ᠰᠢ ᠶᠢᠨ ᠫᠢᠩ ᠭᠷᠧᠭ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠶᠡᠷᠦᠩᠬᠡᠶᠢᠯᠡᠭᠴᠢ ᠲᠠᠰᠦ᠋ᠯᠠᠰ ᠲᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/3/21
      ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 13᠎ ᠤ ᠴᠠᠬᠢᠯᠭᠠᠨ ᠮᠡᠳᠡᠭᠡ   3 ᠰᠠᠷ᠎ᠠ ᠶᠢᠨ 13 ᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠤᠨᠰᠲ᠋ᠠᠨᠲ᠋ᠢᠨᠣᠰ · ᠲᠠᠰᠦ᠋ᠯᠠᠰ ᠲᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠬᠦᠳᠡ ᠨᠠᠶᠢᠷᠠᠮᠳᠠᠬᠤ ᠭᠷᠧᠭ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠭᠷᠧᠭ ᠲᠤ ᠴᠥᠮ ᠥᠨᠢ ᠤᠳᠠᠭᠠᠨ ᠲᠡᠦᠬᠡ ᠪᠠ ᠬᠡᠷᠡᠯ ᠰᠠᠴᠤᠷᠠᠩᠭᠤᠢ ᠰᠣᠶᠣᠯ ᠲᠠᠢ᠂ ᠬᠤᠶᠠᠷ ᠤᠯᠤᠰ ᠤᠨ ᠨᠥᠬᠦᠷᠰᠡᠭ ᠬᠠᠷᠢᠴᠠᠭ᠎ᠠ ᠥᠨᠢ ᠤᠳᠠᠭᠠᠨ ᠤᠯᠠᠮᠵᠢᠯᠠᠯ ᠲᠠᠢ᠂ ᠲᠡᠦᠬᠡ ᠶᠢᠨ ᠳᠠᠪᠲᠠᠯᠲᠠ ᠪᠠᠷ ᠨᠡᠩ ᠰᠢᠨᠡᠳᠴᠦ  ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ  ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ ᠃ ᠣᠶᠢᠷ᠎ᠠ ᠶᠢᠨ ᠵᠢᠯ ᠳᠤ ᠂ ᠬᠤᠶᠠᠷ ᠲᠠᠯ᠎ᠠ ᠪᠠᠷ ᠢᠶᠠᠨ ᠫᠢᠷᠸᠢᠢᠶᠧᠹᠰ ᠭᠠᠷᠠᠮ ᠤᠨ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠭᠷᠧᠭ ᠤᠨ ᠪᠣᠯᠪᠠᠰᠤᠨ ᠤ ᠬᠠᠷᠢᠯᠴᠠᠨ ᠲᠣᠯᠢᠳᠠᠬᠤ ᠲᠥᠪ᠂ ᠠᠲ᠋ᠧᠨ ᠳᠠᠬᠢ ᠳᠤᠮᠳᠠᠳᠤ ᠤᠯᠤᠰ ᠤᠨ ᠡᠷᠲᠡᠨ ᠤ ᠪᠣᠯᠪᠠᠰᠤᠨ ᠤ ᠰᠤᠳᠤᠯᠭᠠᠨ ᠤ ᠬᠦᠷᠢᠶᠡᠯᠡᠩ ᠢ ᠬᠠᠮᠲᠤᠷᠠᠨ ᠪᠠᠶᠢᠭᠤᠯᠵᠤ᠂ ᠬᠤᠶᠠᠷ ᠡᠷᠲᠡᠨ ᠤ ᠪᠣᠯᠪᠠᠰᠤᠨ ᠤ ᠡᠶ᠎ᠡ ᠵᠣᠬᠢᠴᠠᠩᠭᠤᠢ ᠬᠠᠮᠲᠤᠷᠠᠯᠴᠠᠭᠠᠨ ᠤ ᠭᠤᠸ᠎ᠠ ᠰᠠᠶᠢᠬᠠᠨ ᠪᠠ ᠴᠠᠭ ᠦᠶ᠎ᠡ ᠶᠢᠨ ᠡᠭᠦᠷᠭᠡᠯᠡᠯ ᠢ ᠢᠯᠡᠷᠡᠭᠦᠯᠵᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ  ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠳᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠴᠦ ᠂ ᠡᠯ᠎ᠡ ᠤᠯᠤᠰ ᠵᠢᠷᠭᠠᠯ ᠵᠣᠪᠠᠯᠠᠩ ᠢᠶᠠᠨ ᠬᠠᠮᠲᠤᠳᠬᠠᠬᠤ ᠂ ᠬᠤᠪᠢ ᠵᠠᠶᠠᠭ᠎ᠠ ᠪᠠᠨ ᠬᠠᠮᠲᠤᠳᠬᠠᠬᠤ ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠣᠯ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠵᠠᠪᠠᠯ ᠶᠠᠪᠤᠬᠤ ᠵᠠᠮ ᠮᠥᠨ᠃ ᠪᠢ ᠳᠤᠮᠳᠠᠳᠤ ᠭᠷᠧᠭ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯᠣᠨ ᠪᠣᠯᠪᠠᠰᠤᠨ ᠤ ᠰᠣᠯᠢᠯᠴᠠᠭᠠᠨ ᠤ ᠬᠤᠶᠠᠷ ᠶᠡᠭᠡ ᠬᠤᠯᠪᠣᠭᠠᠰᠤ ᠶᠢ ᠴᠢᠩᠭᠠᠯᠠᠵᠤ ᠂ ᠳᠤᠮᠳᠠᠳᠤ ᠭᠷᠧᠭ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠣᠯᠣᠨ ᠬᠥᠭᠵᠢᠯ ᠴᠡᠴᠡᠭᠯᠡᠯ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ ᠃ 
ᠢᠷᠡᠯᠲᠡ᠄ ᠥᠪᠥᠷ ᠮᠣᠩᠭᠣᠯ ᠤᠨ ᠡᠳᠦᠷ ᠦᠨ ᠰᠣᠨᠢᠨ