ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ | ᠴᠢᠨᠠᠷ ᠰᠠᠶᠢᠲᠠᠢ ᠬᠥᠭᠵᠢᠯᠲᠡ ᠪᠠᠷ ᠪᠥᠬᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ | ᠭᠦᠢᠵᠧᠦ ᠶᠢᠨ ᠰᠢᠨ᠎ᠡ ᠵᠢᠪᠬᠤᠭ᠎ᠠ ᠶᠢ ᠢᠯᠡᠷᠡᠭᠦᠯᠬᠦ ᠬᠡᠷᠡᠭᠲᠡᠢ | ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠰᠢᠨᠬᠤᠸᠠ ᠬᠤᠷᠢᠶ᠎ᠠ ᠶᠢᠨ ᠭᠦᠢᠶᠠᠩ ᠤᠨ 3 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠭᠦᠢᠵᠧᠦ ᠳᠤ | ᠰᠢᠨᠵᠢᠯᠡᠨ ᠪᠠᠶᠢᠴᠠᠭᠠᠬᠤ ᠳᠠᠭᠠᠨ᠂ ᠭᠦᠢᠵᠧᠦ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠴᠢᠨᠠᠷ ᠰᠠᠶᠢᠲᠠᠢ ᠬᠥᠭᠵᠢᠯᠲᠡ ᠪᠠᠷ ᠪᠦᠭᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠲᠣᠭᠲᠠᠭᠤᠨ ᠤ | ᠳᠤᠮᠳᠠ ᠤᠷᠤᠭᠰᠢᠯᠠᠨ ᠳᠡᠪᠰᠢᠵᠦ᠂ ᠴᠢᠳᠠᠮᠠᠭᠠᠢ ᠠᠵᠢᠯᠯᠠᠨ ᠴᠢᠳᠠᠮᠠᠭᠠᠢ ᠪᠠᠷ ᠠᠮᠵᠢᠯᠲᠠ ᠪᠦᠲᠦᠮᠵᠢ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠬᠢᠴᠠ ᠳᠤᠮᠳᠠ ᠭᠦᠢᠵᠧᠦ ᠶᠢᠨ ᠰᠢᠨ᠎ᠡ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | 3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠰᠢ ᠶᠢᠨ ᠫᠢᠩ ᠭᠦᠢᠵᠧᠦ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠦᠢ ᠯᠢᠨ ᠪᠣᠯᠣᠨ ᠮᠤᠵᠢ ᠶᠢᠨ | ᠳᠠᠷᠤᠭ᠎ᠠ ᠯᠢ ᠪᠢᠩ ᠵᠢᠶᠦ᠋ᠨ ᠤ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠭᠦᠢᠵᠧᠦ ᠶᠢᠨ ᠵᠡᠭᠦᠨ ᠡᠮᠦᠨᠡᠲᠦ ᠶᠢᠨ ᠮᠢᠶᠣᠣ ᠦᠨᠳᠦᠰᠦᠲᠡᠨ ᠳ᠋ᠦᠩ | ᠦᠨᠳᠦᠰᠦᠲᠡᠨ ᠤ ᠥᠪᠡᠷᠲᠡᠭᠡᠨ ᠵᠠᠰᠠᠬᠤ ᠵᠧᠦ᠂ ᠭᠦᠢᠶᠠᠩ ᠬᠤᠳᠠ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | 17 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠤᠨ ᠰᠢᠶᠠᠨ ᠤ ᠵᠤᠤ ᠰᠢᠩ ᠤᠨ ᠳ᠋ᠦᠩ | ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠪᠠ᠃ ᠴᠠᠶᠢᠵᠠ ᠶᠢᠨ ᠡᠭᠦᠳᠡᠨ ᠳᠤ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠴᠢᠮᠡᠭᠯᠡᠭᠰᠡᠨ | ᠲᠣᠰᠬᠤᠨ ᠤ ᠠᠷᠠᠳ ᠳ᠋ᠦᠩ ᠦᠨᠳᠦᠰᠦᠲᠡᠨ ᠤ ᠨᠠᠶᠢᠷ ᠤᠨ ᠳᠠᠭᠤᠤ ᠪᠠᠨ ᠳᠠᠭᠤᠯᠠᠵᠤ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠳ᠋ᠦᠩ ᠦᠨᠳᠦᠰᠦᠲᠡᠨ ᠤ | ᠨᠠᠶᠢᠷ ᠤᠨ ᠳᠠᠭᠤᠤ ᠶᠢᠨ ᠤᠷᠠᠯᠢᠭ ᠤᠨ ᠡᠭᠦᠰᠦᠯ᠂ ᠠᠶᠠᠯᠭᠤ ᠶᠢᠨ ᠣᠨᠴᠠᠯᠢᠭ᠂ ᠳᠠᠭᠤᠯᠠᠬᠤ ᠭᠡᠯᠪᠡᠷᠢ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠮᠠᠰᠢ ᠰᠣᠨᠢᠷᠬᠠᠯᠲᠠᠢ | ᠰᠣᠨᠣᠰᠴᠠᠢ᠃ ᠳᠠᠷᠠᠭ᠎ᠠ ᠨᠢ ᠲᠣᠰᠬᠤᠨ ᠴᠠᠶᠢᠵᠠ ᠶᠢᠨ ᠵᠠᠮ ᠳᠠᠭᠠᠤ ᠳ᠋ᠦᠩ ᠦᠨᠳᠦᠰᠦᠲᠡᠨ ᠤ ᠴᠠᠶᠢᠵᠠ ᠶᠢᠨ ᠳᠦᠷᠰᠦ ᠪᠠᠶᠢᠳᠠᠯ ᠪᠠ ᠵᠢᠭᠤᠯᠴᠢᠯᠠᠯ ᠤᠨ ᠳᠡᠯᠭᠡᠭᠦᠷ ᠢ | ᠪᠠᠶᠢᠴᠠᠭᠠᠨ ᠦᠵᠡᠵᠦ᠂ ᠪᠠᠶᠢᠨ ᠲᠠᠭᠢᠨ ᠵᠣᠭᠰᠣᠨ ᠳᠡᠯᠭᠡᠭᠦᠷ ᠤᠨ ᠡᠵᠡᠨ᠂ ᠵᠢᠭᠤᠯᠴᠢᠯᠠᠬᠰᠡᠳ᠂ ᠲᠣᠰᠬᠤᠨ ᠤ ᠠᠷᠠᠳ ᠲᠠᠢ ᠶᠠᠷᠢᠯᠴᠠᠵᠤ ᠪᠠᠶᠢᠯ᠎ᠠ᠃ ᠳ᠋ᠦᠩ | ᠦᠨᠳᠦᠰᠦᠲᠡᠨ ᠤ ᠰᠣᠶᠣᠯ ᠤᠨ ᠦᠵᠡᠭᠦᠯᠭᠡ ᠶᠢᠨ ᠲᠥᠪ ᠲᠤ ᠲᠡᠷᠡ ᠳ᠋ᠦᠩ ᠦᠨᠳᠦᠰᠦᠲᠡᠨ ᠤ ᠲᠡᠦᠬᠡ᠂ ᠵᠠᠩ ᠦᠢᠯᠡ ᠪᠣᠯᠣᠨ ᠬᠤᠪᠴᠠᠰᠤ ᠵᠠᠰᠠᠯ᠂ ᠪᠠᠷᠢᠯᠭ᠎ᠠ | ᠵᠡᠷᠭᠡ ᠣᠨᠴᠠᠯᠢᠭᠲᠤ ᠰᠣᠶᠣᠯ ᠢ ᠬᠠᠮᠠᠭᠠᠯᠠᠵᠤ ᠤᠯᠠᠮᠵᠢᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠳ᠋ᠦᠩ ᠦᠨᠳᠦᠰᠦᠲᠡᠨ ᠤ ᠰᠢᠶᠠᠩ ᠤᠨ ᠣᠨᠴᠠᠯᠢᠭᠲᠤ ᠠᠵᠤ | ᠦᠢᠯᠡᠰ ᠤᠨ ᠰᠠᠭᠤᠷᠢᠨ ᠳᠤ ᠲᠡᠷᠡ ᠯᠠᠳᠠᠵᠤ ᠪᠤᠳᠤᠬᠤ ᠤᠷ᠎ᠠ ᠮᠡᠷᠭᠡᠵᠢᠯ ᠤᠨ ᠶᠠᠪᠤᠴᠠ ᠶᠢ ᠦᠵᠡᠵᠦ᠂ ᠯᠠᠳᠠᠵᠤ ᠪᠤᠳᠤᠬᠤ ᠬᠤᠷᠰᠢᠶ᠎ᠠ ᠶᠢᠨ ᠵᠣᠴᠢᠳ ᠢ ᠳᠡᠭᠡᠳᠦᠯᠡᠬᠦ᠂ | ᠶᠠᠰᠤ ᠴᠢᠨᠠᠷ ᠢ ᠲᠡᠷᠢᠭᠦᠨ ᠳᠤ ᠲᠠᠯᠪᠢᠬᠤ ᠡᠵᠡᠩᠨᠡᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠪᠠᠶᠢᠬᠤ ᠶᠢ ᠨᠤᠲᠠᠯᠠᠪᠠ᠃ ᠰᠢ ᠶᠢᠨ ᠫᠢᠩ᠂ ᠴᠥᠭᠡᠨ ᠲᠣᠭᠠᠲᠤ | ᠦᠨᠳᠦᠰᠦᠲᠡᠨ ᠤ ᠰᠣᠶᠣᠯ ᠪᠣᠯ ᠳᠤᠮᠳᠠᠳᠤ ᠶᠢᠨ ᠰᠣᠶᠣᠯ ᠤᠨ ᠲᠤᠲᠠᠭᠳᠠᠵᠤ ᠪᠣᠯᠣᠰᠢ ᠦᠭᠡᠢ ᠪᠦᠷᠢᠯᠳᠦᠭᠦᠨ ᠬᠡᠰᠡᠭ ᠮᠥᠨ᠃ ᠪᠦᠲᠦᠨ ᠢᠶᠠᠷ ᠢᠶᠠᠨ ᠪᠠᠶᠢᠭ᠎ᠠ ᠠᠶᠢᠯ | ᠲᠣᠰᠬᠤᠨ᠂ ᠠᠷᠠᠳ ᠤᠨ ᠣᠷᠣᠨ ᠰᠠᠭᠤᠴᠠ᠂ ᠣᠨᠴᠠᠯᠢᠭᠲᠤ ᠪᠠᠷᠢᠯᠭ᠎ᠠ ᠶᠢᠨ ᠳᠦᠷᠰᠦ ᠪᠠᠶᠢᠳᠠᠯ ᠢ ᠬᠠᠮᠠᠭᠠᠯᠠᠵᠤ᠂ ᠦᠯᠦ ᠮᠡᠳᠡᠭᠳᠡᠮ᠎ᠡ ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠᠷ ᠪᠠᠷᠠᠬᠤ ᠦᠭᠡᠢ ᠪᠠᠰᠠ ᠲᠡᠭᠦᠨ ᠢ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ | ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠠᠰᠢᠭᠯᠠᠯᠲᠠ ᠶᠢᠨ ᠳᠤᠮᠳᠠ ᠦᠨᠳᠦᠰᠦᠲᠡᠨ ᠤ ᠣᠨᠴᠠᠯᠢᠭ ᠢ ᠨᠠᠩ ᠠᠮᠢᠳᠤᠯᠢᠭ ᠲᠣᠳᠣ ᠪᠤᠯᠭᠠᠵᠤ᠂ ᠰᠢᠨ᠎ᠡ ᠭᠡᠷᠡᠯ | ᠭᠢᠯᠪᠠᠭ᠎ᠠ ᠶᠢ ᠨᠢ ᠲᠠᠰᠤᠷᠠᠯᠲᠠ ᠦᠭᠡᠢ ᠰᠠᠴᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠨᠲ᠋ᠤᠸᠠᠨ ᠬᠡᠩᠭᠡᠷᠭᠡᠲᠦ ᠠᠰᠠᠷ ᠲᠤ ᠰᠢ ᠶᠢᠨ ᠫᠢᠩ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤ ᠰᠠᠭᠤᠯᠴᠠᠵᠤ | ᠳᠣᠲᠣᠨᠣ ᠪᠠᠷ ᠶᠠᠷᠢᠯᠴᠠᠪᠠ᠃ ᠤᠯᠠᠨ ᠢᠶᠠᠷ ᠢᠶᠠᠨ ᠶᠡᠷᠦᠩᠬᠡᠢ ᠱᠦᠵᠢ ᠳᠤ ᠣᠶᠢᠷ᠎ᠠ ᠶᠢᠨ ᠵᠢᠯ ᠤᠨ ᠲᠤᠷᠰᠢᠬᠢ ᠬᠥᠳᠡᠭᠡ ᠲᠣᠰᠬᠤᠨ ᠳᠤ ᠭᠠᠷᠤᠭᠰᠠᠨ ᠪᠠᠶᠠᠷᠯᠠᠭᠤᠰᠢᠲᠠᠢ | ᠬᠤᠪᠢᠷᠠᠯᠲᠠ ᠶᠢ ᠶᠠᠷᠢᠵᠤ ᠥᠭᠪᠡ᠃ ᠰᠢ ᠶᠢᠨ ᠫᠢᠩ᠂ ᠳ᠋ᠦᠩ ᠦᠨᠳᠦᠰᠦᠲᠡᠨ ᠤ ᠴᠠᠶᠢᠵᠠ ᠶᠢ ᠡᠶᠢᠮᠦ ᠰᠠᠶᠢᠬᠠᠨ ᠬᠠᠮᠠᠭᠠᠯᠠᠵᠤ᠂ ᠳ᠋ᠦᠩ ᠦᠨᠳᠦᠰᠦᠲᠡᠨ ᠤ ᠤᠯᠠᠨ | ᠲᠦᠮᠡᠨ ᠤ ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠦᠵᠡᠭᠡᠳ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠬᠡᠪᠡ᠃ ᠲᠡᠷᠡ᠂ ᠠᠷᠠᠳ ᠤᠯᠠᠨ ᠤ ᠶᠠᠪᠤᠳᠠᠯ ᠢ ᠰᠠᠶᠢᠲᠤᠷ | ᠬᠢᠬᠦ ᠶᠢᠨ ᠵᠠᠩᠭᠢᠯᠠᠭ᠎ᠠ ᠨᠢ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ | ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠢ | ᠳᠠᠭᠠᠭᠤᠯᠤᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠰᠠᠶᠢᠲᠤᠷ ᠬᠢᠬᠦ ᠳᠤ ᠪᠠᠶᠢᠨ᠎ᠠ ᠭᠡᠵᠦ ᠵᠢᠭᠠᠵᠤ ᠭᠠᠷᠭᠠᠪᠠ᠃ | ᠬᠡᠩᠭᠡᠷᠭᠡᠲᠦ ᠠᠰᠠᠷ ᠠᠴᠠ ᠰᠠᠯᠬᠤ ᠦᠶ᠎ᠡ ᠳᠤ ᠲᠣᠰᠬᠤᠨ ᠤ ᠠᠷᠠᠳ ᠠᠷᠤ ᠠᠷᠤ ᠠᠴᠠ ᠪᠠᠨ ᠬᠦᠷᠢᠶᠡᠯᠡᠨ ᠢᠷᠡᠵᠦ᠂ ᠬᠠᠯᠠᠭᠤᠨ ᠠᠯᠠᠭ᠎ᠠ ᠲᠠᠰᠢᠵᠤ᠂ ᠥᠨᠳᠥᠷ | ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ ᠰᠢ ᠶᠢᠨ ᠫᠢᠩ᠂ ᠳ᠋ᠦᠩ ᠦᠨᠳᠦᠰᠦᠲᠡᠨ ᠤ ᠠᠷᠠᠳ ᠲᠦᠮᠡᠨ ᠪᠣᠷᠣᠭᠵᠢᠭᠤᠨ᠂ ᠠᠵᠢᠯᠴᠢ | ᠭᠦᠳᠡᠯᠮᠦᠷᠢᠴᠢ᠂ ᠰᠣᠶᠣᠯ ᠲᠠᠢ᠂ ᠤᠶᠤᠨ ᠤᠬᠠᠭᠠᠨ ᠲᠠᠢ ᠶᠤᠮ᠃ ᠤᠯᠠᠨ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠡᠩ ᠰᠠᠶᠢᠲᠤᠷ ᠬᠢᠬᠦ ᠶᠢ ᠬᠦᠰᠡᠵᠦ ᠪᠠᠶᠢᠨ᠎ᠠ᠂ ᠤᠯᠠᠨ ᠤ ᠠᠮᠢᠳᠤᠷᠠᠯ ᠡᠳᠦᠷ ᠠᠴᠠ ᠡᠳᠦᠷ ᠥᠭᠡᠳᠡ | ᠡᠰᠡᠷᠡᠭ ᠪᠤᠯᠬᠤ ᠶᠢ ᠬᠦᠰᠡᠨ ᠵᠥᠩᠨᠡᠵᠦ ᠪᠠᠶᠢᠨ᠎ᠠ ᠭᠡᠵᠦ ᠪᠠᠶᠠᠷ ᠲᠠᠢ ᠬᠠᠷᠢᠭᠤᠯᠪᠠ᠃ ᠳ᠋ᠦᠩ ᠦᠨᠳᠦᠰᠦᠲᠡᠨ ᠤ ᠴᠠᠶᠢᠵᠠ ᠠᠴᠠ ᠰᠠᠯᠬᠤ ᠦᠶ᠎ᠡ ᠳᠤ ᠳ᠋ᠦᠩ | ᠦᠨᠳᠦᠰᠦᠲᠡᠨ ᠤ ᠣᠯᠠᠨ ᠲᠦᠮᠡᠨ ︽ᠳ᠋ᠦᠩ ᠦᠨᠳᠦᠰᠦᠲᠡᠨ ᠤ ᠳᠠᠭᠤᠤ ᠪᠠᠨ ᠨᠠᠮ ᠳᠠᠭᠠᠨ ᠳᠠᠭᠤᠯᠠᠵᠤ ᠥᠭᠭᠦᠶ᠎ᠡ︾ ᠭᠡᠬᠦ ᠳᠠᠭᠤᠤ ᠶᠢ ᠭᠦᠨ ᠰᠡᠳᠬᠢᠯᠭᠡ ᠲᠠᠢ | ᠳᠠᠭᠤᠯᠠᠵᠤ᠂ ᠶᠡᠷᠦᠩᠬᠡᠢ ᠱᠦᠵᠢ ᠶᠢ ᠬᠠᠶᠢᠷᠠᠯᠠᠵᠤ ᠪᠠᠶᠢᠬᠤ ᠪᠠ ᠰᠠᠯᠵᠤ ᠶᠠᠳᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠪᠠᠶᠢᠨ ᠳᠠᠭᠢᠨ ᠭᠠᠷ ᠳᠠᠯᠠᠯᠤᠨ᠂ | ᠨᠤᠲᠤᠭ ᠤᠨ ᠠᠬ᠎ᠠ ᠳᠡᠭᠦᠦ ᠨᠠᠷ ᠲᠠᠢ ᠰᠠᠯᠬᠤ ᠶᠣᠰᠣ ᠭᠦᠢᠴᠡᠳᠬᠡᠪᠡ᠃ | 18 ᠤ ᠦᠳᠡ ᠶᠢᠨ ᠡᠮᠦᠨ᠎ᠡ᠂ ᠰᠢ ᠶᠢᠨ ᠫᠢᠩ ᠭᠦᠢᠵᠧᠦ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠭᠦᠢᠵᠧᠦ ᠶᠢᠨ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ | ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ | ᠭᠦᠢᠵᠧᠦ ᠵᠣᠷᠢᠭ ᠰᠢᠭᠤᠳᠤᠨ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠪᠠᠷ ᠰᠠᠭᠤᠷᠢ ᠪᠤᠯᠭᠠᠬᠤ ᠶᠢ ᠪᠠᠷᠢᠮᠲᠠᠯᠠᠵᠤ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠴᠢᠩᠭᠠᠳᠬᠠᠵᠤ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠨᠢᠭᠡᠳᠦᠯᠲᠡᠢ ᠲᠥᠯᠥᠪᠵᠢᠭᠦᠯᠵᠦ᠂ | ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠵᠡᠷᠭᠡ ᠠᠵᠤ ᠦᠢᠯᠡᠰ ᠢ ᠬᠦᠴᠦᠷᠬᠡᠭᠵᠢᠭᠦᠯᠦᠨ | ᠰᠢᠯᠢᠳᠡᠭᠵᠢᠭᠦᠯᠬᠦ ᠬᠡᠷᠡᠭᠲᠡᠢ᠃ ᠲᠣᠭᠲᠠᠯ ᠬᠦᠴᠦᠨ ᠪᠠ ᠲᠡᠪᠴᠢᠶᠡᠷᠢᠲᠡᠢ ᠪᠠᠶᠢᠬᠤ ᠶᠢ ᠪᠠᠲᠤᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠷᠳᠤᠴᠠ ᠪᠠ ᠦᠷ᠎ᠡ ᠠᠰᠢᠭ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠣᠷᠴᠢᠨ | ᠲᠣᠭᠤᠷᠢᠨ ᠢ ᠰᠠᠶᠢᠲᠤᠷ ᠬᠠᠮᠠᠭᠠᠯᠠᠵᠤ᠂ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠨᠢᠭᠡ ᠭᠠᠵᠠᠷ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠨᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠲᠠᠢ ᠨᠢᠭᠲᠠ | ᠬᠤᠯᠪᠤᠭ᠎ᠠ ᠲᠠᠢ ᠪᠠᠶᠢᠳᠠᠭ᠃ ᠭᠦᠢᠵᠧᠦ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ | ᠣᠷᠣᠨ ᠨᠤᠲᠤᠭ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯᠲᠡ᠂ ᠳᠣᠲᠣᠭᠠᠳᠤ ᠶᠢᠨ ᠰᠢᠷᠦᠭᠦᠨ ᠥᠷᠢᠰᠦᠯᠳᠦᠭᠡᠨ ᠢ ᠡᠷᠡᠰ ᠡᠪᠳᠡᠵᠦ᠂ ᠪᠦᠭᠦ | ᠨᠡᠶᠢᠭᠡᠮ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠳᠤ ᠯᠠᠪᠳᠠᠭᠤᠨ ᠲᠣᠭᠲᠠᠭᠤᠨ ᠡᠷᠬᠡ ᠲᠡᠭᠰᠢ ᠢᠯᠡ ᠲᠣᠳᠣ᠂ ᠵᠢᠱᠢᠵᠦ ᠪᠣᠯᠬᠤᠶᠢᠴᠠ ᠣᠷᠴᠢᠨ ᠲᠣᠭᠤᠷᠢᠨ ᠢ | ᠪᠤᠢ ᠪᠤᠯᠭᠠᠵᠤ ᠥᠭᠬᠦ ᠬᠡᠷᠡᠭᠲᠡᠢ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠢᠭᠡ ᠲᠠᠯ᠎ᠠ ᠪᠠᠷ ᠥᠭᠡᠷᠡᠴᠢᠯᠡᠯᠲᠡ ᠶᠢ ᠠᠳᠬᠤᠵᠤ᠂ ᠴᠢᠨᠠᠷ | ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠲᠣᠷᠬᠤ ᠴᠡᠭ ᠢ ᠨᠡᠪᠲᠡᠷᠡᠭᠦᠯᠬᠦ ᠭᠡᠷᠡᠭᠲᠡᠢ︔ ᠨᠦᠭᠦᠭᠡ ᠲᠠᠯ᠎ᠠ ᠪᠠᠷ ᠺᠠᠳ᠋ᠷ ᠤᠨ ᠬᠥᠮᠦᠵᠢᠯ | ᠬᠠᠮᠢᠶᠠᠷᠤᠯᠲᠠ ᠶᠢ ᠠᠳᠬᠤᠵᠤ᠂ ᠺᠠᠳ᠋ᠷᠴᠤᠳ ᠤᠨ ᠶᠡᠭᠡ ᠲᠠᠯ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ᠂ ᠠᠷᠢᠭᠤᠨ | ᠴᠢᠬᠡᠴᠢ ᠶᠢᠨ ᠤᠬᠠᠮᠰᠠᠷ ᠢ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠨᠡᠭᠡᠭᠡᠯᠲᠡ ᠬᠢᠬᠦ ᠪᠣᠯ ᠪᠠᠰᠠ ᠴᠤ ᠴᠢᠬᠤᠯᠠ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠮᠥᠨ᠃ ᠭᠦᠢᠵᠧᠦ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ | ᠠᠵᠠ ᠲᠣᠭᠢᠶᠠᠯ ᠢ ᠰᠠᠶᠢᠲᠤᠷ ᠠᠰᠢᠭᠯᠠᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ᠂ ᠴᠧᠩᠳᠦ᠋ ᠴᠦᠩᠴᠢᠩ ᠤᠨ ᠬᠤᠶᠠᠷ | ᠬᠤᠲᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠵᠣᠯᠭᠠᠭᠤᠯᠵᠤ᠂ ᠡᠬᠡ ᠬᠠᠭᠤᠷᠠᠢ ᠲᠠᠯᠠᠢ ᠲᠠᠩᠭᠢᠰ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠯᠪᠤᠭᠠᠯᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠤᠣᠰ ᠴᠢᠭᠯᠡᠯ ᠢᠶᠠᠷ ᠬᠠᠷᠢᠯᠴᠠᠨ ᠲᠡᠳᠬᠦᠬᠦ ᠪᠦᠭᠦ ᠲᠠᠯ᠎ᠠ ᠶᠢᠨ ᠨᠡᠭᠡᠭᠡᠯᠲᠡ ᠶᠢᠨ | ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠭᠦᠢᠵᠧᠦ ᠥᠪᠡᠷ ᠤᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠰᠢᠶᠠᠨ ᠤ ᠲᠥᠪ ᠢᠶᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠳᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠰ ᠢᠶᠠᠨ ᠬᠥᠭᠵᠢᠭᠦᠯᠬᠦ᠂ ᠰᠢᠶᠠᠨ ᠢᠶᠠᠨ ᠬᠦᠴᠦᠷᠬᠡᠭᠵᠢᠭᠦᠯᠬᠦ᠂ | ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠰᠢᠶᠠᠨ ᠤ ᠬᠡᠪᠴᠢᠶᠡᠨ ᠤ ᠠᠵᠤ ᠦᠢᠯᠡᠰ ᠤᠨ ᠰᠠᠭᠤᠷᠢ ᠳᠤ | ᠰᠠᠭᠤᠷᠢᠯᠠᠨ᠂ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠬᠤᠯᠠᠴᠢᠯᠠᠵᠤ᠂ ᠵᠥᠷᠢᠭᠦᠯᠦᠨ ᠬᠥᠭᠵᠢᠭᠦᠯᠵᠦ᠂ ᠲᠠᠷᠠᠬᠠᠢ ᠪᠤᠲᠠᠷᠬᠠᠢ ᠴᠡᠭ ᠢ ᠬᠡᠯᠬᠢᠶᠡᠵᠢᠭᠦᠯᠬᠦ ᠬᠡᠷᠡᠭᠲᠡᠢ᠃ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠳᠣ ᠦᠶ᠎ᠡ ᠶᠢᠨ ᠠᠭᠤᠯᠠᠷᠬᠠᠭ ᠭᠠᠵᠠᠷ ᠤᠨ ᠣᠨᠴᠠᠯᠢᠭ ᠪᠦᠬᠦᠢ ᠥᠨᠳᠥᠷ ᠦᠷ᠎ᠡ ᠠᠰᠢᠭᠲᠤ ᠬᠥᠳᠡᠭᠡ ᠠᠵᠤ | ᠠᠬᠤᠢ ᠶᠢ ᠬᠥᠭᠵᠢᠭᠦᠯᠵᠦ᠂ ᠵᠠᠬ᠎ᠠ ᠳᠡᠯᠭᠡᠭᠦᠷ ᠲᠤ ᠤᠳᠠᠭᠠᠨ ᠳᠠᠭᠠᠭᠠᠮᠠᠭᠠᠢ ᠥᠷᠢᠰᠦᠯᠳᠦᠬᠦ ᠬᠦᠴᠦᠨ ᠲᠠᠢ ᠣᠨᠴᠠᠯᠢᠭᠲᠤ ᠭᠤᠣᠯᠯᠠᠬᠤ ᠠᠵᠤ ᠦᠢᠯᠡᠰ ᠢ | ᠪᠣᠶᠢᠵᠢᠭᠤᠯᠬᠤ ᠬᠡᠷᠡᠭᠲᠡᠢ᠃ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠳᠤᠮᠳᠠ ᠤᠯᠠᠨ | ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠨᠢᠭᠡᠳᠦᠯᠲᠡᠢ | ᠬᠢᠨᠠᠨ ᠬᠡᠮᠵᠢᠬᠦ᠂ ᠲᠦᠷᠦᠯ ᠬᠤᠪᠢᠶᠠᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠦᠢᠵᠧᠦ ᠶᠢᠨ ᠲᠡᠦᠬᠡ ᠶᠢᠨ ᠲᠤᠨᠳᠠᠰᠤ ᠵᠤᠵᠠᠭᠠᠨ᠂ ᠬᠤᠪᠢᠰᠬᠠᠯ ᠤᠨ ᠰᠣᠶᠣᠯ ᠪᠠᠶᠠᠯᠢᠭ᠂ ᠦᠨᠳᠦᠰᠦᠲᠡᠨ ᠤ ᠰᠣᠶᠣᠯ ᠥᠩᠭᠡ ᠢᠯᠭᠠᠷᠠᠮ᠎ᠠ | ᠰᠠᠶᠢᠬᠠᠨ ᠶᠤᠮ᠂ ᠡᠨᠡ ᠬᠦ ᠳᠠᠪᠠᠭᠤᠯᠢᠭ ᠢᠶᠠᠨ ᠠᠰᠢᠭᠯᠠᠵᠤ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠰᠤᠷᠲᠠᠯ ᠢᠶᠠᠷ ᠬᠥᠮᠥᠨ ᠢ ᠬᠥᠮᠥᠵᠢᠭᠦᠯᠵᠦ᠂ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠣᠨᠴᠠᠯᠢᠭᠲᠤ ᠬᠥᠳᠡᠭᠡ ᠲᠣᠰᠬᠤᠨ᠂ ᠤᠯᠠᠮᠵᠢᠯᠠᠯᠲᠤ ᠲᠣᠰᠬᠤᠨ ᠪᠣᠯᠣᠨ ᠲᠡᠦᠬᠡ | ᠰᠣᠶᠣᠯ ᠤᠨ ᠨᠡᠷᠡᠳᠤ ᠲᠣᠰᠬᠤᠨ ᠨᠡᠷᠡᠳᠤ ᠪᠠᠯᠭᠠᠰᠤ᠂ ᠬᠤᠪᠢᠰᠬᠠᠯᠲᠤ ᠲᠠᠶᠢᠨ ᠤ ᠦᠶ᠎ᠡ ᠳᠤ ᠦᠯᠡᠳᠡᠭᠡᠭᠰᠡᠨ ᠬᠤᠪᠢᠰᠬᠠᠯ ᠤᠨ ᠬᠠᠭᠤᠴᠢᠨ ᠪᠠᠭᠤᠷᠢ ᠶᠢ ᠰᠢᠰᠲ᠋ᠧᠮᠲᠦ | ᠴᠢᠨᠠᠷᠲᠠᠢ ᠪᠠᠷ ᠬᠠᠮᠠᠭᠠᠯᠠᠬᠤ ᠶᠢ ᠴᠢᠩᠭᠠᠳᠬᠠᠬᠤ ᠬᠡᠷᠡᠭᠲᠡᠢ᠃ ᠬᠡᠪ ᠵᠠᠩᠰᠢᠯ ᠢ ᠥᠭᠡᠷᠡᠴᠢᠯᠡᠬᠦ ᠶᠢ ᠪᠠᠷᠢᠮᠲᠠᠯᠠᠵᠤ᠂ ᠪᠣᠯᠪᠠᠰᠤᠨ ᠰᠢᠨ᠎ᠡ ᠰᠤᠷᠲᠠᠯ ᠢ ᠢᠳᠡᠪᠬᠢᠲᠡᠢ | ᠪᠣᠶᠢᠵᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠡᠵᠡᠩᠨᠡᠯᠲᠡ ᠶᠢᠨ ᠭᠡᠯᠪᠡᠷᠢ ᠶᠢ | ᠪᠠᠶᠠᠯᠢᠭᠵᠢᠭᠤᠯᠵᠤ᠂ ︽ᠲᠠᠩᠰᠤᠭ ᠰᠠᠶᠢᠬᠠᠨ ᠭᠦᠢᠵᠧᠦ︾ ᠰᠣᠶᠣᠯ ᠵᠢᠭᠤᠯᠴᠢᠯᠠᠯ ᠤᠨ ᠰᠢᠨ᠎ᠡ ᠲᠥᠷᠥᠯ ᠲᠡᠮᠳᠡᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠤᠬᠳᠤ ᠭᠤᠶᠢᠪᠢᠰᠢ ᠦᠭᠡᠢ ᠪᠠᠷᠢᠮᠲᠠᠯᠠᠵᠤ᠂ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ᠂ ᠡᠨᠡ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ | ᠭᠡᠰᠢᠭᠦᠨ᠂ ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠭᠦᠯᠬᠦ᠂ ᠳᠠᠳᠬᠠᠯ ᠪᠤᠯᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ | ᠠᠳᠬᠤᠬᠤ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠵᠤ᠂ ᠢᠯᠵᠢᠷᠡᠯ ᠤᠨ | ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠶᠢ ᠰᠤᠯᠠᠷᠠᠭᠤᠯᠤᠯ ᠦᠭᠡᠢ ᠪᠠᠶᠢᠩᠭᠤ ᠠᠳᠬᠤᠬᠤ ᠬᠡᠷᠡᠭᠲᠡᠢ᠃ ᠤᠷᠳᠤ ᠵᠠᠮ ᠤᠨ ᠠᠶᠠᠨ | ᠲᠠᠶᠢᠨ ᠤ ᠵᠣᠷᠢᠭ ᠰᠠᠨᠠᠭ᠎ᠠ ᠪᠣᠯᠣᠨ ᠽᠦᠨ ᠢ ᠶᠢᠨ ᠬᠤᠷᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠮᠤᠭ ᠲᠡᠭᠦᠯᠳᠡᠷ ᠲᠡᠮᠡᠴᠡᠯ ᠤᠨ ᠵᠣᠷᠢᠭ ᠢᠶᠠᠷ ᠰᠢᠨ᠎ᠡ ᠴᠠᠭ | ᠦᠶ᠎ᠡ ᠶᠢᠨ ᠤᠷᠳᠤ ᠵᠠᠮ ᠤᠨ ᠠᠶᠠᠨ ᠲᠠᠶᠢᠨ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ | |