ᠮᠠᠨ ᠤ ᠬᠤᠲᠠ ᠠᠩᠬᠠᠳᠡᠬᠢ ᠠᠳᠠᠯ ᠦᠢᠯᠡᠰ ᠴᠣᠭᠴᠠᠯᠠᠬᠤ ᠳᠤᠯᠠᠭᠠᠨ ᠬᠤᠲᠠ ᠶᠢᠨ ᠥᠷᠯᠥᠭᠡᠨ ᠤ ᠴᠠᠢ ᠶᠢᠨ ᠴᠢᠯᠦᠭᠡᠲᠦ ᠶᠠᠷᠢᠯᠴᠠᠭᠠᠨ ᠤ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/3/11
      3 ᠰᠠᠷ᠎ᠠ ᠶᠢᠨ 8᠎ ᠤ ᠡᠳᠦᠷ᠂ ᠮᠠᠨ ᠤ ᠬᠤᠲᠠ ᠠᠩᠬᠠᠳᠡᠬᠢ ᠦᠢᠯᠡᠰ ᠴᠣᠭᠴᠠᠯᠠᠬᠤ ᠳᠤᠯᠠᠭᠠᠨ ᠬᠤᠲᠠ ᠶᠢᠨ ᠥᠷᠯᠥᠭᠡᠨ ᠤ ᠴᠠᠢ ᠶᠢᠨ ᠴᠢᠯᠦᠭᠡᠲᠦ ᠶᠠᠷᠢᠯᠴᠠᠭᠠᠨ ᠤ ᠬᠤᠷᠠᠯ ᠢ ᠡᠷᠭᠢᠯᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ᠂ ᠲᠣᠨᠣᠭᠯᠠᠯ ᠦᠢᠯᠡᠳᠬᠦ ᠬᠦᠷᠢᠶ᠎ᠡ ᠴᠠᠷᠠᠭᠠᠨ ᠤ16 ᠠᠵᠤ ᠠᠬᠤᠶᠢᠯᠠᠯ ᠪᠣᠯᠣᠨ 6 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠤᠷᠢᠵᠤ ᠬᠠᠮᠲᠤ ᠪᠠᠷ ᠥᠷᠯᠥᠭᠡ ᠶᠢᠨ ᠴᠠᠢ ᠵᠣᠭᠤᠭᠯᠠᠵᠤ᠂ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠠᠰᠠᠭᠤᠳᠠᠯ ᠢ ᠰᠢᠢᠳᠪᠦᠷᠢᠯᠡᠪᠡ᠃      ᠥᠷᠯᠥᠭᠡᠨ ᠤ ᠴᠠᠢ ᠶᠢᠨ ᠬᠤᠷᠠᠯ ᠤᠨ ᠠᠭᠤᠷ ᠠᠮᠢᠰᠬᠤᠯ ᠮᠠᠰᠢ ᠴᠢᠯᠦᠭᠡᠲᠡᠢ ᠪᠠᠶᠢᠵᠤ᠂ ᠤᠷᠢᠭᠳᠠᠭᠰᠠᠨ ᠠᠵᠤ ᠠᠬᠤᠶᠢᠯᠠᠯ ᠤᠳ ᠬᠥᠭᠵᠢᠯᠲᠡ ᠶᠢᠨ ᠲᠥᠯᠥᠪᠵᠢᠭᠦᠯᠭᠡ ᠢᠶᠠᠨ ᠠᠭᠤᠵᠢᠷᠠᠲᠠᠯ᠎ᠠ ᠶᠠᠷᠢᠯᠴᠠᠵᠤ᠂ ᠬᠦᠴᠢᠷᠳᠡᠯ ᠲᠠᠢ ᠠᠰᠠᠭᠤᠳᠠᠯ ᠢᠶᠠᠨ ᠰᠢᠭᠤᠳ ᠶᠠᠷᠢᠬᠤ ᠶᠢᠨ ᠬᠠᠮᠲᠤ ᠮᠠᠨ ᠤ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠠᠨᠠᠯ ᠳᠤᠷᠠᠳᠪᠠ᠃ ᠢᠦᠢ ᠬᠠᠢ ᠢᠦᠢ ᠤᠯᠠᠨ ᠤ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠲᠦᠷᠭᠡᠳᠬᠡᠨ ᠰᠢᠢᠳᠪᠦᠷᠢᠯᠡᠬᠦ ᠶᠢ ᠠᠬᠢᠭᠤᠯᠵᠤ᠂ ᠬᠤᠭᠤᠴᠠᠭ᠎ᠠ ᠲᠣᠭᠲᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠢ ᠭᠡᠵᠦ ᠵᠠᠬᠢᠪᠠ᠃      ᠢᠦᠢ ᠬᠠᠢ ᠢᠦᠢ᠂ ᠥᠷᠯᠥᠭᠡ ᠶᠢᠨ ᠴᠠᠢ ᠶᠢᠨ ᠬᠤᠷᠠᠯ ᠢ ᠡᠷᠭᠢᠯᠡᠬᠦ ᠪᠣᠯ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠠᠵᠤ ᠠᠬᠤᠶᠢᠯᠠᠯ ᠢ ᠦᠨᠡᠨ ᠰᠡᠳᠬᠢᠯ ᠠᠴᠠ ᠪᠠᠨ ᠬᠠᠪᠰᠤᠷᠤᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠪᠠᠷᠢᠯ ᠮᠥᠨ᠂ ᠡᠨᠡ ᠬᠦ ᠳᠦᠷᠢᠮ ᠢ ᠦᠷᠭᠦᠯᠵᠢᠯᠡᠨ ᠪᠠᠷᠢᠮᠲᠠᠯᠠᠵᠤ᠂ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠶᠢᠯᠠᠯ ᠤᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠭᠤᠣᠯ ᠠᠵᠢᠯ ᠢᠶᠠᠨ ᠭᠦᠨᠵᠡᠭᠡᠢ ᠡᠷᠬᠢᠯᠡᠵᠦ᠂ ᠠᠵᠤ ᠦᠢᠯᠡᠰ ᠢᠶᠠᠨ ᠬᠦᠴᠦᠷᠬᠡᠭᠵᠢᠭᠦᠯᠵᠦ᠂  ᠴᠢᠳᠠᠮᠵᠢ ᠶᠢᠨ ᠳᠡᠰ ᠢᠶᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠰᠢᠨ᠎ᠡ ᠡᠨᠧᠷᠭᠢ ᠶᠢᠨ ᠲᠦᠷᠭᠡᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠡᠷᠡᠭᠯᠡᠭᠡᠨ ᠤ ᠲᠠᠯᠠᠪᠤᠷ ᠤᠨ ᠰᠢᠨ᠎ᠡ ᠶᠢ ᠡᠭᠦᠳᠦᠨ ᠥᠷᠭᠡᠳᠬᠡᠵᠦ᠂ ︽ᠰᠢᠨ᠎ᠡ ᠡᠨᠧᠷᠭᠢ +︾᠎ ᠶᠢ ᠬᠡᠷᠡᠭᠵᠢᠭᠦᠯᠵᠦ᠂ ᠠᠵᠤ ᠦᠢᠯᠡᠰ ᠢ ᠪᠣᠬᠢᠷᠲᠤᠯ ᠦᠭᠡᠶᠢᠵᠢᠭᠦᠯᠦᠨ᠂ ᠳᠡᠭᠡᠳᠦ ᠲᠡᠰᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠠᠵᠤ ᠦᠢᠯᠡᠰ ᠢ ᠠᠳᠬᠤᠵᠤ᠂ ᠨᠥᠭᠦᠭᠡ ᠲᠠᠯ᠎ᠠ ᠪᠠᠷ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠢ ᠠᠳᠬᠤᠬᠤ ᠶᠢ ᠪᠠᠷᠢᠮᠲᠠᠯᠠᠵᠤ᠂ ᠡᠯᠡᠰᠦᠷᠬᠡᠭ ᠭᠤᠪᠢ ᠴᠦᠯᠥᠷᠬᠡᠭ ᠭᠠᠵᠠᠷ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠡᠯᠬᠢᠶ᠎ᠡ ᠬᠡᠯᠬᠢᠶ᠎ᠡ ᠶᠢᠨ ᠬᠠᠮᠲᠤᠷᠠᠯᠴᠠᠭ᠎ᠠ ᠪᠣᠯᠣᠨ ᠦᠢᠯᠡᠳᠪᠦᠷᠢᠯᠡᠯ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠵᠤ᠂ ᠳᠡᠯᠡᠬᠡᠢ ᠶᠢᠨ ᠳᠡᠰ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠢ ᠬᠦᠴᠦᠯᠡᠨ ᠴᠣᠭᠴᠠᠯᠠᠬᠤ ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠤᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠵᠡᠷᠭᠡ ︽ᠲᠠᠪᠤᠨ ᠬᠡᠯᠬᠢᠶ᠎ᠡ︾᠎ ᠶᠢ ᠬᠠᠮᠵᠢᠯᠴᠠᠭᠤᠯᠬᠤ ᠶᠢ ᠪᠠᠷᠢᠮᠲᠠᠯᠠᠵᠤ᠂ ᠰᠢᠨ᠎ᠡ ᠡᠨᠧᠷᠭᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ ᠵᠡᠷᠭᠡ ᠠᠵᠤ ᠦᠢᠯᠡᠰ ᠤᠨ ᠠᠭᠤᠰᠤᠯᠴᠠᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠪᠣᠯᠣᠨ ᠦᠷ᠎ᠡ ᠠᠰᠢᠭ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠪᠡ᠃       ᠢᠦᠢ ᠬᠠᠢ ᠢᠦᠢ᠂ ᠬᠤᠳᠠ ᠶᠢᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠡᠩ ᠰᠡᠳᠬᠢᠯ ᠲᠠᠯᠪᠢᠨ ᠦᠢᠯᠡᠴᠢᠯᠡᠭᠡ ᠪᠠᠨ ᠰᠠᠶᠢᠲᠤᠷ ᠬᠢᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠴᠢᠬᠤᠯᠠ ᠬᠦᠴᠦᠨ ᠵᠦᠢᠯ ᠤᠨ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ ᠪᠠ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ︾ ᠠᠵᠢᠯ ᠢ ᠭᠦᠨᠵᠡᠭᠡᠢ ᠥᠷᠨᠢᠭᠦᠯᠵᠦ᠂ ᠠᠵᠢᠯ ᠲᠦᠷᠦᠯ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃      ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢ ᠸᠧᠨ ᠵᠦᠩ᠂ ᠬᠤᠳᠠ ᠶᠢᠨ ᠤᠳᠤᠷᠢᠳᠤᠯᠭ᠎ᠠ ᠯᠢᠦ  ᠹᠧᠩ ᠶᠦᠨ᠂ ᠵᠤᠤ ᠴᠦᠨ ᠢᠦᠢ᠂ ᠦ᠋ ᠵᠢᠶᠠᠨ ᠰᠢᠶᠦ᠋ᠨ᠂ ᠵᠠᠩ ᠰᠢᠸ ᠯᠢᠩ ᠣᠷᠣᠯᠴᠠᠪᠠ᠃
图片1.png
 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ