ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠰᠢᠨᠬᠤᠸᠠ ᠬᠤᠷᠢᠶ᠎ᠠ ᠶᠢᠨ ᠺᠦᠨᠮᠢᠩ ᠤᠨ 3 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠶᠦᠨᠨᠠᠨ ᠳᠤ | ᠰᠢᠨᠵᠢᠯᠡᠨ ᠪᠠᠶᠢᠴᠠᠭᠠᠬᠤ ᠳᠠᠭᠠᠨ᠂ ᠶᠦᠨᠨᠠᠨ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢ ᠬᠥᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠦᠵᠡᠯ | ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ | ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠤᠨ ᠰᠠᠷᠭᠠᠢ ᠴᠡᠴᠡᠭ ᠲᠠᠷᠢᠬᠤ | ᠲᠣᠭᠤᠷᠢᠭ ᠲᠤ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠨᠢᠩ ᠪᠣᠯᠣᠨ ᠮᠤᠵᠢ ᠶᠢᠨ | ᠳᠠᠷᠤᠭ᠎ᠠ ᠸᠠᠩ ᠢᠦᠢ ᠪᠦᠸᠧ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠯᠢᠵᠢᠶᠠᠩ᠂ ᠺᠦᠨᠮᠢᠩ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | 19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠳᠤ ᠭᠦᠷᠪᠡ᠃ | ᠦᠵᠡᠭᠦᠯᠭᠡ ᠶᠢᠨ ᠲᠢᠩᠬᠢᠮ ᠳᠤ ᠲᠡᠷᠡ ᠰᠠᠷᠭᠠᠢ ᠴᠡᠴᠡᠭ᠂ ᠲᠤᠭᠤᠷᠠᠢ ᠯᠢᠩᠬᠤ᠎ᠠ ᠰᠣᠷᠭᠤᠭ ᠴᠡᠴᠡᠭ ᠤᠨ ᠲᠥᠷᠥᠯ ᠵᠦᠢᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ | ᠶᠦᠨᠨᠠᠨ ᠤ ᠬᠤᠸᠠᠷ ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠠᠷᠭᠠᠢ ᠴᠡᠴᠡᠭ ᠲᠠᠷᠢᠬᠤ ᠲᠣᠭᠤᠷᠢᠭ ᠲᠤ | ᠲᠡᠷᠡ ᠣᠶᠤᠨᠲᠤ ᠬᠦᠯᠡᠮᠵᠢ ᠳᠤ ᠬᠥᠷᠥᠰᠥ ᠰᠢᠷᠣᠢ ᠦᠭᠡᠢ ᠪᠠᠷ ᠲᠠᠷᠢᠬᠤ ᠮᠡᠷᠭᠡᠵᠢᠯ ᠢ ᠣᠶᠢᠯᠠᠭᠠᠵᠤ᠂ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ | ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ ᠪᠠᠰᠠ ᠰᠠᠷᠭᠠᠢ ᠴᠡᠴᠡᠭ ᠢ ᠲᠠᠰ ᠬᠤᠪᠢᠶᠠᠨ ᠪᠣᠭᠤᠳᠠᠯᠯᠠᠬᠤ ᠦᠢᠯᠡᠳᠪᠦᠷᠢᠯᠡᠯ ᠤᠨ ᠱᠤᠭᠤᠮ ᠳᠤ ᠬᠦᠷᠴᠦ᠂ | ᠰᠢᠭᠰᠢᠨ ᠰᠣᠩᠭᠤᠬᠤ᠂ ᠲᠠᠰ ᠬᠤᠪᠢᠶᠠᠨ ᠪᠣᠭᠤᠳᠠᠯᠯᠠᠬᠤ᠂ ᠪᠠᠷᠠᠭ᠎ᠠ ᠶᠠᠪᠤᠭᠤᠯᠬᠤ ᠪᠦᠭᠦ ᠶᠠᠪᠤᠴᠠ ᠶᠢ ᠪᠠᠶᠢᠴᠠᠭᠠᠨ ᠦᠵᠡᠵᠦ᠂ ᠰᠣᠷᠭᠤᠭ ᠴᠡᠴᠡᠭ ᠢ ᠪᠠᠷᠠᠭᠠᠨ ᠤ | ᠭᠦᠢᠯᠭᠡᠭᠡ ᠪᠠᠷ ᠳᠠᠮᠵᠢᠨ ᠴᠠᠭ ᠲᠤᠬᠠᠢ ᠳᠤᠨᠢ ᠭᠠᠳᠠᠭᠰᠢ ᠪᠣᠷᠣᠯᠠᠭᠤᠯᠵᠤ ᠪᠠᠶᠢᠬᠤ ᠶᠢ ᠨᠤᠲᠠᠯᠠᠵᠤ ᠪᠠᠶᠢᠬᠤ ᠪᠠᠨ ᠢᠯᠡᠳᠬᠡᠵᠡᠢ᠃ ᠰᠢ ᠶᠢᠨ ᠫᠢᠩ᠂ ᠶᠦᠨᠨᠠᠨ ᠤ | ᠴᠡᠴᠡᠭ ᠤᠨ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠪᠦᠭᠦ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠲᠠᠷᠢᠮᠠᠯ ᠤᠨ ᠦᠢᠯᠡᠰ ᠤᠨ ᠦᠵᠦᠭᠦᠷᠯᠢᠭ᠂ ᠲᠠᠷᠢᠮᠠᠯ ᠤᠨ ᠦᠵᠦᠭᠦᠷᠯᠢᠭ᠂ ᠵᠠᠬ᠎ᠠ ᠳᠡᠯᠭᠡᠭᠦᠷ ᠤᠨ ᠦᠵᠦᠭᠦᠷᠯᠢᠭ ᠠᠴᠠ ᠲᠠᠰᠤᠷᠠᠯᠳᠠ ᠦᠭᠡᠢ ᠭᠦᠨᠵᠡᠭᠡᠶᠢᠷᠡᠨ ᠨᠠᠷᠢᠯᠢᠭ | ᠠᠵᠢᠯᠯᠠᠵᠤ᠂ ᠡᠨᠡ ᠬᠦ ︽ᠦᠵᠡᠰᠬᠦᠯᠡᠩᠲᠦ ᠰᠠᠶᠢᠬᠠᠨ ᠠᠵᠤ ᠦᠢᠯᠡᠰ︾ ᠢ ᠤᠯᠠᠨ ᠲᠦᠮᠡᠨ ᠳᠤ ᠪᠤᠶᠠᠨ ᠦᠢᠯᠡᠳᠬᠦ ︽ᠵᠣᠯ ᠵᠢᠷᠭᠠᠯᠲᠤ ᠠᠵᠤ ᠦᠢᠯᠡᠰ︾ ᠪᠤᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | | | | | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ | ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠡᠷᠲᠡᠨ ᠤ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | ᠯᠢᠵᠢᠶᠠᠩ ᠤᠨ ᠡᠷᠲᠡᠨ ᠤ ᠬᠤᠲᠠ 800 ᠭᠠᠷᠤᠢ ᠵᠢᠯ ᠤᠨ ᠲᠡᠦᠬᠡ ᠲᠠᠢ ᠪᠠᠶᠢᠵᠤ᠂ ᠳᠡᠯᠡᠬᠡᠢ ᠶᠢᠨ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃ ᠨᠢᠭᠡ | ᠤᠳᠠᠭᠠᠨ ᠤ ᠬᠠᠪᠤᠷ ᠤᠨ ᠴᠠᠰᠤᠨ ᠤ ᠳᠠᠷᠠᠭ᠎ᠠ ᠯᠢᠵᠢᠶᠠᠩ ᠳᠤ ᠵᠢᠭᠤᠯᠴᠢᠯᠠᠬᠤ ᠬᠥᠮᠥᠰ ᠣᠯᠠᠰᠢᠷᠠᠪᠠ᠃ ᠰᠢ ᠶᠢᠨ ᠫᠢᠩ ᠠᠳᠡ ᠡᠷᠲᠡᠨ ᠤ ᠬᠤᠳᠠ ᠶᠢ ᠪᠠᠶᠢᠭᠤᠯᠤᠭᠰᠠᠨ | ᠲᠡᠦᠬᠡ᠂ ᠨᠠᠰᠢ ᠦᠨᠳᠦᠰᠦᠲᠡᠨ ᠤ ᠠᠷᠠᠳ ᠤᠨ ᠰᠠᠭᠤᠴᠠ ᠶᠢᠨ ᠣᠨᠴᠠᠯᠢᠭ ᠪᠣᠯᠣᠨ ᠲᠤᠬᠠᠢ ᠶᠢᠨ ᠭᠠᠵᠠᠷ ᠤᠨ ᠰᠣᠶᠣᠯ ᠤᠨ ᠥᠪ ᠢ ᠬᠠᠮᠠᠭᠠᠯᠠᠨ ᠠᠰᠢᠭᠯᠠᠭᠰᠠᠨ | ᠪᠠᠶᠢᠳᠠᠯ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠰᠠᠭᠤᠭᠠᠯᠢ ᠠᠷᠠᠳ ᠪᠣᠯᠣᠨ | ᠵᠢᠭᠤᠯᠴᠢᠯᠠᠬᠰᠠᠳ ᠶᠡᠷᠦᠩᠬᠡᠢ ᠱᠦᠵᠢ ᠲᠠᠢ ᠠᠭᠤᠯᠵᠠᠭᠠᠳ ᠲᠤᠶᠢᠯ ᠢᠶᠠᠷ ᠪᠠᠶᠠᠷᠯᠠᠵᠤ᠂ ᠪᠤᠯᠢᠶᠠᠯᠳᠤᠨ ᠮᠡᠨᠳᠦᠴᠢᠯᠡᠵᠦ᠂ ᠵᠠᠷᠢᠮ ᠨᠢ ᠪᠠᠰᠠ ᠬᠥᠭᠵᠢᠮ ᠬᠥᠭᠵᠢᠮᠳᠡᠵᠦ᠂ | ᠳᠠᠭᠤᠯᠠᠨ ᠪᠥᠵᠢᠭᠯᠡᠵᠦ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠤᠳᠠᠯᠳᠤᠭᠠᠨ ᠤ ᠳᠡᠯᠭᠡᠭᠦᠷ ᠤᠨ | ᠡᠵᠡᠩᠨᠡᠯᠲᠡ ᠶᠢᠨ ᠪᠠᠶᠢᠳᠠᠯ ᠪᠣᠯᠣᠨ ᠵᠢᠭᠤᠯᠴᠢᠯᠠᠬᠰᠠᠳ ᠤᠨ ᠲᠥᠷᠥᠭᠳᠡᠯ ᠢ ᠣᠶᠢᠯᠠᠭᠠᠪᠠ᠃ ᠲᠡᠷᠡ ᠲᠤᠬᠠᠢ ᠶᠢᠨ ᠭᠠᠵᠠᠷ ᠤᠨ ᠬᠢᠨ ᠬᠠᠮᠠᠭᠠᠯᠠᠯᠲᠠ ᠪᠠ ᠬᠥᠭᠵᠢᠯᠲᠡ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠨᠡ ᠬᠦ ᠦᠵᠡᠰᠬᠦᠯᠡᠩᠲᠦ ᠰᠠᠶᠢᠬᠠᠨ ᠡᠷᠲᠡᠨ ᠤ ᠬᠤᠲᠠ ᠶᠢᠨ ᠰᠢᠨ᠎ᠡ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ | ᠭᠡᠵᠦ ᠱᠠᠭᠠᠷᠳᠠᠪᠠ᠃ | ᠡᠷᠲᠡᠨ ᠤ ᠬᠤᠳᠠ ᠶᠢᠨ ᠳᠣᠲᠣᠷᠠᠬᠢ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠶᠠᠮᠤᠨ ᠨᠢ ᠪᠠᠷᠠᠭᠤᠨ ᠡᠮᠦᠨᠡᠲᠦ ᠣᠷᠣᠨ ᠤ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠭᠡᠷᠡᠴᠢᠯᠡᠵᠡᠢ᠃ ᠰᠢ ᠶᠢᠨ ᠫᠢᠩ ᠮᠦ ᠣᠪᠣᠭᠲᠤ ᠶᠢᠨ ᠠᠶᠢᠮᠠᠭ ᠤᠨ | ᠠᠬᠠᠯᠠᠭᠴᠢ ᠶᠢᠨ ᠣᠷᠳᠣᠨ ᠤ ᠭᠤᠣᠯ ᠪᠠᠷᠢᠯᠭ᠎ᠠ ᠶᠢ ᠪᠠᠶᠢᠴᠠᠭᠠᠨ ᠦᠵᠡᠵᠦ᠂ ᠨᠠᠰᠢ ᠦᠨᠳᠦᠰᠦᠲᠡᠨ ᠤ ᠳ᠋ᠦᠩᠪᠠ ᠶᠢᠨ ᠰᠣᠶᠣᠯ ᠤᠨ ᠰᠤᠳᠤᠯᠭᠠᠨ ᠤ ᠦᠷ᠎ᠡ | ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠲᠡᠷᠡ᠂ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠮᠡᠲᠦ ᠶᠢᠨ ᠴᠢᠬᠤᠯᠠ ᠰᠣᠶᠣᠯ ᠤᠨ | ᠪᠡᠯᠭᠡ ᠲᠡᠮᠳᠡᠭ ᠢ ᠰᠠᠶᠢᠲᠤᠷ ᠬᠠᠮᠠᠭᠠᠯᠠᠨ ᠠᠰᠢᠭᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠬᠠᠮᠠᠭᠠᠯᠠᠨ ᠵᠠᠯᠭᠠᠮᠵᠢᠯᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠬᠥᠲᠥᠯᠥᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠳᠠᠰᠤᠷᠠᠯᠳᠠ ᠦᠭᠡᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠠᠶᠠᠷᠯᠠᠬᠤ ᠦᠶ᠎ᠡ ᠳᠤ ᠮᠠᠰᠢ ᠤᠯᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠴᠤᠭᠯᠠᠷᠠᠨ ᠢᠷᠡᠵᠦ ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ | ᠰᠢ ᠶᠢᠨ ᠫᠢᠩ ᠤᠯᠠᠨ ᠢ ᠵᠣᠷᠢᠭᠵᠢᠭᠤᠯᠵᠤ᠂ ᠯᠢᠵᠢᠶᠠᠩ ᠳᠤ ᠦᠵᠡᠰᠬᠦᠯᠡᠩᠲᠦ ᠰᠠᠶᠢᠬᠠᠨ ᠦᠵᠡᠮᠵᠢ ᠲᠠᠢ᠂ ᠥᠪᠡᠷᠮᠢᠴᠡ ᠣᠨᠴᠠᠯᠢᠭᠲᠤ ᠰᠣᠶᠣᠯ ᠲᠠᠢ᠂ ᠥᠨᠳᠥᠷ | ᠮᠠᠨᠳᠤᠭᠰᠠᠨ ᠨᠡᠷ᠎ᠡ ᠠᠯᠳᠠᠷ ᠲᠠᠢ᠂ ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠨᠡᠭᠡᠭᠡᠵᠦ ᠴᠢᠳᠠᠨ᠎ᠠ ᠭᠡᠪᠡ᠃ ᠲᠡᠷᠡ | ᠯᠢᠵᠢᠶᠠᠩ ᠤᠨ ᠠᠷᠠᠳ ᠲᠦᠮᠡᠨ ᠤ ᠠᠮᠢᠳᠤᠷᠠᠯ ᠢ ᠨᠠᠰᠢ ᠦᠨᠳᠦᠰᠦᠲᠡᠨ ᠤ ︽ᠾᠧ︾ ᠣᠪᠣᠭ ᠮᠡᠲᠦ᠂ ᠵᠣᠯ ᠵᠢᠷᠭᠠᠯᠲᠠᠢ ᠠᠮᠤᠷ ᠠᠮᠤᠭᠤᠯᠠᠩ᠂ ᠡᠶ᠎ᠡ ᠨᠠᠶᠢᠷᠠᠮᠳᠠᠭᠤ | ᠪᠠᠶᠢᠭᠠᠰᠠᠢ ᠭᠡᠵᠦ ᠵᠥᠩᠨᠡᠪᠡ᠃ | 20 ᠤ ᠦᠳᠡ ᠶᠢᠨ ᠡᠮᠦᠨ᠎ᠡ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠶᠦᠨᠨᠠᠨ ᠤ ᠡᠯ᠎ᠡ ᠲᠠᠯ᠎ᠠ ᠶᠢᠨ ᠬᠢᠨ ᠤ ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ | ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ | ᠭᠤᠣᠯᠳᠠᠯᠭ᠎ᠠ ᠲᠠᠢ ᠠᠵᠢᠯ ᠮᠥᠨ᠃ ᠡᠯ᠎ᠡ ᠭᠠᠵᠠᠷ ᠤᠨ ᠡᠬᠢ ᠪᠠᠶᠠᠯᠢᠭ ᠤᠨ ᠬᠡᠮᠵᠢᠶ᠎ᠡ᠂ ᠰᠠᠭᠤᠷᠢ ᠨᠥᠬᠦᠴᠡᠯ ᠵᠡᠷᠭᠡ ᠨᠢ ᠠᠳᠠᠯᠢ ᠪᠤᠰᠤ ᠪᠠᠶᠢᠵᠤ᠂ ᠠᠵᠤ ᠦᠢᠯᠡᠰ ᠤᠨ | ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠳᠬᠤᠬᠤ ᠳᠤ ᠪᠣᠳᠠᠲᠠᠢ ᠠᠴᠠ ᠡᠭᠦᠰᠴᠦ᠂ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠵᠤ᠂ ᠥᠪᠡᠷ ᠤᠨ | ᠣᠨᠴᠠᠯᠢᠭ ᠢᠶᠠᠨ ᠳᠣᠪᠤᠶᠢᠯᠭᠠᠬᠤ ᠬᠡᠷᠡᠭᠲᠡᠢ᠃ ᠶᠦᠨᠨᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠨ ᠡᠬᠢ | ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠢ ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠣᠯᠣᠨ | ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ ᠦᠷᠳᠡᠭ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ | ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠢᠳᠡᠪᠬᠢᠲᠡᠢ | ᠰᠦᠪᠡᠭᠴᠢᠯᠡᠵᠦ᠂ ᠠᠵᠤ ᠦᠢᠯᠡᠰ ᠤᠨ ᠱᠠᠲᠤᠴᠢ ᠰᠢᠯᠵᠢᠯᠲᠡ ᠶᠢ ᠡᠮᠬᠢ ᠵᠢᠷᠤᠮ ᠲᠠᠢ ᠭᠥᠯᠢᠶᠡᠨ ᠠᠪᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠦᠨᠨᠠᠨ ᠤ ᠣᠷᠣᠨ ᠪᠠᠶᠢᠷᠢ ᠶᠢᠨ ᠨᠥᠬᠦᠴᠡᠯ ᠥᠪᠡᠷᠮᠢᠴᠡ ᠪᠠᠶᠢᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ | ᠠᠬᠢᠭᠤᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠨ ᠳᠠᠶᠢᠴᠢᠯᠠᠬᠤ ᠲᠥᠪ ᠢ ᠪᠦᠲᠦᠭᠡᠨ ᠪᠠᠶᠢᠭᠤᠯᠬᠤ ᠬᠡᠷᠡᠭᠲᠡᠢ᠃ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠡᠨᠧᠷᠭᠢ᠂ | ᠲᠣᠭᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠨᠡᠭᠡᠭᠡᠯᠲᠡᠲᠤ ᠲᠠᠪᠴᠠᠩ ᠢ ᠠᠵᠤ | ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠪᠤᠯᠭᠠᠬᠤ ᠬᠡᠷᠡᠭᠲᠡᠢ᠃ ᠡᠷᠭᠢᠨ ᠲᠣᠭᠤᠷᠢᠨ ᠤ ᠤᠯᠤᠰ ᠯᠤᠭ᠎ᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠴᠢᠳᠠᠪᠤᠷᠢᠲᠠᠨ᠂ ᠡᠮᠴᠢᠯᠡᠭᠡ᠂ ᠰᠣᠶᠣᠯ ᠵᠡᠷᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠣᠯᠣᠯᠲᠠ ᠲᠥᠷᠥᠭᠳᠡᠯ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠶᠦᠨᠨᠠᠨ ᠤ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠪᠠᠷᠠᠭᠤᠨ ᠡᠮᠦᠨᠡᠲᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠦᠷᠢᠨᠰᠢᠭᠦᠯᠵᠦ᠂ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠬᠠᠶᠢᠷ ᠴᠢᠯᠠᠭᠤᠵᠢᠬᠤ᠂ ᠬᠥᠷᠥᠰᠥ ᠰᠢᠷᠣᠢ ᠶᠢᠨ ᠢᠳᠡᠭᠳᠡᠯ ᠵᠢᠴᠢ ᠵᠢᠵᠢᠭ | ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ | ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠵᠣᠯᠭᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ | ᠬᠦᠷᠢᠶᠡᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠦᠨᠨᠠᠨ ᠳᠤ ᠦᠨᠳᠦᠰᠦᠲᠡᠨ ᠤᠯᠠᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠵᠠᠰᠠᠯᠲᠠ ᠶᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ ᠵᠠᠮ ᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ | ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠦᠨᠡᠨ | ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠨᠢᠭᠡ ᠭᠠᠵᠠᠷ ᠣᠷᠣᠨ ᠤ ᠨᠠᠮ ᠤᠨ | ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠲᠦᠪᠰᠢᠨ ᠥᠨᠳᠥᠷ ᠪᠠᠶᠢᠬᠤ ᠡᠰᠡᠬᠦ ᠶᠢ ᠦᠵᠡᠬᠦ ᠳᠤ ᠤᠯᠤᠰ ᠲᠦᠷᠦ ᠶᠢᠨ ᠠᠮᠢ ᠠᠬᠤᠢ ᠰᠠᠶᠢᠨ ᠪᠠᠶᠢᠬᠤ | ᠡᠰᠡᠬᠦ ᠶᠢ ᠦᠵᠡᠬᠦ ᠪᠣᠯ ᠨᠢᠭᠡ ᠴᠢᠬᠤᠯᠠ ᠲᠠᠯ᠎ᠠ ᠪᠣᠯᠣᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ᠂ ᠣᠪᠣᠷ ᠰᠤᠷᠲᠠᠯ ᠨᠢ ᠲᠥᠪ ᠴᠢᠬᠡᠴᠢ᠂ ᠲᠥᠪ ᠭᠤᠣᠯᠴᠢ ᠪᠠᠷ ᠠᠵᠢᠯᠯᠠᠵᠤ᠂ ᠲᠤᠰ ᠪᠡᠶ᠎ᠡ ᠶᠢᠨ ᠵᠢᠱᠢᠶᠡᠴᠢ ᠠᠵᠢᠯᠯᠠᠭ᠎ᠠ ᠪᠠᠷ ᠢᠶᠠᠨ ᠤᠯᠤᠰ | ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ | ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠠᠵᠢᠭᠤ ᠰᠤᠷᠲᠠᠯ ᠢ ᠵᠠᠬ᠎ᠠ ᠳᠡᠯᠭᠡᠭᠦᠷ ᠦᠭᠡᠢ ᠪᠤᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠢᠭᠡᠨᠲᠡ ᠪᠠᠶᠢᠷᠢᠯᠠᠭᠤᠯᠵᠠᠢ᠂ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ | ᠰᠡᠳᠬᠢᠯᠭᠡ ᠲᠤᠯᠭᠠᠮ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠳᠠᠯ ᠡᠭᠦᠷᠭᠡ ᠲᠠᠢ ᠤᠶᠠᠯᠳᠤᠭᠤᠯᠤᠨ | ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ ᠪᠠᠶᠢᠭᠤᠯᠤᠯᠲᠠ ᠶᠢ ᠠᠳᠬᠤᠭᠰᠠᠨ ᠪᠣᠳᠠᠲᠠᠢ | ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠨᠢᠭᠡ | ᠠᠯᠬᠤᠮ ᠨᠡᠪᠲᠡ ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠲᠣᠭᠲᠠᠭᠠᠯ ᠢ ᠡᠵᠡᠮᠳᠡᠨ᠂ ᠠᠰᠠᠭᠤᠳᠠᠯ ᠢ ᠪᠠᠶᠢᠴᠠᠭᠠᠨ ᠳᠡᠯᠭᠡᠬᠦ᠂ | ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ | ᠪᠠᠲᠤ ᠶᠢ ᠴᠢᠩᠳᠠᠯᠠᠬᠤ ᠢᠯᠵᠢᠷᠡᠯ ᠢ ᠡᠰᠡᠷᠭᠦᠴᠡᠬᠦ ᠶᠢ ᠨᠠᠪᠲᠠᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ | 3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ | ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ᠂ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢᠳ ᠲᠠᠢ ᠺᠦᠨᠮᠢᠩ ᠳᠤ ᠳᠣᠲᠣᠨᠣ ᠪᠠᠷ ᠠᠭᠤᠯᠵᠠᠵᠤ᠂ | ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ | ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | | | | | | | | | | | |