ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠬᠢᠶ᠎ᠡ ᠪᠠᠭᠰᠢ ᠲᠣᠭᠤᠷᠢᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2025/2/7
     2 ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠬᠢᠶ᠎ᠠ ᠪᠠᠭᠰᠢ ᠲᠣᠭᠤᠷᠢᠭ ᠲᠤ ᠬᠤᠷᠠᠯᠳᠤᠭᠰᠠᠨ ᠪᠠᠶᠢᠨ᠎ᠠ᠃    ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠥᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠡᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠠᠵᠤ ᠠᠬᠤᠢ ᠨᠡᠶᠢᠬᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠭᠠᠪᠰᠢᠭᠠᠶᠢᠯᠠᠨ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠳᠣᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠳᠠᠶᠢᠴᠢᠯᠠᠪᠠ᠃    ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠤᠷᠠᠯ ᠢ ᠡᠷᠬᠢᠯᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠤ᠋ ᠵᠦᠩ ᠱᠧᠩ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ 
微信图片_20250207180230.jpg
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ