ᠬᠤᠲᠠ ᠶᠢᠨ ᠵᠠᠰᠠᠭ ᠤᠨ ᠣᠷᠳᠣᠨ ᠨᠡᠭᠦᠷᠡᠰᠦᠨ ᠤ ᠠᠵᠤ ᠠᠬᠤᠶᠢᠯᠠᠯ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ ᠢᠦᠢ ᠬᠠᠢ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/3/14
     3 ᠰᠠᠷ᠎ᠠ ᠶᠢᠨ 13᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠥᠬᠦ ᠬᠤᠲᠠ ᠶᠢᠨ ᠨᠡᠭᠦᠷᠡᠰᠦᠨ ᠤ ᠠᠵᠤ ᠠᠬᠤᠶᠢᠯᠠᠯ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠨᠡᠭᠦᠷᠡᠰᠦᠨ ᠤ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠴᠢᠷ ᠶᠠᠪᠤᠳᠠᠯ ᠢ ᠬᠠᠮᠲᠤᠪᠠᠷ ᠵᠥᠪᠳᠡᠯᠴᠡᠪᠡ᠃      ᠬᠤᠷᠠᠯ ᠳᠡᠭᠡᠷ᠎ᠡ᠂ 17 ᠠᠵᠤ ᠠᠬᠤᠶᠢᠯᠠᠯ ᠤᠨ ᠬᠠᠷᠢᠭᠤᠴᠠᠯᠭᠠᠲᠠᠨ ᠣᠳᠣᠬᠠᠨ ᠤ ᠠᠰᠠᠭᠤᠳᠠᠯ ᠬᠦᠴᠢᠷᠳᠡᠯ ᠵᠢᠴᠢ ᠠᠵᠢᠯ ᠤᠨ ᠰᠠᠨᠠᠭᠤᠯᠭ᠎ᠠ ᠶᠢᠨ ᠲᠣᠭᠤᠷᠢᠨ ᠳᠤ ᠶᠠᠷᠢᠶ᠎ᠠ ᠲᠠᠯᠪᠢᠵᠤ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠰᠢᠭᠤ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠬᠠᠷᠢᠭᠤ ᠲᠤᠰᠬᠠᠪᠠ᠃ ᠢᠦᠢ ᠬᠠᠢ ᠢᠦᠢ ᠬᠤᠷᠠᠯ ᠳᠤ ᠣᠷᠣᠯᠴᠠᠭᠰᠠᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠬᠦ ᠶᠢᠨ ᠬᠠᠮᠲᠤ ᠬᠡᠷᠬᠢᠨ ᠰᠢᠢᠳᠪᠦᠷᠢᠯᠡᠬᠦ ᠲᠤᠬᠠᠢ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃      ᠢᠦᠢ ᠬᠠᠢ ᠢᠦᠢ᠂ ᠣᠳᠣᠬᠠᠨ ᠳᠤ ᠨᠡᠭᠦᠷᠡᠰᠦᠨ ᠤ ᠵᠠᠬ᠎ᠠ ᠳᠡᠯᠭᠡᠭᠦᠷ ᠶᠡᠷᠦᠩᠬᠡᠢ ᠳᠡᠭᠡᠨ ᠳᠠᠷᠤᠭᠠᠰᠤ ᠲᠠᠢ ᠪᠠᠶᠢᠨ᠎ᠠ᠂ ᠭᠡᠪᠡᠴᠦ ᠤᠯᠤᠰ ᠤᠨ ᠠᠰᠢᠭᠲᠠᠢ ᠲᠦᠷᠦ ᠶᠢᠨ ᠪᠣᠳᠣᠯᠭ᠎ᠠ ᠲᠥᠷᠭᠡᠨ ᠢᠶᠠᠷ ᠨᠠᠶᠢᠲᠠᠪᠤᠷᠢᠵᠢᠭᠤᠯᠤᠭᠳᠠᠵᠤ᠂ ᠬᠥᠭᠵᠢᠯᠲᠡ ᠶᠢᠨ ᠣᠷᠴᠢᠨ ᠠᠬᠤᠢ ᠦᠷᠭᠦᠯᠵᠢᠯᠡᠨ ᠰᠠᠶᠢᠵᠢᠷᠠᠵᠤ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦ ᠪᠠᠨ ᠬᠠᠮᠲᠤᠳᠬᠠᠨ ᠬᠦᠴᠢᠷᠳᠡᠯ ᠢ ᠢᠯᠠᠨ ᠳᠠᠪᠠᠵᠤ᠂ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ ᠪᠣᠷᠤᠯᠠᠭᠤᠯᠭ᠎ᠠ ᠶᠢ ᠠᠬᠢᠭᠤᠯᠵᠤ ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠣᠯᠣᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠪᠠᠶᠢᠳᠠᠯ ᠤᠨ ᠬᠤᠪᠢᠷᠠᠯᠲᠠ ᠶᠢ ᠵᠥᠪ ᠢᠶᠠᠷ ᠲᠠᠨᠢᠵᠤ᠂ ᠰᠠᠨᠠᠭᠠᠴᠢᠯᠠᠭ᠎ᠠ ᠠᠴᠠ ᠪᠠᠨ ᠳᠠᠭᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠡᠷᠲᠡᠬᠡᠨ ᠠᠴᠠ ᠪᠠᠨ  ᠰᠦᠪᠡᠭᠴᠢᠯᠡᠵᠦ᠂ ᠨᠡᠭᠦᠷᠡᠰᠦ ᠶᠢ ᠬᠤᠪᠢᠷᠠᠭᠤᠯᠤᠨ ᠦᠷᠳᠡᠭ ᠨᠡᠮᠡᠭᠳᠡᠭᠦᠯᠬᠦ ᠲᠦᠪᠰᠢᠨ ᠢ ᠬᠦᠴᠦ ᠪᠠᠨ ᠲᠥᠪᠯᠡᠷᠡᠭᠦᠯᠦᠨ ᠳᠡᠭᠡᠭᠰᠢᠯᠡᠭᠦᠯᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠪᠠ ᠲᠡᠰ ᠬᠤᠪᠢᠶᠠᠨ ᠴᠢᠨᠠᠷ ᠬᠤᠪᠢᠶᠠᠨ ᠠᠰᠢᠭᠯᠠᠬᠤ ᠶᠢ ᠴᠢᠩᠭᠠᠳᠬᠠᠵᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠲᠤ ᠢᠳᠡᠪᠬᠢᠲᠡᠢ ᠪᠡᠯᠡ ᠣᠷᠣᠭᠤᠯᠤᠨ ᠬᠥᠭᠵᠢᠭᠦᠯᠵᠦ᠂ ᠲᠣᠨᠣᠭᠯᠠᠯ ᠦᠢᠯᠡᠳᠬᠦ ᠠᠵᠤ ᠠᠬᠤᠶᠢᠯᠠᠯ ᠯᠤᠭ᠎ᠠ ᠶᠢᠨ ᠬᠡᠯᠬᠢᠶ᠎ᠡ ᠬᠡᠯᠬᠢᠶ᠎ᠡ ᠶᠢᠨ ᠬᠤᠭᠤᠷᠤᠨᠳᠤᠬᠢ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠡᠰ ᠪᠣᠯᠣᠨ ᠬᠢᠷᠢ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠡᠯᠢᠶᠡᠳ ᠶᠡᠭᠡ ᠪᠤᠶᠤ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃      ᠢᠦᠢ ᠬᠠᠢ ᠢᠦᠢ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠵᠢᠷᠤᠮᠵᠢᠭᠤᠯᠵᠤ᠂ ᠭᠠᠷ ᠭᠦᠢᠴᠡᠳᠬᠡᠯ ᠬᠢᠬᠦ᠂ ᠤᠷᠲᠤᠪᠲᠤᠷ ᠪᠠ ᠤᠷᠲᠤ ᠬᠤᠭᠤᠴᠠᠭᠠᠨ ᠤ ᠬᠠᠮᠲᠤᠷᠠᠨ ᠠᠵᠢᠯᠯᠠᠬᠤ ᠵᠥᠪᠳᠡᠯᠴᠡᠭᠡᠷ ᠭᠡᠷ᠎ᠡ ᠶᠢ ᠭᠦᠢᠴᠡᠳᠬᠡᠬᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠶᠢᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ᠂ ᠱᠠᠭᠠᠷᠳᠠᠯᠭ᠎ᠠ ᠪᠦᠬᠦᠨ ᠢ ᠭᠦᠢᠴᠡᠳᠬᠡᠵᠦ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠎ ᠨᠢ ᠨᠥᠯᠦᠭᠡᠯᠡᠬᠦ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠲᠡᠢ ᠭᠡᠪᠡ᠃      ᠬᠤᠳᠠ ᠶᠢᠨ ᠤᠳᠤᠷᠢᠳᠤᠯᠭ᠎ᠠ ᠯᠢᠦ ᠹᠧᠩ ᠶᠦᠨ᠂ ᠵᠤᠤ ᠴᠦᠨ ᠢᠦᠢ᠂ ᠦ᠋ ᠵᠢᠶᠠᠨ ᠰᠢᠶᠦ᠋ᠨ ᠣᠷᠣᠯᠴᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ