ᠣᠶᠢᠷ᠎ᠠ ᠶᠢᠨ ᠵᠢᠯ ᠠᠴᠠ ᠨᠠᠭᠠᠰᠢ ᠡᠵᠡᠨ ᠬᠤᠷᠤᠭ᠎ᠠ ᠬᠤᠰᠢᠭᠤ ᠬᠠᠨᠲᠤᠯᠭᠠᠲᠤ ᠴᠢᠨᠠᠷᠲᠠᠢ ᠪᠠᠷ ᠬᠦᠴᠦᠯᠡᠵᠤ᠂ ᠦᠨᠳᠦᠰᠤᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠦᠷ᠎ᠡ ᠪᠦᠲᠣᠮᠵᠢ ᠶᠢ ᠳᠣᠲᠤᠷᠬᠠᠢ ᠪᠣᠯᠭᠠᠪᠠ᠃ | ᠵᠢᠭᠤᠷᠠᠯᠳᠤᠭᠠᠨ ᠢ ᠡᠶᠡᠳᠡᠭᠦᠯᠬᠦ ᠪᠣᠯ ᠦᠨᠳᠦᠰᠤᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠬᠤᠯᠠ ᠠᠵᠢᠯ ᠪᠣᠯᠣᠨ᠎ᠠ᠃ ᠡᠵᠡᠨ ᠬᠤᠷᠤᠭ᠎ᠠ ᠬᠤᠰᠢᠭᠤᠨ ᠤ | ᠨᠡᠶᠢᠭᠡᠮ ᠤᠨ ᠠᠮᠤᠷ ᠲᠦᠪᠰᠢᠨ ᠢ ᠶᠡᠷᠤᠩᠬᠡᠶᠢᠯᠡᠨ ᠵᠠᠰᠠᠬᠤ ᠲᠥᠪ ᠤᠨ ᠠᠬᠠᠮᠠᠳ ᠨᠠᠮ ᠤᠨ ᠡᠭᠦᠷ ᠤᠨ ᠱᠦᠵᠢ ᠶᠢᠨ ᠡᠶᠡᠳᠡᠭᠦᠯᠬᠦ ᠲᠠᠰᠤᠭ ᠲᠤ᠂ ᠡᠶᠡᠳᠡᠭᠦᠯᠦᠭᠴᠢ | ᠶᠠᠩ ᠯᠠᠢ ᠹᠦ᠋ ᠶᠠᠭ ᠠᠷᠠᠳ ᠤᠨ ᠬᠤᠭᠤᠷᠣᠨᠳᠤᠬᠢ ᠵᠢᠭᠡᠯᠡᠯᠭᠡ ᠶᠢᠨ ᠵᠢᠭᠤᠷᠠᠯᠳᠤᠭᠠᠨ ᠢ ᠰᠢᠢᠳᠪᠤᠷᠢᠯᠡᠵᠤ ᠪᠠᠶᠢᠪᠠ᠃ ᠡᠶᠡᠳᠡᠭᠦᠯᠭᠡ ᠶᠢᠨ ᠲᠤᠬᠠᠢ ᠶᠢᠨ ᠲᠡᠯᠡᠪᠤᠷ ᠲᠤ | ᠨᠢᠭᠡ ᠲᠠᠯ᠎ᠠ ᠶᠢᠨ ᠲᠤᠬᠠᠢ ᠶᠢᠨ ᠬᠦᠮᠤᠨ ᠬᠦᠷᠴᠦ ᠢᠷᠡᠵᠤ ᠳᠡᠶᠢᠯᠦᠭᠰᠡᠨ ᠦᠭᠡᠢ᠂ ᠭᠡᠪᠡᠴᠦ ᠶᠠᠩ ᠯᠠᠢ ᠹᠦ᠋ ᠨᠠᠵᠠᠭᠠᠶᠢᠷᠠᠭᠰᠠᠨ ᠦᠭᠡᠢ᠂ ᠲᠡᠷᠡ ᠳᠠᠷᠤᠢ ᠤᠲᠠᠰᠤ ᠪᠠᠷ | ᠬᠠᠷᠢᠯᠴᠠᠵᠤ ᠬᠤᠶᠠᠷ ᠲᠠᠯ᠎ᠠ ᠶᠢᠨ ᠰᠠᠨᠠᠯ ᠪᠠ ᠬᠦᠰᠡᠯ ᠱᠠᠭᠠᠷᠳᠠᠯᠭ᠎ᠠ ᠶᠢ ᠲᠠᠶᠢᠪᠤᠩ ᠰᠣᠨᠣᠰᠪᠠ᠃ ᠲᠡᠭᠦᠨ ᠤ ᠵᠣᠬᠢᠴᠠᠭᠤᠯᠭ᠎ᠠ ᠲᠣᠣᠷ᠎ᠠ ᠬᠤᠶᠠᠷ ᠲᠠᠯ᠎ᠠ ᠪᠠᠷ ᠢᠶᠠᠨ | ᠡᠴᠣᠰ ᠲᠡᠭᠡᠨ ᠰᠠᠨᠠᠯ ᠨᠢᠭᠡᠳᠦᠭᠰᠡᠨ ᠪᠠᠶᠢᠨ᠎ᠠ᠃ ᠡᠨᠡ ᠲᠤᠬᠠᠢ ᠬᠤᠲᠠ ᠶᠢᠨ ᠠᠷᠠᠳ ᠯᠢᠤ ᠵᠢᠶᠦ᠋ᠨ ᠹᠧᠨ᠄ ︽ᠡᠶᠡᠳᠡᠭᠦᠯᠦᠭᠰᠡᠨ ᠨᠢ ᠲᠤᠩ ᠰᠠᠶᠢᠨ᠂ ᠬᠤᠶᠠᠷ | ᠲᠠᠯ᠎ᠠ ᠪᠠᠷ ᠢᠶᠠᠨ ᠪᠦᠷ ᠬᠠᠨᠤᠮᠵᠢᠲᠠᠢ ᠪᠠᠶᠢᠨ᠎ᠠ︾ ᠭᠡᠵᠦ ᠶᠠᠷᠢᠨ᠎ᠠ᠃ | ᠡᠵᠡᠨ ᠬᠤᠷᠤᠭ᠎ᠠ ᠬᠤᠰᠢᠭᠤ ᠨᠡᠭᠦᠳᠡᠯ ᠡᠶᠡᠳᠡᠭᠦᠯᠬᠦ ᠲᠡᠷᠭᠡᠨ ᠠᠩᠭᠢ ᠪᠠᠶᠢᠭᠤᠯᠵᠤ᠂ ᠡᠶᠡᠳᠡᠭᠦᠯᠬᠦ ᠠᠵᠢᠯ ᠢ ︽ᠬᠥᠳᠡᠯᠭᠡᠵᠦ︾᠂ ︽ᠠᠮᠢᠳᠤᠯᠢᠭ︾ ᠪᠣᠯᠭᠠᠪᠠ᠃ | ︽ᠲᠣᠭᠲᠠᠮᠠᠯ ᠬᠤᠭᠤᠴᠠᠭ᠎ᠠ ᠲᠠᠢ ᠪᠠᠷ ᠲᠤᠭᠤᠷᠢᠨ ᠦᠵᠡᠬᠦ + ᠪᠣᠯᠵᠤᠨ ᠦᠢᠯᠡᠴᠢᠯᠡᠬᠦ︾ ᠬᠡᠯᠪᠡᠷᠢ ᠪᠠᠷ᠂ ᠲᠣᠰᠬᠤᠨ ︵ᠭᠠᠴᠠᠭ᠎ᠠ᠂ ᠨᠡᠶᠢᠭᠡᠮ ᠲᠣᠭᠤᠷᠢᠭ︶ ᠤ | ᠠᠵᠤ ᠠᠬᠤᠶᠢᠯᠡᠯ ᠤᠨ ᠰᠠᠭᠤᠭ᠎ᠠ ᠭᠠᠵᠠᠷ ᠤᠨ ᠨᠢᠭᠡᠳᠦᠭᠡᠷ ᠹᠷᠣᠨᠲ ᠲᠤ ᠬᠦᠨᠵᠡᠭᠡᠶᠢᠷᠡᠵᠤ ᠪᠣᠢ᠃ ᠤᠳᠠᠭ᠎ᠠ ᠪᠦᠷᠢ ᠶᠢᠨ ᠡᠶᠡᠳᠡᠭᠦᠯᠭᠡ ᠶᠢᠨ ᠣᠶᠢᠯᠠᠴᠢᠯᠡᠭᠡ ᠨᠢ ᠴᠥᠮ | ᠵᠢᠭᠤᠷᠠᠯᠳᠤᠭᠠᠨ ᠢ ᠨᠠᠷᠢᠯᠢᠭ ᠣᠨᠣᠪᠴᠢᠲᠡᠢ ᠪᠠᠷ ᠰᠢᠢᠳᠪᠦᠷᠢᠯᠡᠵᠦ ᠪᠠᠶᠢᠳᠠᠭ᠂ ᠡᠶᠢᠮᠦᠷᠭᠦᠦ ︽ᠨᠡᠭᠦᠳᠡᠯ ᠡᠶᠡᠳᠡᠭᠦᠯᠭᠡ︾ ᠶᠢᠨ ᠵᠠᠭᠪᠤᠷ ᠨᠢ ᠣᠯᠠᠨ ᠲᠦᠮᠡᠨ ᠳᠤ | ᠲᠥᠭᠦᠮ ᠦᠵᠡᠭᠦᠯᠦᠭᠰᠡᠨ ᠢᠶᠠᠷ ᠪᠠᠷᠠᠬᠤ ᠦᠭᠡᠢ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠤᠨ ᠱᠠᠲᠤᠨ ᠳᠤ ᠬᠦᠷᠭᠡᠵᠦ ᠪᠠᠶᠢᠨ᠎ᠠ᠃ | ᠡᠵᠡᠨ ᠬᠤᠷᠤᠭ᠎ᠠ ᠬᠤᠰᠢᠭᠤᠨ ᠤ ᠵᠢᠭᠤᠷᠠᠯᠳᠤᠭᠠᠨ ᠢ ᠣᠯᠠᠨ ᠡᠰᠢᠴᠢᠯᠠᠨ ᠰᠢᠢᠳᠪᠦᠷᠢᠯᠡᠬᠦ ᠲᠥᠪ ᠤᠨ ᠡᠶᠡᠳᠡᠭᠦᠯᠦᠭᠴᠢ ᠶᠠᠩ ᠯᠠᠢ ᠹᠦ᠋᠄ ︽ᠭᠤᠣᠯᠳᠠᠭᠤ | ᠮᠠᠯᠴᠢᠨ ᠲᠠᠷᠢᠶᠠᠴᠢᠨ ᠤ ᠵᠠᠷᠤᠳᠠᠯ ᠢ ᠠᠷᠪᠢᠯᠠᠨ ᠥᠭᠴᠤ᠂ ᠵᠣᠬᠢᠴᠠᠭᠤᠯᠬᠤ ᠠᠷᠭ᠎ᠠ ᠪᠣᠯ ᠳᠠᠷᠤᠢ ᠬᠤᠶᠠᠷ ᠲᠠᠯ᠎ᠠ ᠶᠢ ᠵᠥᠪᠳᠡᠯᠴᠡᠭᠡ ᠬᠢᠯᠭᠡᠨ᠎ᠡ᠂ ᠬᠡᠷᠪᠡ ᠠᠳᠠᠯᠢ ᠪᠤᠰᠤ | ᠰᠠᠨᠠᠯ ᠲᠠᠢ ᠪᠣᠯ ᠪᠢᠳᠡ ᠡᠶᠡᠳᠡᠭᠦᠯᠦᠭᠴᠢ ᠪᠣᠯᠤᠭᠰᠠᠨ ᠤ ᠬᠤᠪᠢ ᠳᠤ ᠪᠢᠳᠡ ᠰᠠᠨᠠᠯ ᠰᠠᠨᠠᠭᠤᠯᠭ᠎ᠠ ᠪᠠᠨ ᠳᠡᠪᠰᠢᠭᠦᠯᠵᠤ ᠲᠡᠳᠡᠨ ᠳᠤ ᠯᠠᠪᠯᠠᠯᠲᠠ ᠪᠣᠯᠭᠠᠳᠠᠭ︾ ᠭᠡᠵᠦ | ᠪᠠᠶᠢᠪᠠ᠃ | ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤᠨ ᠤ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠲᠥᠪ ᠨᠡᠶᠢᠭᠡᠮ ᠤᠨ ᠵᠠᠰᠠᠯᠲᠠ ᠶᠢᠨ | ᠵᠠᠭᠪᠤᠷ ᠲᠤ ᠰᠢᠨ᠎ᠡ ᠶᠢ ᠡᠭᠦᠳᠴᠦ᠂ ᠵᠢᠭᠤᠷᠠᠯᠳᠤᠭᠠᠨ ᠢ ᠡᠶᠡᠳᠡᠭᠦᠯᠬᠦ ᠣᠯᠠᠨ ᠡᠰᠢᠵᠢᠭᠰᠡᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠡᠮᠵᠢ᠂ ᠵᠠᠷᠭᠤ ᠶᠢᠨ | ᠦᠢᠯᠡᠴᠢᠯᠡᠭᠡ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠦᠢᠯᠡᠴᠢᠯᠡᠭᠡ ᠵᠢᠴᠢ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠵᠡᠷᠭᠡ ᠤᠯᠠᠨ | ᠵᠦᠢᠯ ᠤᠨ ᠵᠠᠩᠬᠢᠯᠠᠭ᠎ᠠ ᠶᠢᠨ ᠴᠢᠳᠠᠮᠵᠢ ᠶᠢ ᠭᠦᠢᠴᠡᠳ ᠡᠮᠬᠢᠯᠡᠨ ᠨᠡᠶᠢᠯᠡᠭᠦᠯᠵᠦ᠂ ᠵᠢᠭᠤᠷᠡᠯᠳᠤᠭᠠᠨ ᠢ ᠡᠶᠡᠳᠡᠭᠦᠯᠬᠦ ︽ᠡᠴᠣᠰ ᠤᠨ ᠦᠷᠲᠡᠭᠡ︾ ᠪᠣᠯᠵᠡᠢ᠃ | ᠡᠭᠦᠨ ᠠᠴᠠ ᠭᠠᠳᠠᠨ᠎ᠠ᠂ ᠵᠠᠰᠠᠯᠲᠠ ᠶᠢᠨ ᠦᠷ᠎ᠡ ᠪᠦᠲᠣᠮᠵᠢ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠦᠯᠥᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠴᠠ | ᠬᠦᠴᠦᠨ ᠵᠢᠭᠡᠯᠡᠬᠦ᠂ ᠲᠣᠭᠠᠴᠢᠯᠠᠭᠰᠠᠨ ᠮᠡᠷᠭᠡᠵᠢᠯ ᠢ ᠠᠰᠢᠭᠯᠠᠵᠤ᠂ 12345 ᠬᠠᠯᠠᠮᠰᠢᠯ ᠤᠳᠠᠰᠤ ᠵᠡᠷᠭᠡ ᠣᠯᠠᠨ ᠲᠡᠪᠴᠠᠩ ᠤᠨ ᠨᠡᠪᠲᠡᠷᠡᠯᠴᠡᠬᠦ ᠶᠢ ᠪᠡᠶᠡᠯᠡᠭᠦᠯᠵᠦ | ᠦᠨᠳᠦᠰᠤᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠤᠳᠣᠬᠢᠴᠢᠯᠠᠯᠲᠠ ᠶᠢ ᠬᠦᠴᠦᠲᠡᠢ ᠠᠬᠢᠭᠤᠯᠵᠤ ᠪᠣᠢ᠃ |