ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ ᠹᠦᠵᠢᠶᠠᠨ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ | ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠶᠠᠷ ᠬᠤᠷᠠᠯ ᠳᠤ ᠲᠣᠳᠣᠷᠬᠠᠢ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠡᠯ᠎ᠡ | ᠵᠦᠢᠯ ᠤᠨ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠳᠤ ᠰᠢᠭᠤᠳ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡ ᠶᠢ ᠢᠯᠠᠨ | ᠳᠠᠪᠠᠵᠤ ᠡᠷᠡᠯᠬᠡᠭᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ | ᠬᠢᠵᠦ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠰᠢᠨ᠎ᠡ ᠳᠠᠪᠠᠭᠤᠯᠢᠭ ᠢ ᠲᠦᠷᠭᠡᠪᠴᠢᠯᠡᠨ ᠪᠤᠶ ᠪᠣᠯᠭᠠᠬᠤ ᠬᠡᠷᠡᠭᠲᠡᠢ ᠭᠡᠵᠡᠢ᠃ | | | | | | 3 ᠳ᠋ᠤᠭᠠᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠹᠦᠵᠢᠶᠠᠨ ᠳᠤ ᠪᠠᠶᠢᠴᠠᠭᠠᠨ ᠰᠤᠳᠤᠯᠤᠯᠲᠠ | ᠬᠢᠪᠡ᠃ ᠡᠨᠡ ᠪᠣᠯ 3 ᠳ᠋ᠤᠭᠠᠷ ᠰᠠᠷ᠎ᠠ ᠶᠢᠨ 18 ᠤ ᠡᠳᠦᠷ᠂ ᠯᠢ ᠴᠢᠶᠠᠩ ᠴᠢᠤᠸᠠᠨᠵᠧᠦ ᠶᠢᠨ ᠵᠢᠨᠵᠢᠶᠠᠩ ᠣᠯᠠᠨ ᠤᠯᠤᠰ ᠤᠨ ᠬᠠᠭᠤᠷᠠᠢ ᠶᠢᠨ ᠭᠠᠷᠠᠮ ᠳᠤ ᠬᠦᠷᠴᠦ᠂ | ︽ᠬᠤᠣᠰ ᠬᠢᠯᠢ ᠶᠢᠨ ᠪᠣᠭᠤᠮᠲᠠ + ᠬᠤᠣᠰ ᠲᠠᠪᠴᠠᠩ︾ ᠢᠶᠠᠷ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠵᠦ ᠪᠠᠶᠢᠭ᠎ᠠ ᠪᠠᠶᠢᠳᠠᠯ ᠢ ᠣᠶᠢᠯᠠᠭᠠᠵᠤ | ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | ᠴᠢᠤᠸᠠᠨᠵᠧᠦ ᠳᠤ᠂ ᠯᠢ ᠴᠢᠶᠠᠩ ᠠᠨ ᠲᠠ ᠪᠦᠯᠦᠭᠯᠡᠯ ᠳᠤ ᠢᠷᠡᠵᠦ᠂ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠠᠷᠠᠯᠵᠢᠶᠠᠨ ᠤ ᠪᠠᠶᠢᠷᠢᠰᠢᠭᠤᠯᠤᠯᠲᠠ᠂ | ᠨᠡᠷᠡᠳᠦ ᠲᠡᠮᠳᠡᠭ ᠤᠨ ᠡᠵᠡᠩᠨᠡᠯᠲᠡ ᠪᠣᠷᠤᠯᠠᠭᠤᠯᠭ᠎ᠠ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠳᠡᠳᠡᠨ ᠤ ᠰᠢᠨ᠎ᠡ ᠡᠭᠦᠳᠦᠯᠲᠡ ᠲᠠᠢ ᠬᠥᠭᠵᠢᠯᠲᠡ ᠶᠢ | ᠪᠠᠷᠢᠮᠲᠠᠯᠠᠭᠰᠠᠨ ᠪᠠ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠮᠠᠭᠲᠠᠨ ᠰᠠᠶᠢᠰᠢᠶᠠᠪᠠ᠃ ᠲᠡᠷᠡ ᠵᠢᠭᠠᠵᠤ ᠭᠠᠷᠭᠠᠬᠤ ᠳᠤ ᠪᠠᠨ᠂ ᠭᠠᠳᠠᠭᠠᠳᠤ ᠣᠷᠴᠢᠨ | ᠨᠥᠬᠦᠴᠡᠯ ᠤᠨ ᠬᠤᠪᠢᠷᠠᠯᠲᠠ ᠶᠢᠨ ᠡᠮᠦᠨ᠎ᠡ᠂ ᠰᠤᠳᠤᠯᠤᠨ ᠨᠡᠭᠡᠭᠡᠯᠲᠡ ᠶᠢᠨ ᠪᠡᠯᠡ ᠣᠷᠣᠭᠤᠯᠤᠯᠲᠠ᠂ ᠨᠡᠷᠡᠲᠦ ᠲᠡᠮᠳᠡᠭ ᠢ ᠬᠦᠴᠦᠷᠬᠡᠭᠵᠢᠭᠦᠯᠬᠦ ᠵᠡᠷᠭᠡ ᠲᠠᠯ᠎ᠠ ᠪᠠᠷ ᠨᠡᠩ | ᠶᠡᠭᠡ ᠬᠦᠴᠦ ᠣᠷᠣᠭᠤᠯᠵᠤ᠂ ᠨᠡᠩ ᠰᠠᠶᠢᠨ ᠦᠢᠯᠡᠳᠬᠦᠨ ᠢᠶᠠᠷ ᠵᠠᠬ᠎ᠠ ᠳᠡᠯᠭᠡᠭᠦᠷ ᠤᠨ ᠲᠠᠭᠠᠰᠢᠶᠠᠯ ᠢ ᠣᠯᠬᠤ ᠶᠢᠨ ᠬᠠᠮᠲᠤ ᠲᠣᠯᠣᠭᠠᠶᠢᠯᠠᠭᠴᠢ ᠠᠵᠤ ᠠᠬᠤᠶᠢᠯᠠᠯ ᠪᠠ | ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠠᠵᠢᠯ ᠲᠦᠷᠦᠯ ᠤᠨ ᠡᠮᠬᠢ ᠳᠢᠭᠯᠢᠮ ᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠵᠢᠨᠵᠢᠶᠠᠩ ᠤᠯᠠᠨ ᠤᠯᠤᠰ ᠤᠨ ᠬᠠᠭᠤᠷᠠᠢ ᠶᠢᠨ ᠭᠠᠷᠠᠮ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠶᠢᠭᠤᠯᠤᠨ ᠡᠵᠡᠩᠨᠡᠵᠦ ᠪᠠᠶᠢᠭ᠎ᠠ ᠭᠠᠳᠠᠭᠠᠳᠤ | ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠪᠣᠯᠣᠨ᠎ᠠ᠂ ᠯᠢ ᠴᠢᠶᠠᠩ ᠠᠳᠡ ᠢᠷᠡᠵᠦ᠂ ︽ᠬᠤᠣᠰ ᠬᠢᠯᠢ ᠶᠢᠨ ᠪᠣᠭᠤᠮᠲᠠ + ᠬᠤᠣᠰ ᠲᠠᠪᠴᠠᠩ︾ ᠢᠶᠠᠷ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠵᠦ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠠᠭᠤᠷᠠᠢ ᠶᠢᠨ ᠭᠠᠷᠠᠮ ᠤᠨ ᠪᠦᠬᠦ ᠬᠡᠯᠬᠢᠶᠡᠨ ᠤ | ᠦᠢᠯᠡᠴᠢᠯᠡᠭᠡᠨ ᠤ ᠴᠢᠳᠠᠪᠬᠢ ᠶᠢ ᠴᠢᠨᠠᠭᠰᠢᠳᠠ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠪᠣᠭᠤᠮᠲᠠ ᠪᠠᠷ ᠣᠷᠣᠭᠤᠯᠵᠤ | ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃ | ᠱᠢ ᠱᠢ ᠬᠤᠳᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ᠂ ᠯᠢ ᠴᠢᠶᠠᠩ ᠨᠡᠪᠴᠢᠭᠦᠯᠬᠦ ᠠᠵᠤ | ᠠᠬᠤᠶᠢᠯᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠯᠠᠭᠤ ᠦᠢᠯᠡᠰ ᠪᠣᠰᠬᠠᠭᠴᠢᠳ ᠯᠤᠭ᠎ᠠ ᠰᠠᠨᠠᠯ ᠢᠶᠠᠨ | ᠭᠦᠨᠵᠡᠭᠡᠢ ᠰᠣᠯᠢᠯᠴᠠᠪᠠ᠃ ᠲᠡᠷᠡ ᠵᠢᠭᠠᠵᠤ ᠭᠠᠷᠭᠠᠬᠤ ᠳᠤ ᠪᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠷᠡᠭᠴᠡᠭᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠲᠥᠪᠯᠡᠷᠡᠩᠭᠦᠢ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠣᠷᠣᠵᠤ ᠰᠠᠭᠤᠭᠰᠠᠨ ᠠᠵᠤ ᠠᠬᠤᠶᠢᠯᠠᠯ ᠤᠨ ᠬᠤᠷᠰᠢᠯᠴᠠᠭ᠎ᠠ ᠬᠠᠮᠵᠢᠯᠴᠠᠭ᠎ᠠ ᠪᠠᠨ | ᠴᠢᠩᠭᠠᠳᠬᠠᠬᠤ ᠶᠢ ᠵᠣᠷᠢᠭᠵᠢᠭᠤᠯᠵᠤ᠂ ᠡᠮᠬᠢ ᠵᠢᠷᠤᠮ ᠦᠭᠡᠢ ᠥᠷᠢᠰᠦᠯᠳᠦᠬᠦ ᠣᠨᠴᠠᠭᠠᠶᠢᠯᠠᠨ ᠠᠳᠠᠯᠢ ᠴᠢᠨᠠᠷ ᠲᠠᠢ ᠠᠲᠠᠯ᠎ᠠ ᠪᠠᠨ ᠳᠣᠣᠷ᠎ᠠ ᠦᠨ᠎ᠡ ᠬᠠᠶᠠᠵᠤ | ᠥᠷᠢᠰᠦᠯᠳᠦᠬᠦ ᠶᠢ ᠡᠰᠡᠷᠭᠦᠴᠡᠬᠦ ᠬᠡᠷᠡᠭᠲᠡᠢ ᠭᠡᠵᠡᠢ᠃ | | | | | | 3 ᠳ᠋ᠤᠭᠠᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠹᠦᠵᠢᠶᠠᠨ ᠳᠤ ᠪᠠᠶᠢᠴᠠᠭᠠᠨ ᠰᠤᠳᠤᠯᠤᠯᠲᠠ | ᠬᠢᠪᠡ᠃ ᠡᠨᠡ ᠪᠣᠯ 3 ᠳ᠋ᠤᠭᠠᠷ ᠰᠠᠷ᠎ᠠ ᠶᠢᠨ 19 ᠤ ᠡᠳᠦᠷ᠂ ᠯᠢ ᠴᠢᠶᠠᠩ ᠰᠢᠶᠠᠮᠧᠨ ᠤ ᠲᠠᠢ ᠭᠦ᠋ ᠨᠢᠰᠬᠡᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠳᠤᠮᠳᠠᠳᠤ | ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠲᠠᠬᠢ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠵᠤ | ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | ᠰᠢᠶᠠᠮᠧᠨ ᠳᠤ᠂ ᠯᠢ ᠴᠢᠶᠠᠩ ᠰᠢᠶᠠᠮᠧᠨ ᠤ ᠲᠠᠢ ᠭᠦ᠋ ᠨᠢᠰᠬᠡᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠬᠦᠷᠴᠦ᠂ ᠰᠡᠯᠪᠢᠨ ᠵᠠᠰᠠᠬᠤ ᠲᠤᠬᠠᠶᠢᠯᠠᠭᠰᠠᠨ | ᠠᠵᠢᠯ ᠤᠨ ᠬᠥᠭᠵᠢᠯᠲᠡ᠂ ᠬᠢᠯᠢ ᠶᠢᠨ ᠭᠠᠳᠠᠨᠠᠬᠢ ᠵᠠᠬᠢᠶᠠᠯᠠᠭ᠎ᠠ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠨᠢᠰᠬᠡᠯ ᠰᠡᠯᠪᠢᠨ ᠵᠠᠰᠠᠵᠤ ᠪᠠᠶᠢᠭ᠎ᠠ ᠪᠠᠶᠢᠳᠠᠯ ᠢ | ᠪᠠᠶᠢᠴᠠᠭᠠᠨ ᠦᠵᠡᠪᠡ᠃ ᠯᠢ ᠴᠢᠶᠠᠩ ᠵᠢᠭᠠᠵᠤ ᠭᠠᠷᠭᠠᠬᠤ ᠳᠤ ᠪᠠᠨ᠂ ᠦᠢᠯᠡᠴᠢᠯᠡᠭᠡᠨ ᠤ ᠠᠷᠠᠯᠵᠢᠶ᠎ᠠ ᠨᠢ ᠡᠳᠦᠷ ᠢᠷᠡᠬᠦᠶ᠎ᠡ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ | ᠰᠢᠨ᠎ᠡ ᠬᠥᠳᠡᠯᠭᠡᠭᠦᠷ ᠪᠣᠯᠵᠤ ᠪᠠᠶᠢᠨ᠎ᠠ᠂ ᠳᠤᠮᠳᠠᠳᠤ ᠤᠯᠤᠰ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠵᠦ᠂ ᠣᠯᠠᠨ | ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠳᠠᠯᠳᠠ ᠬᠦᠴᠦᠨ ᠢᠶᠠᠨ ᠦᠷᠭᠦᠯᠵᠢᠯᠡᠨ | ᠪᠠᠳᠠᠷᠠᠭᠤᠯᠤᠨ᠎ᠠ᠃ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠩ ᠰᠢᠯᠢᠳᠡᠭ ᠰᠠᠶᠢᠨ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠨᠡᠩ ᠰᠠᠶᠢᠲᠤᠷ ᠳᠡᠮᠵᠢᠨ᠎ᠡ ᠭᠡᠵᠡᠢ᠃ ᠮᠧᠢ | ᠲᠦ᠋ ᠰᠦᠯᠵᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠠᠵᠤ ᠠᠬᠤᠶᠢᠯᠠᠯ ᠤᠨ ᠪᠠᠶᠢᠭᠤᠯᠤᠭᠳᠠᠵᠤ ᠬᠥᠭᠵᠢᠭᠰᠡᠨ | ᠪᠠᠶᠢᠳᠠᠯ ᠢ ᠣᠶᠢᠯᠠᠭᠠᠵᠤ᠂ ᠳᠦᠷᠰᠦ ᠰᠢᠩᠭᠡᠭᠡᠯᠲᠡ ᠶᠢᠨ ᠵᠥᠭᠡᠯᠡᠨ ᠬᠡᠷᠡᠭᠰᠡᠯ ᠤᠨ ᠬᠡᠷᠡᠭᠯᠡᠯᠲᠡ ᠶᠢᠨ ᠦᠵᠡᠭᠦᠯᠭᠡ ᠶᠢ ᠰᠣᠨᠢᠷᠬᠠᠵᠤ᠂ ᠰᠤᠳᠤᠯᠤᠨ ᠨᠡᠭᠡᠭᠡᠭᠰᠡᠨ ᠠᠵᠢᠯᠲᠠᠳ | ᠯᠤᠭ᠎ᠠ ᠶᠠᠷᠢᠯᠴᠠᠭᠰᠠᠨ ᠪᠥᠭᠡᠳ ᠲᠡᠳᠡᠨ ᠤ ᠦᠢᠯᠡᠰ ᠪᠣᠰᠬᠠᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠨ ᠪᠠᠲᠤᠯᠠᠨ᠂ ︽ᠵᠣᠬᠢᠶᠠᠮᠠᠯ ᠤᠶᠤᠨ +︾ | ᠠᠵᠢᠯᠯᠠᠭᠠᠨ ᠢ ᠢᠳᠡᠪᠬᠢᠲᠡᠢ ᠬᠡᠷᠡᠭᠵᠢᠭᠦᠯᠵᠦ᠂ ᠬᠡᠷᠡᠭᠯᠡᠯᠲᠡ ᠶᠢᠨ ᠡᠯᠪᠡᠭ ᠪᠠᠶᠠᠯᠢᠭ ᠲᠠᠯᠠᠪᠤᠷ ᠲᠤ ᠲᠦᠰᠢᠭᠯᠡᠨ ᠦᠢᠯᠡᠳᠬᠦᠨ ᠤ ᠳᠠᠪᠲᠠᠯᠳᠤᠨ ᠲᠡᠰ ᠳᠡᠪᠰᠢᠬᠦ ᠶᠢ | ᠠᠬᠢᠭᠤᠯᠵᠤ᠂ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠡᠷᠡᠭᠯᠡᠭᠴᠢᠳ ᠤᠨ ᠣᠶᠢᠯᠠᠭᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠤᠯᠠᠨ ᠠᠵᠢᠯ | ᠲᠦᠷᠦᠯ ᠳᠤ ᠬᠦᠴᠦᠨ ᠨᠡᠮᠡᠷᠢᠯᠡᠬᠦ ᠶᠢ ᠨᠢ ᠵᠣᠷᠢᠭᠵᠢᠭᠤᠯᠪᠠ᠃ | ᠪᠠᠶᠢᠴᠠᠭᠠᠨ ᠰᠤᠳᠤᠯᠤᠯᠲᠠ ᠳᠤᠮᠳᠠ᠂ ᠯᠢ ᠴᠢᠶᠠᠩ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ 8 | ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠯᠢ ᠴᠢᠶᠠᠩ᠂ ᠣᠳᠣᠬᠠᠨ ᠤ ᠭᠠᠳᠠᠭᠠᠳᠤ ᠠᠷᠠᠯᠵᠢᠶᠠᠨ ᠤ ᠪᠠᠶᠢᠳᠠᠯ ᠨᠠᠷᠢᠨ | ᠪᠤᠳᠤᠯᠢᠶᠠᠨᠲᠠᠢ ᠬᠦᠨᠳᠦ ᠬᠡᠴᠡᠭᠦᠦ ᠪᠠᠶᠢᠨ᠎ᠠ᠂ ᠨᠡᠭᠡᠭᠡᠯᠲᠡ ᠬᠢᠬᠦ ᠪᠠᠨ ᠡᠷᠡᠰ ᠭᠤᠶᠢᠪᠢᠰᠢ ᠦᠭᠡᠢ ᠥᠷᠭᠡᠳᠬᠡᠵᠦ᠂ ᠪᠦᠬᠦ ᠪᠥᠮᠪᠥᠷᠴᠡᠭ ᠢ ᠪᠠᠷᠠᠯᠠᠨ᠂ ᠠᠵᠠ ᠲᠣᠬᠢᠶᠠᠯ ᠢ | ᠠᠮᠵᠢᠵᠤ᠂ ᠪᠦᠯᠬᠦᠮᠳᠡᠵᠦ ᠪᠠᠶᠢᠭᠠᠳ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠰᠠᠭᠠᠳ ᠲᠣᠳᠬᠠᠷ ᠢ ᠲᠤᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠶᠡᠭᠡ ᠪᠠᠷ ᠨᠡᠭᠡᠭᠡᠵᠦ᠂ ᠠᠷᠠᠯᠵᠢᠶᠠᠨ ᠤ ᠠᠷᠭ᠎ᠠ ᠵᠠᠮ ᠠᠷᠭ᠎ᠠ ᠮᠠᠶ᠋ᠢᠭ ᠲᠤ ᠪᠠᠨ ᠢᠳᠡᠪᠬᠢᠲᠡᠢ ᠪᠠᠷ | ᠰᠢᠨ᠎ᠡ ᠶᠢ ᠡᠭᠦᠳᠴᠦ᠂ ᠦᠢᠯᠡᠳᠬᠦᠨ ᠤ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠪᠠᠨ ᠲᠦᠷᠭᠡᠳᠬᠡᠬᠦ ᠬᠡᠷᠡᠭᠲᠡᠢ ᠭᠡᠵᠡᠢ᠃ ᠯᠢ ᠴᠢᠶᠠᠩ ᠵᠢᠭᠠᠵᠤ ᠭᠠᠷᠭᠠᠬᠤ ᠳᠤ ᠪᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠮᠠᠨ ᠤ | ᠤᠯᠤᠰ ᠤᠨ ᠭᠠᠳᠠᠭᠠᠳᠤ ᠠᠷᠠᠯᠵᠢᠶᠠᠨ ᠤ ᠨᠢᠭᠡᠳᠦᠭᠡᠷ ᠲᠣᠮᠣ ᠭᠤᠣᠯ ᠴᠣᠭᠴᠠ ᠮᠥᠨ᠃ ᠡᠯ᠎ᠡ ᠱᠠᠲᠤᠨ ᠤ ᠵᠠᠰᠠᠭ ᠤᠨ ᠣᠷᠳᠣᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠳᠤ ᠨᠡᠩ ᠰᠠᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠬᠥᠭᠵᠢᠯᠲᠡ ᠶᠢᠨ ᠣᠷᠴᠢᠨ ᠨᠥᠬᠦᠴᠡᠯ ᠢ ᠴᠢᠷᠮᠠᠶᠢᠨ ᠬᠠᠩᠭᠠᠵᠤ ᠥᠭᠬᠦ ᠬᠡᠷᠡᠭᠲᠡᠢ᠃ | ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ︽ᠴᠢᠷᠮᠠᠶᠢᠨ ᠲᠡᠮᠡᠴᠡᠪᠡᠯ ᠰᠠᠶ᠋ᠢ ᠢᠯᠠᠯᠲᠠ ᠣᠯᠣᠨ᠎ᠠ︾ ᠬᠡᠮᠡᠬᠦ ᠴᠤᠭ ᠵᠢᠪᠬᠤᠭ᠎ᠠ ᠪᠠᠨ | ᠪᠠᠳᠠᠷᠠᠭᠤᠯᠵᠤ᠂ ᠥᠪᠡᠷ ᠤᠨ ᠨᠡᠩ ᠶᠡᠭᠡ ᠬᠥᠭᠵᠢᠯᠲᠡ ᠪᠠᠨ ᠪᠡᠶᠡᠯᠡᠭᠦᠯᠬᠦ ᠶᠢᠨ ᠬᠠᠮᠲᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠦ᠋ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | | | | | | | |