠷ ᠨᠠᠶᠢᠷᠠᠭᠰᠠᠨ ᠬᠢᠲᠠᠳ ᠡᠮ ᠤᠨ ᠲᠥᠷᠥᠯ ᠳᠤ ᠵᠣᠬᠢᠬᠤ ᠬᠡᠪᠴᠢᠶᠡᠨ ᠳᠤ ᠵᠠᠬ᠎ᠠ ᠳᠡᠯᠭᠡᠭᠦᠷ ᠢ ᠭᠠᠭᠴᠠᠭᠠᠷ ᠡᠵᠡᠯᠡᠬᠦ ᠬᠤᠭᠤᠴᠠᠭ᠎ᠠ ᠣᠯᠭᠤᠨ᠎ᠠ᠃ | | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠲᠤᠰᠢᠶᠠᠬᠤ ᠮᠥᠩᠭᠦ ᠶᠢ ᠴᠤᠴᠠᠯᠬᠤ ᠪᠠ ᠵᠢᠷᠤᠮᠵᠢᠭᠤᠯᠵᠤ᠂ 3 ᠳ᠋ᠤᠭᠠᠷ | ᠰᠠᠷ᠎ᠠ ᠠᠴᠠ ᠡᠬᠢᠯᠡᠨ ᠬᠡᠷᠡᠭᠵᠢᠭᠦᠯᠦᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠳᠤᠯᠤᠨ ᠲᠣᠭᠲᠠᠭᠠᠭᠰᠠᠨ ᠢᠶᠠᠷ᠂ 2025 ᠣᠨ ᠤ 3 ᠳ᠋ᠤᠭᠠᠷ ᠰᠠᠷ᠎ᠠ ᠠᠴᠠ ᠡᠬᠢᠯᠡᠨ᠂ ᠪᠥᠬᠦ | ᠤᠯᠤᠰ ᠲᠠᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠴᠤᠴᠠᠯᠵᠤ᠂ | ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮᠴᠢᠯᠡᠭᠡᠨ ᠤ ᠳᠠᠭᠠᠳᠬᠠᠯ ᠤᠨ ᠡᠪᠡᠳᠴᠢᠲᠡᠨ ᠤ ᠬᠤᠪᠢ | ᠬᠥᠮᠥᠨ ᠤ ᠥᠪᠡᠰᠦᠪᠡᠨ ᠲᠣᠭᠠᠴᠠᠭ᠎ᠠ ᠬᠢᠬᠦ ᠳᠤᠮᠳᠠᠴᠢ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠤᠨ᠎ᠠ᠃ | 2026 ᠣᠨ ᠤ ᠵᠢᠯ ᠤᠨ ᠰᠡᠭᠦᠯᠴᠢ ᠠᠴᠠ ᠡᠮᠦᠨ᠎ᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠢ ᠳᠤ ᠨᠢ ᠳ᠋ᠦᠩᠨᠡᠨ | ᠪᠤᠳᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠢ ᠳᠤ ᠨᠢ | ᠳ᠋ᠦᠩᠨᠡᠨ ᠪᠤᠳᠤᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2025 ᠣᠨ ᠳᠤ ᠪᠥᠬᠦ ᠤᠯᠤᠰ ᠲᠠᠬᠢ ᠨᠢᠭᠡᠳᠦᠯᠲᠡᠢ | ᠲᠥᠯᠥᠪᠯᠡᠭᠡ ᠶᠢᠨ 80% ᠣᠷᠴᠢᠮ ᠤᠨ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠢ ᠳᠤ ᠨᠢ ᠳ᠋ᠦᠩᠨᠡᠨ ᠪᠤᠳᠤᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ 2026 ᠣᠨ ᠳᠤ ᠪᠥᠬᠦ ᠤᠯᠤᠰ ᠲᠠᠬᠢ | ᠨᠢᠭᠡᠳᠦᠯᠲᠡᠢ ᠲᠥᠯᠥᠪᠯᠡᠭᠡ ᠶᠢᠨ ᠪᠣᠶ ᠪᠦᠬᠦᠢ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠢ ᠳᠤ ᠨᠢ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃ | ᠦᠨᠳᠦᠰᠦᠨ ᠡᠮᠴᠢᠯᠡᠭᠡᠨ ᠤ ᠳᠠᠭᠠᠳᠬᠠᠯ ᠨᠢ ᠪᠠᠶᠢᠩᠭᠤ ᠰᠠᠭᠤᠭ᠎ᠠ ᠭᠠᠵᠠᠷ᠂ ᠠᠵᠢᠯ ᠣᠯᠣᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ | ᠠᠮᠠ ᠶᠢᠨ ᠲᠠᠩᠰᠠ ᠶᠢᠨ ᠬᠢᠵᠠᠭᠠᠷᠯᠠᠯ ᠢ ᠴᠢᠯᠦᠭᠡᠲᠡᠢ ᠪᠣᠯᠭᠠᠨ᠎ᠠ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠬᠥᠳᠡᠯᠮᠦᠷᠢᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠥᠳᠡᠯᠮᠦᠷᠢᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠠᠵᠢᠯ ᠢ ᠶᠡᠭᠡ ᠪᠠᠷ ᠰᠠᠶᠢᠲᠤᠷ ᠬᠢᠬᠦ ᠶᠢ ᠲᠣᠳᠣᠷᠬᠠᠢ ᠲᠣᠭᠲᠠᠭᠠᠵᠤ᠂ ᠣᠷᠣᠯᠴᠠᠬᠤ ᠶᠣᠰᠣᠲᠠᠢ ᠶᠢ ᠨᠢ ᠴᠥᠮ ᠣᠷᠣᠯᠴᠠᠭᠤᠯᠬᠤ ᠶᠢ ᠦᠨᠡᠨ ᠬᠦ ᠪᠠᠲᠤᠯᠠᠨ᠎ᠠ᠃ | ᠬᠡᠲᠦ ᠲᠣᠮᠣ ᠬᠤᠲᠠ᠂ ᠣᠨᠴᠠ ᠶᠡᠭᠡ ᠬᠤᠲᠠ ᠳᠤ ᠠᠮᠢᠳᠤᠯᠢᠭ ᠢᠶᠠᠷ ᠠᠵᠢᠯ ᠣᠯᠣᠭᠰᠠᠳ ᠠᠵᠢᠯ ᠣᠯᠣᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ | ᠡᠷᠦᠬᠡ ᠠᠮᠠ ᠶᠢᠨ ᠳᠠᠩᠰᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠬᠤ ᠶᠢ ᠠᠬᠢᠭᠤᠯᠤᠨ᠎ᠠ᠃ | ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ︽ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠳ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠳᠤ ᠬᠡᠪᠴᠢᠶ᠎ᠡ ᠶᠢ | ᠪᠦᠲᠦᠮᠵᠢᠲᠡᠶ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠳᠤ | ᠲᠥᠬᠦᠮ ᠨᠥᠬᠦᠴᠡᠯ ᠡᠭᠦᠳᠴᠦ᠂ ᠰᠤᠷᠤᠭᠴᠢᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ | ᠦᠷᠡᠵᠢᠯ ᠳᠤ ᠨᠦᠬᠦᠷᠰᠡᠭ ᠡᠮᠨᠡᠯᠭᠡ ᠶᠢᠨ ᠬᠤᠷᠢᠶ᠎ᠠ᠂ ᠬᠡᠦᠬᠡᠳ ᠲᠤ ᠨᠦᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠤᠨ᠎ᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 4 ᠰᠠᠯᠠᠭ᠎ᠠ ᠮᠥᠴᠢᠷ ︽ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ | ᠬᠥᠩᠭᠡᠵᠢᠯ ᠤᠨ ᠡᠮᠴᠢᠯᠡᠭᠡᠨ ᠤ ᠪᠠᠶᠢᠭᠤᠯᠤᠮᠵᠢ ᠳᠠᠬᠢ ᠬᠠᠷᠢᠴᠠᠯ ᠢ 90% ᠳᠤ ᠬᠦᠷᠭᠡᠬᠦ ᠪᠠᠷ ᠴᠢᠷᠮᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ᠬᠡᠦᠬᠡᠳ ᠲᠤ ᠨᠥᠬᠦᠷᠰᠡᠭ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠥᠷᠨᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠬᠡᠦᠬᠡᠳ ᠲᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ | ᠬᠡᠦᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠬᠠᠩᠭᠠᠳᠠᠭ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠬᠡᠦᠬᠡᠳ ᠤᠨ ᠡᠮᠨᠡᠯᠭᠡ ᠶᠢᠨ ᠬᠤᠷᠢᠶ᠎ᠠ᠂ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶᠠᠨ ᠳᠠᠬᠢ ᠡᠵᠡᠯᠡᠬᠦ ᠬᠠᠷᠢᠴᠠᠯ ᠢ 90% ᠠᠴᠠ ᠳᠡᠭᠡᠭᠰᠢ ᠳᠤ ᠬᠦᠷᠭᠡᠬᠦ ᠪᠣᠯᠣᠮᠵᠢ ᠲᠠᠢ᠃ | | | | | | | |