ᠣᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠯᠢ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠵᠧᠨ ᠬᠤᠸᠠ ᠬᠤᠷᠠᠯ ᠢ ᠡᠷᠭᠢᠯᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠤᠯᠪᠤᠭᠳᠠᠯ ᠪᠦᠬᠦᠢ ᠤᠳᠤᠷᠢᠳᠬᠤ | ᠨᠥᠬᠦᠳ ᠬᠤᠷᠠᠯ ᠳᠤ ᠣᠷᠤᠯᠴᠠᠪᠠ᠃ | ᠬᠤᠷᠠᠯ ᠳᠡᠭᠡᠷ᠎ᠡ᠂ ᠳᠠᠯᠠᠳ ᠬᠤᠰᠢᠭᠤ᠂ ᠡᠵᠡᠨ ᠬᠤᠷᠤᠭ᠎ᠠ ᠬᠤᠰᠢᠭᠤ ᠪᠣᠯᠣᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠳᠠ ᠶᠢᠨ ᠬᠠᠤᠯᠢ | ᠴᠠᠭᠠᠵᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠯᠢ ᠯᠢ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠵᠣᠭᠰᠣᠴᠠ ᠪᠠᠷ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠡᠵᠡᠮᠰᠢᠵᠦ᠂ | ᠰᠢᠨ᠎ᠡ ᠴᠠᠭ ᠦᠶ᠎ᠡ ᠳᠤ ᠨᠡᠶᠢᠭᠡᠮ ᠤᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠡᠵᠡᠮᠳᠡᠵᠦ᠂ ᠰᠢᠨ᠎ᠡ ᠴᠠᠭ ᠦᠶ᠎ᠡ ᠶᠢᠨ | ᠨᠡᠶᠢᠭᠡᠮ ᠤᠨ ᠠᠵᠢᠯ ᠢ ᠰᠠᠶᠢᠲᠤᠷ ᠬᠢᠬᠦ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠢ ᠡᠵᠡᠮᠳᠡᠵᠦ᠂ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ︿ | ᠭᠤᠷᠪᠠᠨ ᠳᠥᠷᠪᠡ﹀ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠡᠮᠦᠨ᠎ᠡ | ᠡᠩᠨᠡᠭᠡᠨ ᠳᠤ ᠣᠷᠣᠬᠤ︾ ᠶᠢᠨ ᠲᠤᠭᠤᠷᠢᠨ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠨᠡᠶᠢᠭᠡᠮ ᠤᠨ ᠵᠠᠰᠠᠯᠲᠠ ᠶᠢᠨ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠨᠡᠶᠢᠭᠡᠮ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠮᠠᠨ ᠤ ᠬᠤᠲᠠ ᠶᠢᠨ ᠨᠡᠶᠢᠭᠡᠮ ᠤᠨ ᠠᠵᠢᠯ ᠤᠨ ᠡᠮᠦᠨ᠎ᠡ | ᠡᠩᠨᠡᠭᠡᠨ ᠳᠤ ᠣᠷᠤᠵᠤ ᠳᠠᠭᠤᠷᠢᠶᠠᠯ ᠦᠵᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠪᠡ᠃ | ᠯᠢ ᠯᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠰᠢᠨ᠎ᠡ ᠪᠠᠶᠢᠳᠠᠯ ᠢ ᠪᠤᠢ | ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠶᠢᠨ ᠰᠦᠪᠡᠭᠴᠢᠯᠡᠯᠲᠡ ᠶᠢ ᠭᠦᠨᠵᠡᠭᠡᠶᠢᠷᠡᠭᠦᠯᠵᠦ᠂ ᠴᠠᠭ | ᠦᠶ᠎ᠡ ᠲᠠᠢ ᠵᠡᠷᠭᠡᠪᠡᠷ ᠤᠷᠤᠭᠰᠢᠯᠠᠵᠤ᠂ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠴᠢᠩᠭᠠᠳᠬᠠᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ | ᠬᠦᠴᠦᠨ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ | ᠂ ᠤᠯᠠᠨ ᠲᠦᠮᠡᠨ ᠢ ᠨᠢᠭᠲᠠᠷᠠᠭᠤᠯᠤᠨ ᠦᠢᠯᠡᠴᠢᠯᠡᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠨᠠᠮ ᠤᠨ ᠰᠢᠨ᠎ᠡ ᠪᠠᠷ | ᠬᠥᠭᠵᠢᠭᠰᠡᠨ ᠬᠦᠷᠢᠶ᠎ᠡ ᠴᠠᠷᠠᠭᠠᠨ ᠳᠠᠬᠢ ᠤᠷᠢᠶᠠᠯᠠᠬᠤ ᠬᠦᠴᠦᠨ ᠨᠢᠭᠲᠠᠷᠠᠭᠤᠯᠬᠤ ᠬᠦᠴᠦᠨ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠵᠤ᠂ | ᠨᠡᠶᠢᠭᠡᠮ ᠤᠨ ᠵᠠᠰᠠᠯᠲᠠ ᠶᠢᠨ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠲᠤᠳᠬᠠᠵᠤ᠂ ᠠᠷᠠᠳ ᠤᠨ ᠰᠠᠨᠠᠭᠠᠰᠢᠷᠠᠯ ᠢ ᠠᠷᠢᠯᠭᠠᠬᠤ᠂ ᠠᠷᠠᠳ ᠤᠨ ᠤᠶᠤᠨ | ᠤᠬᠠᠭᠠᠨ ᠢ ᠲᠥᠪᠯᠡᠷᠡᠭᠦᠯᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠲᠤ ᠴᠢᠩᠭ᠎ᠠ | ᠤᠳᠤᠷᠢᠳᠤᠯᠭ᠎ᠠ ᠪᠠᠷ ᠨᠡᠶᠢᠭᠡᠮ ᠤᠨ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠨᠠᠮ ᠤᠨ | ᠤᠳᠤᠷᠢᠳᠤᠯᠭ᠎ᠠ ᠶᠢᠨ ᠳᠠᠪᠠᠭᠤᠯᠢᠭ ᠢ ᠨᠡᠩ ᠰᠠᠶᠢᠨ ᠢᠶᠠᠷ ᠨᠡᠶᠢᠭᠡᠮ ᠤᠨ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠦᠬᠦ ᠨᠡᠶᠢᠭᠡᠮ ᠤᠨ ᠬᠠᠮᠲᠤ ᠶᠢᠨ | ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠳᠣᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠪᠡ᠃ | ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃ |