3 ᠰᠠᠷ᠎ᠠ ᠶᠢᠨ 12 ᠤᠨ ᠡᠳᠦᠷ᠂ 2025 ᠣᠨ ᠤ ᠦᠣᠰᠢᠨ ᠬᠤᠰᠢᠭᠤᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠠᠮᠢ | ᠠᠬᠤᠢ ᠶᠢᠨ ᠪᠦᠳᠤᠭᠡᠨ ᠪᠠᠶᠢᠭᠤᠯᠤᠯᠲᠠ ᠶᠢᠨ ᠬᠠᠪᠤᠷ ᠤᠨ ᠤᠯᠠᠷᠢᠯ ᠤᠨ ᠮᠣᠳᠣ ᠲᠠᠷᠢᠬᠤ ᠠᠵᠢᠯᠯᠠᠭ᠎ᠠ ᠦᠣᠰᠢᠨᠵᠤᠤ ᠪᠠᠯᠭᠠᠰᠤᠨ ᠤ ᠪᠦᠷᠢᠲᠦ ᠭᠠᠴᠠᠭᠠᠨ ᠳᠤ ᠡᠬᠢᠯᠡᠯ᠎ᠡ | ᠃ | ᠥᠣᠰᠢᠨ ᠬᠤᠰᠢᠭᠤᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠣᠶᠢᠵᠢᠭᠤᠯᠤᠯᠲᠠ ᠶᠢᠨ ᠠᠵᠢᠯᠯᠠᠭ᠎ᠠ ᠨᠢ ᠡᠯ᠎ᠡ ᠰᠤᠮᠤ ᠪᠠᠯᠭᠠᠰᠤᠨ ᠳᠤ | ᠵᠡᠷᠭᠡᠪᠡᠷ ᠶᠠᠪᠤᠭᠳᠠᠵᠤ᠂ 363 ᠲᠦᠮᠡᠨ ᠮᠦ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠪᠦᠬᠦ ᠲᠠᠯ᠎ᠠ ᠪᠠᠷ ᠡᠬᠢᠯᠡᠵᠤ᠂ ᠮᠢᠩᠭᠠᠨ ᠬᠦᠮᠤᠨ ᠠᠬᠤᠢ | ᠲᠠᠯᠠᠪᠠᠢ ᠳᠤ ᠶᠠᠭᠠᠷᠠᠯᠲᠠᠢ ᠬᠥᠳᠡᠯᠮᠤᠷᠢᠯᠠᠵᠤ᠂ ᠲᠠᠪᠤᠨ ᠮᠢᠩᠭ᠎ᠠ ᠭᠠᠷᠤᠢ ᠰᠠᠭᠤᠷᠢ ᠬᠠᠶᠢᠯᠠᠷ ᠨᠠᠷᠠᠰᠤ᠂ ᠤᠳᠠ᠂ ᠪᠤᠷᠭᠠᠰᠤ᠂ ᠲᠤᠷᠯᠤᠭ᠂ ᠬᠠᠷᠭᠠᠨ᠎ᠠ ᠲᠠᠷᠢᠨ | ᠵᠢᠱᠢᠯᠲᠠ ᠪᠠᠷ 5 ᠰᠠᠷ᠎ᠠ ᠶᠢᠨ ᠰᠡᠭᠦᠯᠴᠢ ᠪᠣᠯᠲᠠᠯ᠎ᠠ 40 ᠲᠦᠮᠡᠨ ᠮᠦ ᠭᠠᠷᠤᠢ ᠡᠯᠡᠰᠤ ᠮᠠᠩᠬ᠎ᠠ ᠶᠢ ᠣᠶᠢᠵᠢᠭᠤᠯᠬᠤ ᠪᠠᠷ ᠪᠠᠶᠢᠨ᠎ᠠ᠃ | ᠣᠢᠯᠠᠭᠠᠭᠰᠠᠨ ᠢᠶᠠᠷ᠂ ᠮᠤᠳᠣᠰᠤ ᠶᠢᠨ ᠡᠯᠡᠰᠤᠷᠬᠡᠭ ᠭᠠᠵᠠᠷ ᠢ ᠵᠠᠰᠠᠬᠤ ᠲᠠᠶᠢᠯᠠᠯᠳᠤᠭᠠᠨ ᠤ ᠭᠤᠣᠯ ᠣᠷᠣᠨ ᠪᠣᠯᠬᠤ ᠦᠤᠰᠢᠨ ᠬᠤᠰᠢᠭᠤ 2025 ᠣᠨ ᠳᠤ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠠᠮᠢ ᠠᠬᠤᠢ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ 363 ᠲᠦᠮᠡᠨ ᠮᠦ ᠪᠡᠶᠡᠯᠡᠭᠦᠯᠬᠦ ᠪᠠᠷ ᠪᠠᠶᠢᠵᠤ᠂ | ᠡᠭᠦᠨ ᠳᠤ 65 ᠲᠦᠮᠡᠨ ᠮᠦ ᠡᠯᠡᠰᠦᠷᠬᠡᠭᠵᠢᠭᠰᠡᠨ ᠭᠠᠵᠠᠷ ᠢ ᠵᠠᠰᠠᠵᠤ᠂ 298 ᠲᠦᠮᠡᠨ ᠮᠦ ᠣᠢ ᠰᠢᠭᠤᠢ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠᠷ | ᠲᠦᠯᠤᠪᠯᠡᠵᠤ ᠪᠣᠢ᠃ |