3 ᠰᠠᠷ᠎ᠠ ᠶᠢᠨ 19 ᠤ ᠡᠳᠤᠷ ᠤᠷᠳᠤᠰ ᠬᠤᠲᠠ ᠶᠢᠨ ᠭᠤᠣᠯ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠰᠢᠳᠠᠭᠠᠵᠤ ᠴᠠᠬᠢᠯᠭᠠᠨ ᠭᠠᠷᠭᠠᠬᠤ | ᠶᠠᠷᠤᠩᠬᠡᠶᠢᠯᠡᠨ ᠠᠰᠢᠭᠯᠠᠬᠤ ᠲᠥᠷᠥᠯ ᠵᠦᠢᠯ ᠢ ᠤᠯᠠᠭᠠᠨᠰᠢᠷᠭᠠ ᠶᠢᠨ ᠲᠠᠸᠠᠷ ᠤᠨ ᠪᠧᠲ᠋ᠣᠨ ᠤ ᠬᠦᠷᠢᠶᠡᠯᠠᠩ ᠲᠣᠭᠤᠷᠢᠭ ᠲᠤ ᠵᠢᠩᠭᠢᠨᠢ ᠪᠠᠷ ᠠᠵᠢᠯ ᠡᠬᠢᠯᠡᠭᠦᠯᠪᠡ᠃ | ᠡᠨᠡᠬᠦ ᠲᠦᠷᠤᠯ ᠵᠦᠢᠯ ᠨᠢ ᠪᠣᠯ ᠥᠪᠣᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠡᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ | ᠳᠤᠮᠳᠠ ᠤᠷᠲᠤ ᠬᠤᠭᠤᠴᠠᠭᠠᠨ ᠤ ᠲᠦᠯᠣᠪᠵᠢᠭᠦᠯᠭᠡ ᠶᠢᠨ ᠲᠥᠷᠥᠯ ᠵᠦᠢᠯ ᠤᠨ ᠨᠢᠭᠡ ᠪᠣᠯᠬᠤ ᠪᠥᠭᠡᠳ ᠪᠥᠬᠦ ᠬᠤᠲᠠ ᠶᠢᠨ ᠡᠬᠢ ᠪᠠᠶᠠᠯᠢᠭ ᠢ ᠡᠷᠬᠢᠯᠳᠦᠭᠦᠯᠦᠨ | ᠶᠡᠷᠤᠩᠬᠡᠶᠢᠯᠡᠨ ᠠᠰᠢᠭᠯᠠᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠤᠯ ᠵᠦᠢᠯ ᠪᠣᠯᠣᠨ᠎ᠠ᠃ ᠲᠦᠷᠤᠯ ᠵᠦᠢᠯ ᠤᠨ ᠡᠵᠡᠯᠡᠬᠦ ᠳᠡᠯᠡᠪᠠᠢ ᠨᠢ ᠪᠠᠷᠤᠭ 115 ᠮᠦ | ᠪᠠᠶᠢᠵᠤ᠂ ᠶᠡᠷᠤᠩᠬᠡᠢ ᠪᠡᠯᠡ ᠤᠷᠤᠭᠤᠯᠤᠯᠲᠠ ᠨᠢ ᠪᠠᠷᠤᠭ 10 ᠳ᠋ᠦᠩᠰᠢᠭᠤᠷ ᠲᠦᠭᠦᠷᠢᠭ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠬᠡᠷᠡᠭᠵᠢᠭᠦᠯᠵᠦ᠂ ᠨᠢᠭᠡᠳᠦᠭᠡᠷ | ᠬᠤᠭᠤᠴᠠᠭᠠᠨ ᠳᠤ 74 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠬᠤ ᠪᠠᠷ ᠲᠦᠯᠤᠪᠯᠡᠵᠤ ᠪᠣᠢ᠃ | ᠲᠣᠰ ᠲᠦᠷᠤᠯ ᠵᠦᠢᠯ ᠨᠢ ᠤᠯᠤᠰ ᠤᠨ ᠲᠣᠲᠤᠭᠠᠲᠤ ᠶᠢᠨ ᠬᠠᠮᠤᠭ ᠤᠨ ᠲᠡᠷᠢᠭᠦᠨ ᠤ ︽ᠲᠠᠪᠤᠨ ᠠᠯᠬᠤᠮ︾ ᠤᠨ ᠤᠳᠤᠭ᠎ᠠ ᠰᠢᠢᠳᠪᠤᠷᠢᠯᠡᠬᠦ ᠰᠢᠰᠲ᠋ᠧᠮ ᠢ | ᠬᠡᠷᠡᠭᠯᠠᠵᠤ᠂ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠤᠯᠤᠰ ᠤᠨ ᠪᠠᠷᠢᠮᠵᠢᠶ᠎ᠠ ᠠᠴᠠ ᠳᠠᠪᠠᠭᠤᠯᠵᠤ᠂ ᠵᠢᠱᠢᠯᠲᠠ ᠪᠠᠷ 2026 ᠣᠨ ᠤ 4 ᠰᠠᠷ᠎ᠠ ᠳᠤ | ᠠᠰᠢᠭᠯᠠᠯᠲᠠ ᠳᠤ ᠣᠷᠣᠭᠤᠯᠵᠤ᠂ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠪᠣᠯᠣᠨ᠎ᠠ᠃ ᠡᠳᠤᠷ ᠲᠤ 1000 ᠲᠣᠨ ᠠᠮᠢᠳᠤᠷᠡᠯ ᠤᠨ ᠬᠤᠭ ᠨᠣᠪᠰᠢ ᠶᠢ | ᠰᠢᠢᠳᠪᠤᠷᠢᠯᠡᠵᠤ᠂ ᠡᠳᠤᠷ ᠲᠤ 40 ᠲᠦᠮᠡᠨ ᠭᠷᠡᠳᠦ᠋ᠰ ᠴᠠᠬᠢᠯᠭᠠᠨ ᠭᠠᠷᠭᠠᠵᠤ᠂ ᠭᠠᠵᠠᠷ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ | ᠭᠠᠷᠭᠠᠬᠤ ᠬᠦᠷᠢᠶᠡᠨ ᠳᠠᠬᠢ ᠬᠤᠭᠤᠰᠤᠨ ᠢ ᠨᠥᠭᠦᠪᠦᠷᠢᠯᠡᠭᠰᠡᠨ ᠢᠶᠠᠷ ᠪᠠᠷᠠᠬᠤ ᠦᠭᠡᠢ ᠨᠡᠩ ᠴᠦ ᠳ᠋ᠦᠩᠱᠧᠩ ᠲᠣᠭᠤᠷᠢᠭ ᠬᠢᠶ᠎ᠡ ᠪᠠᠭᠰᠢ ᠲᠣᠭᠤᠷᠢᠭ᠂ ᠡᠵᠡᠨ | ᠬᠤᠷᠤᠭ᠎ᠠ ᠬᠤᠰᠢᠭᠤ ᠵᠢᠴᠢ ᠲᠠᠯᠠᠳ ᠬᠤᠰᠢᠭᠤ ᠶᠢᠨ ᠠᠮᠢᠳᠤᠷᠠᠯ ᠤᠨ ᠬᠤᠭ ᠨᠣᠪᠰᠢ ᠶᠢ ᠪᠦᠲᠣᠮᠵᠢᠲᠡᠢ ᠰᠢᠳᠪᠤᠷᠢᠯᠡᠵᠤ᠂ ᠪᠥᠬᠦ ᠬᠤᠲᠠ ᠶᠢᠨ ᠠᠮᠢᠳᠤᠷᠡᠯ ᠤᠨ ᠬᠤᠭ | ᠨᠣᠪᠰᠢ ᠶᠢ ᠵᠠᠰᠠᠬᠤ ᠳᠤ ᠲᠦᠭᠦᠮᠭᠡᠨ ᠢᠶᠠᠷ ᠪᠤᠯᠠᠵᠤ ᠪᠠᠶᠢᠭᠰᠠᠨ ᠠᠴᠠ ᠬᠡᠮᠵᠢᠶ᠎ᠠ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠭᠦᠯᠬᠦ ᠲᠡᠰᠢ | ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠠᠮᠢ ᠠᠬᠤᠢ ᠶᠢᠨ ᠦᠷ᠎ᠡ ᠠᠰᠢᠭ ᠤᠨ ᠬᠤᠣᠰ | ᠠᠮᠵᠢᠯᠲᠠ ᠶᠢ ᠵᠡᠷᠭᠡᠪᠡᠷ ᠠᠬᠢᠭᠤᠯᠵᠤ᠂ ︽ᠪᠣᠬᠢᠷᠳᠤᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠵᠢᠴᠢ ᠡᠬᠢ ᠪᠠᠶᠡᠯᠢᠭ᠋ ᠢ | ᠠᠷᠪᠢᠯᠠᠬᠤ ᠬᠡᠯᠪᠡᠷᠢ ᠪᠠ ᠣᠷᠴᠢᠨ ᠲᠣᠭᠤᠷᠢᠨ ᠯᠤᠭ᠎ᠠ ᠨᠦᠭᠦᠷᠰᠡᠭ ᠬᠡᠯᠪᠡᠷᠢ ᠶᠢᠨ ᠨᠡᠶᠢᠭᠡᠮ ᠢ ᠪᠠᠶᠢᠭᠤᠯᠬᠤ ᠳᠤ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ | | | |