ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠢᠦᠢ ᠬᠠᠢ ᠢᠦᠢ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/3/10
     3 ᠰᠠᠷ᠎ᠠ ᠶᠢᠨ 7᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠪᠠ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ ᠶᠢ ᠴᠢᠩᠭᠠᠳᠬᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠳᠤ ᠣᠷᠣᠯᠴᠠᠭᠰᠠᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠂ ᠠᠷᠠᠳᠴᠢᠯᠠᠯ ᠢᠶᠠᠷ ᠠᠬᠢᠭᠤᠯᠬᠤ ᠬᠤᠷᠠᠯ ᠂ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠯᠢᠳᠡᠭ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠭᠤᠣᠯᠳᠠᠯᠭ᠎ᠠ ᠲᠠᠢ ᠠᠵᠢᠯ ᠢ ᠲᠦᠷᠭᠡᠪᠴᠢᠯᠡᠨ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠲᠡᠷᠢᠭᠦᠯᠡᠭᠴᠢ ᠸᠠᠩ ᠯᠢ ᠰᠢᠶᠠ ᠶᠢᠨ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠸᠢᠳᠢᠤ᠋ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠯᠢ ᠯᠢ ᠱᠦᠵᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯᠣᠨ ᠣᠨᠴᠠᠭᠠᠢ ᠠᠵᠢᠯ ᠲᠦᠷᠦᠯ ᠤᠨ ᠬᠦᠷᠢᠶ᠎ᠡ ᠴᠠᠷᠠᠭ᠎ᠠ ᠶᠢᠨ ᠲᠤᠰᠬᠠᠢ ᠵᠠᠰᠠᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠤ᠂ ᠣᠨ ᠤ ᠬᠠᠷᠠᠯᠲᠠ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠤᠴᠢᠷ ᠶᠠᠪᠤᠳᠠᠯ ᠢ ᠰᠤᠳᠤᠯᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ