ᠣᠶᠢᠷ᠎ᠠ ᠶᠢᠨ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠤᠲᠠ ᠶᠢᠨ ᠡᠨᠧᠷᠬᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠪᠣᠯᠣᠨ ᠤᠷᠳᠤᠰ ᠤᠨ ᠴᠠᠬᠢᠯᠭᠠᠨ ᠬᠠᠩᠭᠠᠬᠤ ᠺᠣᠮᠫᠠᠨᠢ ᠳᠤ ᠬᠦᠷᠴᠤ ᠪᠠᠶᠢᠴᠠᠭᠠᠨ ᠰᠤᠳᠤᠯᠤᠯᠲᠠ | ᠬᠢᠭᠰᠡᠨ ᠤ ᠬᠠᠮᠲᠤ ᠪᠠᠶᠢᠭᠤᠯᠭ᠎ᠠ ᠶᠢᠨ ᠤᠳᠤᠷᠢᠳᠬᠤ ᠪᠠᠭ ᠤᠨ ᠪᠦᠷᠢᠯᠳᠤᠭᠦᠨ ᠨᠠᠷ ᠲᠠᠢ ᠶᠠᠷᠢᠯᠴᠠᠵᠤ᠂ 2025 ᠣᠨ ᠤ ᠠᠵᠢᠯ ᠤᠨ ᠲᠣᠬᠢᠷᠠᠭᠤᠯᠤᠯᠲᠠ ᠶᠢ | ᠰᠣᠨᠣᠰᠴᠤ᠂ ᠲᠡᠳᠡᠨ ᠤ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠳᠠᠯᠠᠪᠠ᠃ ᠲᠡᠷᠡ᠂ ᠲᠥᠪ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠬᠦᠨᠵᠡᠭᠡᠢ ᠨᠠᠶᠢᠲᠡᠪᠤᠷᠢᠵᠢᠭᠤᠯᠵᠤ᠂ ᠡᠬᠢᠯᠡᠪᠡᠯ ᠰᠢᠪᠳᠤᠯᠤᠯᠲᠠ ᠬᠢᠵᠦ᠂ ᠡᠬᠢᠯᠡᠪᠡᠯ ᠰᠢᠢᠳᠪᠦᠷᠢᠲᠦ ᠲᠠᠶᠢᠯᠡᠯᠳᠤᠭᠠᠨ ᠬᠢᠬᠦ ᠪᠠᠶᠢᠳᠠᠯ ᠢᠶᠠᠷ ᠬᠤᠶᠠᠷ ᠶᠡᠭᠡ | ᠶᠠᠪᠤᠳᠠᠯ ᠢ ᠪᠥᠬᠦ ᠬᠦᠴᠣᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ | ᠯᠠᠪᠳᠠᠭᠤᠨ ᠪᠠᠲᠤᠲᠠᠢ ᠥᠷᠨᠢᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ | ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠭᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃ | ᠬᠤᠲᠠ ᠶᠢᠨ ᠡᠨᠧᠷᠬᠢ ᠶᠢᠨ ᠲᠣᠪᠴᠢᠶ᠎ᠠ ᠳᠤ᠂ ᠯᠢ ᠯᠢ ᠣᠶᠣᠨᠴᠢ ᠡᠨᠧᠷᠬᠢ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ | ᠲᠡᠷᠡ᠂ ᠲᠥᠷᠤᠯ ᠵᠦᠢᠯ ᠢ ᠲᠥᠯᠥᠪᠵᠢᠭᠦᠯᠦᠨ᠂ ᠪᠦᠲᠦᠴᠡ ᠳᠤ ᠳᠣᠬᠢᠷᠠᠭᠤᠯᠤᠯᠲᠠ ᠬᠢᠵᠦ᠂ ᠰᠢᠨ᠎ᠡ ᠶᠢ ᠡᠭᠦᠳᠬᠦ ᠶᠢ ᠠᠬᠢᠭᠤᠯᠵᠤ᠂ ᠳᠤᠲᠠᠭᠤᠳᠠᠯ ᠢ ᠨᠥᠭᠦᠪᠦᠷᠢᠯᠠᠨ᠂ | ᠥᠭᠡᠷᠡᠴᠢᠯᠡᠯᠲᠠ ᠶᠢ ᠠᠳᠬᠤᠵᠤ᠂ ᠡᠨᠧᠷᠬᠢ ᠶᠢᠨ ᠪᠦᠲᠦᠴᠠ ᠶᠢᠨ ᠳᠣᠬᠢᠷᠠᠭᠤᠯᠤᠯᠲᠠ ᠪᠠᠷ ᠠᠵᠤ ᠦᠢᠯᠡᠰ ᠤᠨ ᠪᠦᠲᠦᠴᠡ ᠶᠢᠨ ᠳᠣᠬᠢᠷᠠᠭᠤᠯᠤᠯᠲᠠ ᠶᠢ ᠳᠠᠶᠢᠴᠢᠯᠠᠵᠤ᠂ | ᠦᠭᠡᠷᠡᠴᠢᠯᠠᠯᠲᠠ ᠬᠢᠵᠦ ᠰᠢᠨ᠎ᠡ ᠶᠢ ᠡᠭᠦᠳᠬᠦ ᠠᠷᠭ᠎ᠠ ᠪᠠᠷ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠪᠣᠭᠤᠮᠢ ᠬᠢᠵᠠᠭᠠᠷᠯᠠᠯ ᠢ | ᠰᠢᠢᠳᠪᠤᠷᠢᠯᠡᠬᠦ ᠬᠡᠷᠡᠭᠲᠡᠢ ᠭᠡᠪᠡ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠂ ᠯᠢ ᠯᠢ ᠳᠤᠯᠠᠭᠠᠨ ᠬᠤᠲᠠ ᠶᠢᠨ ᠶᠦᠨ ᠶᠢᠦ ᠣᠶᠣᠨᠴᠢ ᠬᠢᠨᠠᠯᠲᠠ ᠬᠠᠮᠢᠶᠠᠷᠤᠯᠲᠠ ᠶᠢᠨ | ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠪᠠᠲᠤᠯᠠᠭ᠎ᠠ ᠶᠢ ᠠᠳᠬᠤᠵᠤ᠂ ᠬᠠᠯᠠᠨ ᠰᠠᠶᠢᠵᠢᠷᠠᠭᠤᠯᠬᠤ ᠶᠢ ᠠᠳᠬᠤᠨ᠂ | ᠬᠢᠨᠠᠯᠲᠠ ᠬᠠᠮᠢᠶᠠᠷᠤᠯᠲᠠ ᠶᠢ ᠠᠳᠬᠬᠤᠵᠤ᠂ ᠲᠦᠯᠤᠪᠵᠢᠭᠦᠯᠭᠡ᠂ ᠬᠦᠴᠣᠨ ᠵᠦᠢᠯ᠂ ᠡᠬᠢ ᠪᠡᠶᠠᠯᠢᠭ ᠵᠡᠷᠭᠡ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ | ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠦᠭᠡᠷᠡᠴᠢᠯᠠᠯᠲᠠ ᠮᠥᠨ ᠭᠡᠬᠦ ᠣᠶᠢᠯᠠᠭᠠᠭᠳᠠᠬᠤᠨ ᠢ ᠪᠣᠢ ᠪᠣᠯᠭᠠᠵᠤ᠂ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠪᠠᠨ ᠴᠢᠩᠭᠠᠳᠬᠠᠨ᠂ ᠡᠷᠴᠢᠮᠵᠢᠭᠦᠯᠦᠨ ᠠᠷᠪᠢᠯᠡᠬᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠳᠤ᠂ ᠯᠢ ᠯᠢ ᠠᠮᠢ ᠠᠬᠤᠢ ᠣᠷᠴᠢᠨ ᠲᠣᠭᠤᠷᠢᠨ ᠤ ᠮᠡᠳᠡᠭᠡ ᠵᠠᠩᠬᠢᠵᠢᠯᠲᠠ ᠶᠢᠨ ᠬᠢᠨᠠᠯᠲᠠ | ᠬᠠᠮᠢᠶᠠᠷᠤᠯᠲᠠ ᠪᠣᠯᠣᠨ ᠠᠬᠤᠢ ᠲᠠᠯᠠᠪᠠᠢ ᠶᠢᠨ ᠪᠤᠰᠤ ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠣᠷᠤᠯᠴᠠᠨ ᠲᠣᠭᠤᠰᠢᠯᠠᠭᠤᠯᠵᠤ᠂ ᠤᠬᠠᠮᠰᠠᠷ ᠠᠴᠠ ᠪᠠᠨ ︽ᠤᠯᠤᠰ ᠤᠨ ᠶᠡᠭᠡ ᠶᠠᠪᠤᠳᠠᠯ︾ ᠢ ᠪᠠᠲᠤ | ᠡᠭᠦᠷᠭᠡᠯᠡᠵᠤ᠂ ᠵᠠᠩᠬᠢᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠲᠤᠷᠰᠢᠯᠲᠠ ᠶᠢᠨ ᠴᠡᠭ ᠤᠨ ᠳᠠᠭᠤᠷᠢᠶᠠᠯ ᠦᠵᠡᠭᠦᠯᠬᠦ ᠠᠵᠢᠯ ᠢ ᠰᠠᠶᠢᠲᠤᠷ | ᠠᠳᠬᠤᠵᠤ᠂ ᠬᠢᠨᠠᠯᠲᠠ ᠬᠠᠮᠢᠶᠡᠷᠤᠯᠲᠠ ᠶᠢᠨ ᠲᠣᠭᠳᠠᠴᠠ ᠶᠢᠨ ᠰᠢᠨ᠎ᠡ ᠶᠢ ᠡᠭᠦᠳᠴᠤ᠂ ᠦᠵᠡᠰᠭᠦᠯᠡᠩᠲᠤ ᠰᠠᠶᠢᠬᠠᠨ ᠲᠤᠯᠠᠭᠠᠨ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠦᠷᠤᠰᠤ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠠᠢ᠃ ᠨᠠᠮ ᠢ | ᠬᠠᠮᠢᠶᠠᠷᠴᠤ ᠨᠠᠮ ᠢ ᠵᠠᠰᠠᠬᠤ ᠶᠢ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠪᠡ᠃ | ᠣᠷᠳᠤᠰ ᠤᠨ ᠴᠠᠬᠢᠯᠭᠠᠨ ᠬᠠᠩᠭᠠᠬᠤ ᠺᠣᠮᠫᠠᠨᠢ ᠳᠤ᠂ ᠯᠢ ᠯᠢ ᠠᠵᠤ ᠠᠬᠤᠶᠢᠯᠠᠯ ᠤᠨ ᠬᠥᠭᠵᠢᠯᠲᠠ᠂ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠵᠡᠷᠭᠡ | ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠪᠥᠬᠦ ᠬᠤᠲᠠ ᠶᠢᠨ ᠭᠤᠣᠯ ᠠᠵᠢᠯ ᠤᠨ ᠲᠣᠭᠤᠷᠢᠨ ᠳᠤ ᠪᠠᠲᠤᠯᠠᠭ᠎ᠠ ᠪᠠᠨ ᠴᠢᠨᠠᠭᠰᠢᠳᠠ ᠴᠢᠩᠭᠠᠳᠬᠠᠵᠤ᠂ | ᠰᠢᠨ᠎ᠡ ᠶᠢ ᠡᠭᠦᠳᠬᠦ ᠶᠢ ᠠᠬᠢᠭᠤᠯᠤᠨ᠂ ᠦᠢᠯᠡᠴᠢᠯᠡᠭᠡ ᠪᠠᠨ ᠰᠢᠯᠢᠳᠡᠭᠵᠢᠭᠦᠯᠵᠤ᠂ ᠤᠳᠤᠬᠢᠴᠢᠯᠬᠠᠰᠠᠨ ᠤᠷᠳᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠶᠢ ᠬᠦᠰᠡᠪᠠ᠃ | ᠬᠤᠲᠠ ᠶᠢᠨ ᠤᠳᠤᠷᠢᠳᠤᠯᠭ᠎ᠠ ᠡᠷᠳᠡᠨᠢᠪᠢᠯᠢᠭ᠂ ᠵᠣᠣ ᠴᠥᠨ ᠢᠦᠢ᠂ ᠡᠦ ᠵᠢᠶᠠᠨ ᠰᠢᠶᠦ᠋ᠨ ᠲᠣᠰ ᠲᠣᠰ ᠣᠷᠣᠯᠴᠠᠪᠠ᠃ | | | | | | | | | | | | | | | | | | | | | |