ᠨᠢᠭᠡ᠂ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶ᠎ᠠ ᠶᠢᠨ ᠬᠥᠲᠥᠴᠢ ᠠᠵᠤ ᠠᠬᠤᠶᠢᠯᠠᠯ ᠤᠨ ᠨᠤᠲᠤᠭᠰᠢᠬᠤ ᠶᠢ ᠳᠡᠮᠵᠢᠨ᠎ᠡ᠃ ᠨᠠᠷᠠᠲᠤ ᠥᠷᠭᠡᠨ | ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠠᠵᠤ ᠠᠬᠤᠶᠢᠯᠠᠯ ᠤᠨ ᠨᠤᠲᠤᠭᠰᠢᠬᠤ ᠶᠢ ᠳᠡᠮᠵᠢᠵᠦ᠂ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ ᠵᠠᠭᠤᠨ ᠬᠦᠴᠦᠷᠬᠡᠭ | ᠵᠡᠷᠭᠡ ᠭᠠᠳᠠᠭᠠᠳᠤ ᠠᠷᠠᠯᠵᠢᠶᠠᠨ ᠤ ᠬᠥᠲᠥᠴᠢ ᠠᠵᠤ ᠠᠬᠤᠶᠢᠯᠠᠯ ᠤᠨ ᠮᠠᠨ ᠤ ᠬᠤᠲᠠ ᠳᠤ ᠣᠷᠣᠨ ᠪᠦᠰᠡ ᠶᠢᠨ ᠴᠢᠨᠠᠷᠲᠠᠶ ᠠᠷᠠᠯᠵᠢᠶᠠᠨ ᠤ ᠶᠡᠷᠦᠩᠬᠡᠶ ᠬᠡᠯᠲᠡᠰ ᠤᠨ | ᠪᠠᠶᠢᠭᠤᠯᠤᠮᠵᠢ ᠪᠠᠶᠢᠭᠤᠯᠵᠤ᠂ ᠪᠠᠶᠢᠭᠤᠯᠤᠭᠰᠠᠨ ᠲᠤᠬᠠᠶ ᠶᠢᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 10 ᠳ᠋ᠦᠩᠰᠢᠭᠤᠷ | ᠲᠥᠭᠦᠷᠢᠭ ᠢ ᠳᠠᠪᠠᠭᠰᠠᠨ ᠪᠠᠶᠢᠬᠤ ᠳᠤ ᠬᠦᠷᠪᠡᠯ᠂ ᠬᠠᠮᠤᠭ ᠤᠨ ᠥᠨᠳᠥᠷ ᠲᠡᠭᠡᠨ ᠨᠢᠭᠡ ᠤᠳᠠᠭ᠎ᠠ ᠶᠢᠨ ᠴᠢᠨᠠᠷᠲᠠᠶ ᠪᠠᠷ 500 ᠲᠦᠮᠡᠨ ᠲᠥᠭᠦᠷᠢᠭ ᠤᠨ | ᠨᠤᠲᠤᠭᠰᠢᠭᠰᠠᠨ ᠱᠠᠩᠨᠠᠯ ᠣᠯᠭᠤᠨ᠎ᠠ᠃ | ᠬᠤᠶᠠᠷ᠂ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶ᠎ᠠ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠣᠷᠳᠣᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠮᠠᠰᠢᠨ | ᠲᠡᠷᠭᠡ ᠵᠢᠴᠢ ᠲᠡᠭᠦᠨ ᠤ ᠰᠡᠯᠪᠢᠭ ᠲᠣᠨᠤᠭ᠂ ᠮᠣᠳᠣᠨ ᠮᠠᠲ᠋ᠧᠷᠢᠶᠠᠯ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ᠂ ᠡᠨᠧᠷᠭᠢ ᠬᠢᠮᠢ ᠶᠢᠨ ᠠᠵᠤ | ᠦᠢᠯᠡᠳᠪᠦᠷᠢ ᠵᠢᠴᠢ ᠠᠭᠤᠷᠬᠠᠢ ᠶᠢᠨ ᠭᠠᠷᠤᠯᠲᠠ ᠵᠡᠷᠭᠡ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶ᠎ᠠ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠠᠷᠠᠯᠵᠢᠶ᠎ᠠ | ᠲᠥᠪᠯᠡᠷᠡᠭᠰᠡᠨ ᠤᠷᠤᠨ ᠳᠤ ᠰᠠᠭᠤᠷᠢᠰᠢᠵᠤ ᠲᠤᠬᠠᠢ ᠶᠢᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 1 ᠳ᠋ᠦᠩᠰᠢᠭᠤᠷ | ᠲᠥᠭᠦᠷᠢᠭ ᠢ ᠳᠠᠪᠠᠭᠰᠠᠨ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠠᠵᠤ ᠠᠬᠤᠶᠢᠯᠠᠯ ᠳᠤ ᠪᠣᠳᠠᠲᠠᠶ ᠲᠦᠷᠢᠶᠡᠰᠦᠯᠡᠭᠰᠡᠨ ᠲᠠᠯᠠᠪᠠᠶ ᠶᠢᠨ ᠪᠣᠳᠠᠲᠠᠶ | ᠲᠤᠰᠢᠶᠠᠭᠰᠠᠨ ᠲᠦᠷᠢᠶᠡᠰᠦᠨ ᠮᠥᠩᠭᠦ ᠶᠢᠨ 80% ᠶᠢᠨ ᠳᠡᠮᠵᠢᠯᠭᠡ ᠦᠵᠡᠭᠦᠯᠵᠦ᠂ ᠭᠤᠷᠪᠠᠨ ᠵᠢᠯ ᠳᠠᠷᠠᠭᠠᠯᠠᠨ ᠳᠡᠮᠵᠢᠵᠦ᠂ ᠠᠵᠤ ᠠᠬᠤᠶᠢᠯᠠᠯ ᠨᠢᠭᠡᠪᠦᠷᠢ ᠳᠤ ᠵᠢᠯ | ᠳᠡᠭᠡᠨ ᠬᠠᠮᠤᠭ ᠶᠡᠭᠡ ᠳᠡᠭᠡᠨ 200 ᠲᠦᠮᠡᠨ ᠲᠥᠭᠦᠷᠢᠭ ᠨᠥᠭᠦᠪᠦᠷᠢᠯᠡᠨ᠎ᠡ᠃ | ᠭᠤᠷᠪᠠ᠂ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠲᠣᠭᠠᠴᠢᠯᠠᠭᠰᠠᠨ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ᠃ ᠥᠷᠭᠡᠨ ᠬᠡᠷᠡᠭᠯᠡᠭᠡᠨ ᠤ | ᠲᠠᠸᠠᠷ ᠤᠨ ᠠᠷᠠᠯᠵᠢᠶᠠᠨ ᠤ ᠠᠵᠤ ᠠᠬᠤᠶᠢᠯᠠᠯ᠂ ᠠᠷᠠᠯᠵᠢᠶᠠᠨ ᠤ ᠲᠠᠯᠠᠪᠤᠷ ᠭᠠᠵᠠᠷ ᠵᠢᠴᠢ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠤᠨ ᠥᠷᠭᠡᠨ | ᠬᠡᠷᠡᠭᠯᠡᠭᠡᠨ ᠤ ᠲᠠᠸᠠᠷ ᠤᠨ ᠠᠷᠠᠯᠵᠢᠶ᠎ᠠ ᠶᠢᠨ ᠬᠤᠳᠠᠯᠳᠤᠨ ᠠᠪᠬᠤ᠂ ᠪᠣᠷᠣᠯᠠᠭᠤᠯᠬᠤ᠂ ᠪᠠᠷᠠᠭᠠᠨ ᠤ ᠭᠦᠢᠯᠭᠡᠭᠡ᠂ ᠠᠷᠠᠯᠵᠢᠶ᠎ᠠ᠂ ᠳ᠋ᠦᠩᠨᠡᠨ ᠪᠤᠳᠤᠬᠤ᠂ ᠪᠡᠯᠡ | ᠲᠣᠬᠢᠷᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠦᠢᠯᠡᠴᠢᠯᠡᠬᠦ ᠲᠣᠭᠠᠴᠢᠯᠠᠭᠰᠠᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠳᠡᠮᠵᠢᠵᠦ᠂ ᠭᠠᠭᠴᠠ ᠨᠢᠭᠡᠨ | ᠲᠠᠪᠴᠠᠩ ᠤᠨ ᠰᠢᠰᠲ᠋ᠧᠮ ᠤᠨ ᠨᠡᠭᠡᠭᠡᠨ ᠬᠥᠭᠵᠢᠭᠦᠯᠬᠦ ᠵᠠᠷᠤᠳᠠᠯ ᠨᠢ 100 ᠲᠦᠮᠡᠨ ᠲᠥᠭᠦᠷᠢᠭ ᠢ ᠳᠠᠪᠠᠭᠰᠠᠨ ᠪᠦᠭᠡᠳ ᠲᠠᠪᠴᠠᠩ ᠤᠨ ᠵᠢᠯ ᠤᠨ ᠥᠷᠭᠡᠨ | ᠬᠡᠷᠡᠭᠯᠡᠭᠡᠨ ᠤ ᠠᠷᠠᠯᠵᠢᠶᠠᠨ ᠤ ᠲᠤᠭ᠎ᠠ ᠨᠢ 5 ᠳ᠋ᠦᠩᠰᠢᠭᠤᠷ ᠲᠥᠭᠦᠷᠢᠭ ᠢ ᠳᠠᠪᠠᠭᠰᠠᠨ ᠪᠤᠯ᠂ ᠲᠠᠪᠴᠠᠩ ᠤᠨ ᠰᠢᠰᠲ᠋ᠧᠮ ᠤᠨ ᠨᠡᠭᠡᠭᠡᠨ ᠬᠥᠭᠵᠢᠭᠦᠯᠬᠦ ᠵᠠᠷᠤᠳᠠᠯ ᠤᠨ | 30% ᠪᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠬᠠᠮᠤᠭ ᠶᠡᠭᠡ ᠳᠡᠭᠡᠨ 300 ᠲᠦᠮᠡᠨ ᠲᠦᠭᠦᠷᠢᠭ | ᠨᠥᠭᠦᠪᠦᠷᠢᠯᠡᠨ᠎ᠡ᠃ | ᠳᠥᠷᠪᠡ᠂ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ ᠵᠢᠯ ᠤᠨ ᠭᠠᠳᠠᠭᠠᠳᠤ ᠳᠤ ᠭᠠᠷᠭᠠᠭᠰᠠᠨ ᠮᠠᠰᠢᠨ ᠲᠡᠷᠭᠡ ︵ᠭᠠᠷ ᠳᠠᠮᠵᠢᠭᠰᠠᠨ | ᠮᠠᠰᠢᠨ ᠲᠡᠷᠭᠡ ᠪᠠᠭᠲᠠᠨ᠎ᠠ︶ ᠶᠢᠨ ᠲᠤᠭ᠎ᠠ 2 ᠲᠦᠮᠡᠨ ︵ᠪᠠᠭᠲᠠᠨ᠎ᠠ︶ ᠬᠦᠷᠦᠭᠰᠡᠨ ᠠᠵᠤ ᠠᠬᠤᠶᠢᠯᠠᠯ ᠳᠤ ᠭᠠᠳᠠᠭᠠᠳᠤ ᠳᠤ ᠭᠠᠷᠭᠠᠭᠰᠠᠨ ᠵᠣᠭᠤᠰ ᠤᠨ ᠲᠤᠭ᠎ᠠ ᠶᠢᠨ | 0.05 ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ ᠭᠠᠳᠠᠭᠠᠳᠤ ᠳᠤ ᠭᠠᠷᠭᠠᠯᠲᠠ ᠶᠢᠨ ᠱᠠᠩᠨᠠᠯ ᠣᠯᠭᠤᠨ᠎ᠠ︔ ᠵᠢᠯ ᠳᠤ 2 ᠲᠦᠮᠡ ᠠᠴᠠ 5 ᠲᠦᠮᠡᠨ | ᠮᠠᠰᠢᠨ ᠲᠡᠷᠭᠡ ᠶᠢ ︵ᠪᠠᠭᠲᠠᠨ᠎ᠠ︶ ᠭᠠᠳᠠᠭᠠᠳᠤ ᠳᠤ ᠭᠠᠷᠭᠠᠭᠰᠠᠨ ᠠᠵᠤ ᠠᠬᠤᠶᠢᠯᠠᠯ ᠳᠤ ᠭᠠᠳᠠᠭᠠᠳᠤ ᠳᠤ ᠭᠠᠷᠭᠠᠭᠰᠠᠨ ᠵᠣᠭᠤᠰ ᠤᠨ ᠲᠤᠭ᠎ᠠ ᠶᠢᠨ 0.06 ᠲᠥᠭᠦᠷᠢᠭ | ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ ᠭᠠᠳᠠᠭᠠᠳᠤ ᠳᠤ ᠭᠠᠷᠭᠠᠯᠲᠠ ᠶᠢᠨ ᠱᠠᠩᠨᠠᠯ ᠣᠯᠭᠤᠨ᠎ᠠ︔ ᠵᠢᠯ ᠤᠨ ᠭᠠᠳᠠᠭᠠᠳᠤ ᠳᠤ ᠭᠠᠷᠭᠠᠭᠰᠠᠨ ᠮᠠᠰᠢᠨ | ᠲᠡᠷᠭᠡᠨ ᠤ ᠲᠤᠭ᠎ᠠ 5 ᠲᠦᠮᠡ ᠶᠢ ᠳᠠᠪᠠᠭᠰᠠᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠳᠤ ᠭᠠᠳᠠᠭᠠᠳᠤ ᠭᠠᠷᠭᠠᠯᠲᠠ ᠵᠢᠨᠵᠣᠭᠤᠰ ᠤᠨ ᠲᠤᠭ᠎ᠠ ᠶᠢᠨ 0.08 | ᠲᠥᠭᠦᠷᠢᠭ / ᠳ᠋ᠣᠯᠯᠠᠷ ᠤᠨ ᠪᠠᠷᠢᠮᠵᠢᠶ᠎ᠠ ᠪᠠᠷ ᠭᠠᠳᠠᠭᠠᠳᠤ ᠭᠠᠷᠭᠠᠯᠲᠠ ᠶᠢᠨ ᠱᠠᠩᠨᠠᠯ ᠣᠯᠭᠤᠵᠤ᠂ ᠡᠭᠦᠨ ᠤ ᠰᠠᠭᠤᠷᠢᠨ ᠳᠡᠭᠡᠷ᠎ᠡ᠂ ᠵᠢᠯ ᠤᠨ ᠭᠠᠳᠠᠭᠠᠳᠤ | ᠭᠠᠷᠭᠠᠯᠲᠠ ᠶᠢᠨ ᠵᠣᠭᠤᠰ ᠤᠨ ᠲᠤᠭ᠎ᠠ ᠠᠩᠬ᠎ᠠ ᠤᠳᠠᠭ᠎ᠠ 10 ᠳ᠋ᠦᠩᠰᠢᠭᠤᠷ ᠲᠥᠭᠦᠷᠢᠭ᠂ 20 ᠳ᠋ᠦᠩᠰᠢᠭᠤᠷ ᠲᠥᠭᠦᠷᠢᠭ᠂ 50 ᠳ᠋ᠦᠩᠰᠢᠭᠤᠷ ᠲᠥᠭᠦᠷᠢᠭ | ᠬᠦᠷᠦᠭᠰᠡᠨ ᠪᠤᠯ ᠨᠢᠭᠡ ᠯᠠ ᠤᠳᠠᠭ᠎ᠠ ᠶᠢᠨ ᠴᠢᠨᠠᠷᠲᠠᠶ ᠪᠠᠷ ᠠᠷᠠᠳ ᠤᠨ ᠵᠣᠭᠤᠰ ᠢᠶᠠᠷ ᠲᠣᠰ ᠲᠣᠰ 200 ᠲᠦᠮᠡᠨ ᠲᠥᠭᠦᠷᠢᠭ᠂ 500 ᠲᠦᠮᠡᠨ ᠲᠥᠭᠦᠷᠢᠭ᠂ | 800 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 1 ᠳ᠋ᠦᠩᠰᠢᠭᠤᠷ ᠲᠥᠭᠦᠷᠢᠭ | ᠨᠥᠬᠦᠪᠦᠷᠢᠯᠡᠨ᠎ᠡ᠃ | ᠲᠠᠪᠤ᠂ ᠰᠢᠨ᠎ᠡ ᠡᠨᠧᠷᠭᠢ ᠵᠢᠴᠢ ᠠᠭᠤᠷᠬᠠᠶ ᠶᠢᠨ ᠦᠢᠯᠡᠳᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ | ᠭᠠᠳᠠᠭᠠᠳᠤ ᠠᠴᠠ ᠯᠢᠲ᠋ᠢ᠂ ᠨᠢᠺᠧᠯ ᠪᠠ ᠺᠤᠪᠠᠯᠲ ᠤᠨ ᠠᠭᠤᠷᠬᠠᠢ ᠵᠡᠷᠭᠡ ᠰᠢᠨ᠎ᠡ ᠡᠨᠧᠷᠭᠢ ᠶᠢᠨ ᠠᠭᠤᠷᠬᠠᠶ ᠶᠢᠨ ᠦᠢᠯᠡᠳᠬᠦᠨ ᠢ ᠤᠷᠤᠭᠤᠯᠤᠭᠰᠠᠨ ᠠᠵᠤ | ᠠᠬᠤᠶᠢᠯᠠᠯ ᠳᠤ᠂ ᠵᠢᠯ ᠤᠨ ᠭᠠᠳᠠᠭᠠᠳᠤ ᠠᠴᠠ ᠣᠷᠣᠭᠤᠯᠤᠭᠰᠠᠨ ᠲᠤᠭ᠎ᠠ ᠨᠢ 1 ᠳ᠋ᠦᠩᠰᠢᠭᠤᠷ ᠲᠥᠭᠦᠷᠢᠭ᠂ 3 ᠳ᠋ᠦᠩᠰᠢᠭᠤᠷ ᠲᠥᠭᠦᠷᠢᠭ᠂ 10 ᠳ᠋ᠦᠩᠰᠢᠭᠤᠷ | ᠲᠥᠭᠦᠷᠢᠭ ᠢ ᠳᠠᠪᠠᠭᠰᠠᠨ ᠪᠤᠯ᠂ ᠲᠣᠰ ᠲᠣᠰ 100 ᠲᠦᠮᠡᠨ ᠲᠥᠭᠦᠷᠢᠭ᠂ 300 ᠲᠦᠮᠡᠨ ᠲᠥᠭᠦᠷᠢᠭ᠂ 1000 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ | ᠭᠠᠳᠠᠭᠠᠳᠤ ᠠᠴᠠ ᠨᠡᠭᠦᠷᠡᠰᠦ᠂ ᠲᠡᠮᠦᠷ ᠤᠨ ᠬᠦᠳᠡᠷ᠂ ᠮᠠᠩᠭᠠᠨ ᠬᠦᠳᠡᠷ᠂ ᠵᠡᠰ ᠤᠨ ᠨᠤᠨᠲᠠᠭ ᠵᠡᠷᠭᠡ ᠡᠩ ᠤᠨ ᠠᠭᠤᠷᠬᠠᠶ ᠶᠢᠨ ᠦᠢᠯᠡᠳᠬᠦᠨ ᠢ ᠤᠷᠤᠭᠤᠯᠤᠭᠰᠠᠨ | ᠠᠵᠤ ᠠᠬᠤᠶᠢᠯᠠᠯ ᠳᠤ ᠭᠠᠳᠠᠭᠠᠳᠤ ᠠᠴᠠ ᠣᠷᠣᠭᠤᠯᠤᠭᠰᠠᠨ ᠵᠤᠭᠤᠰ ᠤᠨ ᠲᠤᠭ᠎ᠠ ᠶᠢᠨ 0.06 ᠲᠥᠭᠦᠷᠢᠭ ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ | ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠭᠦᠪᠦᠷᠢᠯᠡᠨ᠎ᠡ︔ ᠭᠡᠷᠡᠯ ᠸᠣᠯᠲ᠂ ᠯᠢᠲ᠋ᠢ | ᠴᠠᠬᠢᠯᠭᠠᠨ ᠴᠡᠨᠡᠭ ᠵᠡᠷᠭᠡ ᠰᠢᠨ᠎ᠡ ᠡᠨᠧᠷᠭᠢ ᠶᠢᠨ ᠦᠢᠯᠡᠳᠬᠦᠨ ᠢ ᠭᠠᠳᠠᠭᠠᠳᠤ ᠳᠤ ᠭᠠᠷᠭᠠᠭᠰᠠᠨ ᠠᠵᠤ ᠠᠬᠤᠶᠢᠯᠠᠯ ᠳᠤ ᠭᠠᠳᠠᠭᠠᠳᠤ ᠳᠤ ᠭᠠᠷᠭᠠᠭᠰᠠᠨ ᠵᠤᠭᠤᠰ ᠤᠨ | ᠲᠤᠭ᠎ᠠ ᠶᠢᠨ 0.08 ᠲᠥᠭᠦᠷᠢᠭ ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ | ᠶᠡᠭᠡ ᠳᠡᠭᠡᠨ 500 ᠲᠦᠮᠡᠨ ᠲᠥᠭᠦᠷᠢᠭ ᠨᠥᠬᠦᠪᠦᠷᠢᠯᠡᠨ᠎ᠡ᠃ | ᠵᠢᠷᠭᠤᠭ᠎ᠠ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ PVC᠂ ᠪᠥᠭᠡᠭᠡᠨᠡᠷᠡᠯ ᠫᠷᠣᠫᠧᠨ ᠵᠡᠷᠭᠡ | ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠭᠠᠳᠠᠭᠠᠳᠤ ᠳᠤ ᠭᠠᠷᠭᠠᠭᠰᠠᠨ ᠠᠵᠤ ᠠᠬᠤᠶᠢᠯᠠᠯ ᠳᠤ᠂ ᠵᠢᠯ ᠳᠡᠭᠡᠨ 1 ᠲᠦᠮᠡᠨ ᠲᠣᠨ ᠠᠴᠠ ᠳᠡᠭᠡᠭᠰᠢ | ᠭᠠᠳᠠᠭᠠᠳᠤ ᠳᠤ ᠭᠠᠷᠭᠠᠪᠠᠯ᠂ ᠲᠡᠭᠦᠨ ᠤ ᠭᠠᠳᠠᠭᠠᠳᠤ ᠳᠤ ᠭᠠᠷᠭᠠᠭᠰᠠᠨ ᠵᠤᠭᠤᠰ ᠤᠨ ᠲᠤᠭ᠎ᠠ ᠶᠢᠨ 0.06 ᠲᠦᠮᠡᠨ ᠲᠥᠭᠦᠷᠢᠭ ᠠᠷᠠᠳ ᠤᠨ ᠵᠣᠭᠤᠰ / ᠳ᠋ᠣᠯᠯᠠᠷ ᠤᠨ | ᠪᠠᠷᠢᠮᠵᠢᠶ᠎ᠠ ᠪᠠᠷ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠭᠦᠪᠦᠷᠢᠯᠡᠨ᠎ᠡ᠃ | ᠳᠣᠯᠤᠭ᠎ᠠ᠂ ᠮᠣᠳᠣᠨ ᠮᠠᠲ᠋ᠧᠷᠢᠶᠠᠯ ᠤᠨ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠳᠡᠮᠵᠢᠨ᠎ᠡ᠃ ᠮᠣᠳᠣᠨ ᠮᠠᠲ᠋ᠧᠷᠢᠶᠠᠯ ᠤᠨ ᠪᠦᠲᠦᠭᠡᠭᠳᠡᠬᠦᠨ ᠢ ︵ | ᠪᠦᠬᠦᠯᠢ ᠮᠣᠳᠣ᠂ ᠬᠠᠪᠲᠠᠰᠤ ᠵᠡᠷᠭᠡ ᠪᠠᠭᠲᠠᠨ᠎ᠠ︶ ᠭᠠᠳᠠᠭᠠᠳᠤ ᠠᠴᠠ ᠤᠷᠤᠭᠤᠯᠬᠤ ᠠᠵᠤ ᠠᠬᠤᠶᠢᠯᠠᠯ ᠵᠢᠯ ᠳᠤ 1 ᠲᠦᠮᠡᠨ ᠺᠦᠪ ᠮᠧᠲᠷ ᠠᠴᠠ ᠳᠡᠭᠡᠭᠰᠢ | ᠭᠠᠳᠠᠭᠠᠳᠤ ᠠᠴᠠ ᠣᠷᠣᠭᠤᠯᠤᠭᠰᠠᠨ ᠪᠣᠯ 100 ᠲᠥᠭᠦᠷᠢᠭ / ᠺᠦᠪ ᠮᠧᠲᠷ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ | ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠬᠦᠪᠦᠷᠢᠯᠡᠨ᠎ᠡ᠃ | ᠨᠠᠢᠮᠠ᠂ ᠠᠮᠤ ᠪᠤᠳᠠᠭ᠎ᠠ ᠲᠣᠰᠣ ᠪᠣᠯᠤᠨ ᠲᠠᠷᠢᠶᠠᠯᠠᠩ ᠤᠨ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠮᠤ ᠪᠤᠳᠠᠭ᠎ᠠ᠂ ᠲᠠᠷᠢᠶᠠᠯᠠᠩ ᠲᠤᠰᠠᠯᠠᠬᠤ ᠠᠵᠤ ᠠᠬᠤᠢ | ᠶᠢᠨ ᠪᠦᠲᠦᠭᠡᠭᠳᠡᠭᠦᠨ ᠤ ᠠᠵᠤ ᠠᠬᠤᠶᠢᠯᠠᠯ ᠤᠨ ᠵᠢᠯ ᠤᠨ ᠭᠠᠳᠠᠭᠠᠳᠤ ᠠᠴᠠ ᠤᠷᠤᠭᠤᠯᠤᠭᠰᠠᠨ ᠬᠡᠮᠵᠢᠶ᠎ᠡ ᠨᠢ 1000 ᠲᠣᠨ ᠢ ᠳᠠᠪᠠᠭᠰᠠᠨ ᠪᠤᠯ᠂ ᠤᠯᠤᠰ ᠤᠨ | ᠨᠦᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠬᠦᠷᠲᠡᠬᠦ ᠠᠴᠠ ᠭᠠᠳᠠᠨ᠎ᠠ᠂ ᠪᠠᠰᠠ ᠲᠣᠨ ᠪᠦᠷᠢ ᠳᠡᠭᠡᠨ 80 ᠲᠥᠭᠦᠷᠢᠭ / ᠲᠣᠨ ᠤᠨ ᠪᠠᠷᠢᠮᠵᠢᠶ᠎ᠠ ᠪᠠᠷ ᠱᠠᠩᠨᠠᠵᠤ᠂ | ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠭᠦᠪᠦᠷᠢᠯᠡᠨ᠎ᠡ︔ ᠠᠭᠠᠷ ᠤᠨ ᠠᠶᠠᠯᠠᠯ ᠤᠨ ᠪᠣᠭᠤᠮᠲᠠ ᠶᠢᠨ | ᠲᠤᠭᠲᠠᠭᠠᠭᠰᠠᠨ ᠬᠢᠨᠠᠨ ᠬᠠᠮᠢᠶᠠᠷᠬᠤ ᠭᠠᠵᠠᠷ ᠲᠤ ᠵᠢᠮᠢᠰ᠂ ᠤᠰᠤᠨ ᠭᠠᠷᠤᠯᠲᠠ ᠤᠷᠤᠭᠤᠯᠤᠭᠰᠠᠨ ᠪᠦᠭᠡᠳ ᠵᠢᠯ ᠤᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ | 500 ᠲᠣᠨ ᠢ ᠳᠠᠪᠠᠭᠰᠠᠨ ᠠᠵᠤ ᠠᠬᠤᠶᠢᠯᠠᠯ ᠳᠤ 2000 / ᠲᠣᠨ ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ | ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠭᠦᠪᠦᠷᠢᠯᠡᠨ᠎ᠡ᠃ | ᠶᠢᠰᠦ᠂ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠳᠦᠷᠢᠮ ᠯᠦᠭᠡ ᠵᠣᠯᠭᠠᠭᠤᠯᠬᠤ ᠶᠢ ᠳᠡᠮᠵᠢᠨ᠎ᠡ᠃ AEO ᠳᠡᠭᠡᠳᠦ ᠵᠡᠷᠭᠡ ᠶᠢᠨ ᠭᠡᠷᠡᠴᠢᠯᠡᠯ ᠢᠶᠠᠷ | ᠳᠠᠮᠵᠢᠭᠰᠠᠨ ᠪᠤᠯ᠂ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠳᠡᠮᠵᠢᠨ᠎ᠡ︔ RCEP ᠶᠢᠨ ︽ᠬᠢᠨᠠᠨ ᠵᠥᠪᠰᠢᠶᠡᠷᠡᠯ ᠢᠶᠠᠷ ᠳᠠᠮᠵᠢᠭᠰᠠᠨ ᠭᠠᠳᠠᠭᠠᠳᠤ ᠳᠤ | ᠭᠠᠷᠭᠠᠬᠤ ᠬᠤᠳᠠᠯᠳᠤᠭᠠᠴᠢᠨ︾ ᠤ ᠮᠠᠭᠠᠳᠯᠠᠨ ᠲᠣᠭᠲᠠᠭᠠᠯᠲᠠ ᠶᠢ ᠤᠯᠤᠭᠰᠠᠨ ᠪᠤᠯ᠂ ᠠᠰ ᠲᠠᠭᠠᠨ ᠪᠠᠰᠠ 10 ᠲᠦᠮᠡᠨ ᠲᠥᠭᠦᠷᠢᠭ ᠳᠡᠮᠵᠢᠨ᠎ᠡ᠃ | ᠠᠷᠪᠠ᠂ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠢ ᠳᠡᠮᠵᠢᠨ᠎ᠡ᠃ ᠥᠷᠭᠡᠨ ᠬᠡᠷᠡᠭᠯᠡᠭᠡᠨ ᠤ | ᠲᠠᠸᠠᠷ ᠤᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠤᠭ᠎ᠠ ᠨᠢ 2 ᠳ᠋ᠦᠩᠰᠢᠭᠤᠷ ᠲᠥᠭᠦᠷᠢᠭ ᠢ ᠳᠠᠪᠠᠭᠰᠠᠨ ᠪᠦᠭᠡᠳ | ᠠᠳᠠᠭ ᠲᠠᠭᠠᠨ 500 ᠲᠦᠮᠡᠨ ᠲᠥᠭᠦᠷᠢᠭ ᠤᠨ ᠵᠢᠭᠡᠯᠡᠯᠭᠡ ᠲᠠᠢ ᠠᠵᠤ ᠠᠬᠤᠶᠢᠯᠠᠯ ᠳᠤ ᠳᠠᠮ ᠬᠦᠦ ᠶᠢᠨ ᠮᠥᠩᠭᠦ ᠶᠢ ᠨᠢ ᠤᠷᠤᠯᠠᠨ ᠥᠭᠬᠦ ᠳᠡᠮᠵᠢᠯᠭᠡ ᠦᠵᠡᠭᠦᠯᠵᠤ | ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠤᠰ ᠰᠠᠷ᠎ᠠ ᠶᠢᠨ 1 ᠵᠢᠯ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵ | LPR︶ ᠶᠢᠨ 60% ᠪᠠᠷ ᠳᠠᠮ ᠬᠦᠦ ᠮᠥᠩᠭᠦ ᠶᠢ ᠨᠢ ᠤᠷᠤᠯᠠᠨ ᠥᠭᠬᠦ ᠳᠡᠮᠵᠢᠯᠭᠡ ᠦᠵᠡᠭᠦᠯᠵᠤ᠂ ᠬᠡᠷᠪᠡ ᠵᠢᠭᠡᠯᠡᠯᠭᠡ ᠶᠢᠨ ᠬᠦᠦ ᠶᠢᠨ ᠨᠣᠷᠮ᠎ᠠ ᠨᠢ LPR ᠠᠴᠠ | ᠳᠣᠤᠷ᠎ᠠ ᠪᠠᠶᠢᠪᠠᠯ᠂ ᠪᠣᠳᠠᠲᠠᠶ ᠬᠦᠦ ᠶᠢᠨ ᠨᠣᠷᠮ᠎ᠠ ᠶᠢᠨ 60% ᠪᠠᠷ ᠳᠠᠮ ᠬᠦᠦ ᠮᠥᠩᠭᠦ ᠶᠢ ᠨᠢ ᠤᠷᠤᠯᠠᠨ ᠥᠭᠬᠦ ᠳᠡᠮᠵᠢᠯᠭᠡ ᠦᠵᠡᠭᠦᠯᠵᠤ᠂ ᠠᠵᠤ ᠠᠬᠤᠶᠢᠯᠠᠯ | ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 300 ᠲᠦᠮᠡᠨ ᠲᠥᠭᠦᠷᠢᠭ ᠨᠥᠬᠦᠪᠦᠷᠢᠯᠡᠨ᠎ᠡ᠃ | |