ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠲᠤᠰ ᠲᠢᠩᠬᠢᠮ ᠪᠦᠭᠦ ᠣᠷᠣᠨ ᠤ | ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ ᠬᠥᠳᠡᠭᠡ ᠲᠣᠰᠬᠤᠨ ᠤ | ᠪᠠᠷᠠᠭᠠᠨ ᠤ ᠭᠦᠢᠯᠭᠡᠭᠡ ᠶᠢᠨ ᠰᠢᠰᠲ᠋ᠧᠮ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠭᠦ ᠶᠢᠨ ᠲᠥᠯᠥᠭᠡ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢᠨ ᠰᠢᠰᠲ᠋ᠧᠮ ᠤᠨ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ | ᠶᠢᠨ ᠬᠢᠨᠠᠨ ᠬᠡᠮᠵᠢᠬᠦ ᠠᠵᠢᠯ ᠤᠨ ᠲᠣᠭᠲᠠᠴᠠ︾ ᠶᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢᠨ ᠰᠢᠰᠲ᠋ᠧᠮ ᠤᠨ | ᠪᠠᠶᠢᠭᠤᠯᠤᠯᠲᠠ ᠶᠢᠨ ᠠᠵᠢᠯ ᠢ ᠪᠠᠶᠢᠩᠭᠤᠵᠢᠭᠤᠯᠤᠨ ᠠᠬᠢᠭᠤᠯᠪᠠ᠃ | ︽ᠠᠵᠢᠯ ᠤᠨ ᠲᠣᠭᠲᠠᠴᠠ︾ ᠳᠤ ︽3 + 3︾ ᠰᠦᠯᠵᠢᠶᠡᠨ ᠤ + ᠠᠬᠤᠢ ᠲᠠᠯᠠᠪᠠᠢ ᠶᠢᠨ ᠬᠢᠨᠠᠨ ᠬᠡᠮᠵᠢᠯᠲᠡ ᠪᠠᠷ ᠲᠦᠰᠢᠭ ᠪᠣᠯᠭᠠᠨ᠎ᠠ ᠭᠡᠵᠦ ᠲᠣᠳᠣᠷᠬᠠᠢ | ᠲᠣᠭᠲᠠᠭᠠᠪᠠ᠂ ᠲᠤᠬᠠᠶᠢᠯᠠᠪᠠᠯ᠄ 12305 ᠤᠲᠠᠰᠤ ᠪᠠᠷ ᠰᠤᠭᠤᠴᠢᠨ ᠪᠠᠶᠢᠴᠠᠭᠠᠬᠤ᠂ ᠵᠠᠰᠠᠭ ᠤᠨ ᠶᠠᠪᠤᠳᠠᠯ ᠤᠨ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠰᠢᠰᠲ᠋ᠧᠮ | ᠰᠢᠭᠤᠳ ᠮᠡᠳᠡᠭᠦᠯᠬᠦ᠂ ᠬᠠᠷᠢᠶ᠎ᠠ ᠭᠠᠵᠠᠷ ᠤᠨ ᠤᠲᠠᠰᠤ ᠪᠠᠷ ᠬᠠᠷᠭᠤᠭᠤᠯᠤᠨ ᠪᠠᠶᠢᠴᠠᠭᠠᠬᠤ ᠭᠤᠷᠪᠠᠨ ᠰᠦᠯᠵᠢᠶᠡᠨ ᠤ ᠬᠢᠨᠠᠨ ᠬᠡᠮᠵᠢᠯᠲᠡ ᠪᠠ ᠲᠤᠬᠠᠢ ᠶᠢᠨ ᠭᠠᠵᠠᠷ ᠤᠨ | ᠪᠠᠶᠢᠴᠠᠭᠠᠨ ᠰᠤᠳᠤᠯᠤᠯᠲᠠ ᠬᠢᠬᠦ᠂ ᠬᠢᠨᠠᠨ ᠵᠢᠯᠤᠭᠤᠳᠴᠤ ᠪᠠᠶᠢᠴᠠᠭᠠᠬᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠠᠵᠢᠯ ᠤᠨ ᠳᠤᠭᠤᠶᠢᠯᠠᠩ ᠴᠡᠭ ᠲᠤ | ᠰᠠᠭᠤᠵᠤ ᠬᠢᠨᠠᠨ ᠵᠢᠯᠤᠭᠤᠳᠬᠤ ᠭᠤᠷᠪᠠᠨ ᠠᠬᠤᠢ ᠳᠠᠯᠠᠪᠠᠢ ᠶᠢᠨ ᠬᠢᠨᠠᠨ ᠬᠡᠮᠵᠢᠯᠲᠡ ᠬᠢᠵᠦ᠂ ᠦᠢᠯᠡᠴᠢᠯᠡᠭᠡ ᠪᠠᠨ ᠲᠣᠰᠬᠤᠨ ᠳᠤ ᠣᠷᠣᠭᠤᠯᠬᠤ ᠡᠰᠡᠬᠦ ᠪᠠᠷ | ᠭᠤᠣᠯᠳᠠᠯᠭ᠎ᠠ ᠪᠤᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ | ᠪᠠᠷᠢᠮᠲᠠᠯᠠᠵᠤ᠂ ᠮᠡᠳᠡᠭᠡ ᠵᠠᠩᠭᠢ ᠶᠢ ᠨᠡᠪᠲᠡᠷᠡᠯᠴᠡᠭᠦᠯᠬᠦ ᠶᠢ ᠪᠠᠷᠢᠮᠲᠠᠯᠠᠨ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠲᠣᠭᠲᠠᠭᠰᠠᠨ ᠬᠡᠮᠵᠢᠶ᠎ᠡ ᠪᠠᠷ ᠬᠢᠨᠠᠨ ᠬᠡᠮᠵᠢᠬᠦ᠂ ᠴᠠᠭ | ᠲᠤᠬᠠᠢ ᠳᠤᠨᠢ ᠬᠠᠷᠢᠭᠤ ᠲᠤᠰᠬᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ᠂ ᠴᠠᠭ ᠲᠤᠬᠠᠢ ᠳᠤᠨᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ︽ᠠᠵᠢᠯ ᠤᠨ ᠲᠣᠭᠲᠠᠴᠠ︾ ᠶᠢ ᠣᠷᠣᠨ᠂ ᠠᠶᠢᠮᠠᠭ ᠬᠤᠲᠠ ᠪᠠ ᠬᠤᠰᠢᠭᠤ ᠰᠢᠶᠠᠨ ᠢᠶᠠᠷ ᠲᠥᠷᠥᠯ ᠬᠤᠪᠢᠶᠠᠨ ᠠᠬᠢᠭᠤᠯᠵᠤ᠂ ᠣᠷᠣᠨ ᠤ ᠲᠠᠰ ᠤᠨ ᠨᠢᠭᠡᠳᠦᠯᠲᠡᠢ | ᠲᠥᠯᠥᠪᠯᠡᠨ ᠲᠣᠬᠢᠷᠠᠭᠤᠯᠬᠤ ᠦᠢᠯᠡᠳᠦᠯ ᠪᠠ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ᠂ ᠰᠢᠶᠠᠨ ᠤ ᠱᠠᠲᠤᠨ ᠤ ᠰᠢᠤᠳᠠᠨ ᠤ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠤᠯᠭᠠᠭᠤᠷᠢᠯᠠᠨ ᠪᠠᠲᠤᠯᠠᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠡᠯ᠎ᠡ ᠠᠶᠢᠮᠠᠭ ᠬᠤᠲᠠ ᠶᠢᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠡᠯᠡᠬᠦ᠂ ᠱᠠᠯᠠᠪᠳᠠᠭᠤᠯᠤᠨ ᠪᠠᠶᠢᠴᠠᠭᠠᠬᠤ᠂ ᠥᠪᠡᠰᠦᠪᠡᠨ ᠪᠠᠶᠢᠴᠠᠭᠠᠬᠤ᠂ ᠬᠠᠮᠵᠢᠯᠴᠠᠨ ᠪᠠᠶᠢᠴᠠᠭᠠᠬᠤ ᠵᠡᠷᠭᠡ ᠳᠤ | ᠢᠯᠡᠷᠡᠭᠦᠯᠦᠭᠰᠡᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠠᠬᠢᠭᠤᠯᠵᠤ᠂ ᠪᠦᠭᠦ ᠬᠡᠯᠬᠢᠶ᠎ᠡ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ | ᠪᠦᠷᠢᠯᠳᠦᠭᠦᠯᠦᠨ᠂ ᠢᠯᠡᠷᠡᠭᠦᠯᠦᠭᠰᠡᠨ ᠬᠠᠮᠢᠶ᠎ᠠ ᠪᠦᠬᠦᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠪᠦᠭᠦ ᠣᠷᠣᠨ ᠤ ᠬᠥᠳᠡᠭᠡ | ᠲᠣᠰᠬᠤᠨ ᠤ ᠭᠤᠪᠢᠭᠤᠯᠭ᠎ᠠ ᠶᠢᠨ ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠤᠯᠠᠮ ᠪᠦᠷᠢᠨᠰᠢᠭᠦᠯᠦᠨ ᠲᠡᠭᠦᠯᠳᠡᠷᠵᠢᠭᠦᠯᠬᠦ ᠪᠣᠯᠣᠨ᠎ᠠ᠃ | |