ᠣᠷᠳᠣᠰ ᠬᠤᠲᠠ ᠶᠢᠨ ᠪᠥᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2025/3/25
     ᠭᠤᠤᠯᠳᠠᠯᠭ᠎ᠠ ᠲᠠᠢ ᠠᠵᠢᠯ     ᠭᠤᠤᠯᠳᠠᠭᠤ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠬᠤᠲᠠ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠭᠦᠢᠴᠡᠳᠬᠡᠯ ᠲᠤᠭ᠎ᠠ ᠶᠢᠨ ᠲᠤᠭᠲᠠᠯᠴᠠᠭ᠎ᠠ ᠶᠢᠨ ᠭᠤᠶᠤᠴᠢᠯᠠᠨ ᠮᠡᠳᠡᠭᠦᠯᠬᠦ ᠵᠦᠭᠯᠡᠭᠦᠷ ︵2023 ᠣᠨ ᠤ ᠬᠡᠪᠯᠡᠯ︶︾ ︵ᠳᠣᠷᠣᠭᠰᠢ ︽ᠭᠦᠢᠴᠡᠳᠬᠡᠯ ᠲᠤᠭ᠎ᠠ ᠶᠢᠨ ᠲᠤᠭᠲᠠᠯᠴᠠᠭ᠎ᠠ︾ ᠭᠡᠵᠦ ᠲᠣᠪᠴᠢᠯᠠᠨ᠎ᠠ︶᠎ ᠶᠢᠨ ᠶᠢᠰᠦᠨ ᠲᠠᠯ᠎ᠠ᠂ 100 ᠵᠦᠢᠯ ᠤᠨ ᠭᠦᠢᠴᠡᠳᠬᠡᠯ ᠲᠤᠭ᠎ᠠ ᠶᠢᠨ ᠡᠭᠦᠷᠭᠡ ᠶᠢᠨ ᠲᠣᠭᠤᠷᠢᠨ ᠳᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠭᠤᠶᠤᠴᠢᠯᠠᠨ ᠮᠡᠳᠡᠭᠦᠯᠬᠦ᠂ ᠰᠦᠯᠵᠢᠶ᠎ᠡ ᠪᠠᠷ ᠬᠠᠶᠢᠨ ᠡᠷᠢᠬᠦ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠶᠠᠷᠢᠯᠴᠠᠨ ᠰᠤᠷᠪᠤᠯᠵᠢᠯᠯᠠᠬᠤ᠂ ᠲᠠᠰᠢᠷᠠᠮ ᠢᠶᠠᠷ ᠰᠤᠭᠤᠴᠢᠨ ᠰᠢᠯᠭᠠᠬᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠪᠠ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠵᠡᠷᠭᠡ ᠠᠵᠢᠯ ᠢ ᠥᠷᠨᠢᠭᠦᠯᠦᠨ᠎ᠡ᠃    ︵ᠨᠢᠭᠡ︶ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠨ᠎ᠡ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠳᠠᠷᠦ᠋ᠢᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠥᠪᠡᠰᠦᠪᠡᠨ ᠭᠦᠢᠴᠡᠳᠭᠡᠬᠦ︾᠎ ᠶᠢ ᠪᠥᠬᠦ ᠲᠠᠯ᠎ᠠ ᠪᠠᠷ ᠲᠦᠭᠡᠮᠡᠯᠵᠢᠭᠦᠯᠦᠨ᠂ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠢᠯᠡᠴᠢᠯᠡᠭᠡ ᠵᠢᠴᠢ ᠬᠠᠤᠯᠢ ᠴᠠᠭᠠᠵᠠ ᠶᠢᠨ ᠦᠨᠳᠦᠰᠦᠯᠡᠯ ᠥᠬᠡᠶ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠪᠥᠬᠦ ᠲᠠᠯ᠎ᠠ ᠪᠠᠷ ᠢᠯᠭᠠᠷᠠᠭᠤᠯᠤᠨ᠂ ︽ᠭᠡᠷᠡᠴᠢ ᠦᠨᠡᠮᠯᠡᠯ ᠢ ᠰᠠᠯᠭᠠᠬᠤ︾᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ᠂ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠎ᠠ᠃ ︽ᠬᠤᠶᠠᠷ ᠢ ᠲᠠᠰᠢᠷᠠᠮ ᠳᠤ ᠨᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠶᠢᠨ ᠵᠦᠢᠯᠡᠰ ᠢ ᠪᠦᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ᠂ ᠲᠡᠰᠬᠡᠨ ᠨᠤᠭᠲᠠᠭᠤᠯᠬᠤ ᠵᠦᠢᠯᠡᠰ ᠪᠠ ᠡᠯ᠎ᠡ ᠲᠦᠷᠦᠯ ᠤᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠴᠡᠪᠡᠷᠯᠡᠨ᠎ᠡ᠃ ᠣᠯᠠᠨ ᠨᠡᠶᠢᠲᠡ ᠶᠢᠨ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ  ᠠᠨᠠᠢ ᠶᠢ ᠦᠨᠡᠯᠡᠬᠦ︾ ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃    ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠵᠡᠷᠭᠡ ᠠᠵᠢᠯ ᠢ ᠪᠦᠬᠦ ᠲᠠᠯ᠎ᠠ ᠪᠠᠷ ᠵᠢᠷᠤᠮᠵᠢᠭᠤᠯᠵᠤ᠂ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠵᠦᠢᠯ ᠶᠢ ᠭᠠᠷᠭᠠᠪᠠᠯ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠲᠥᠰᠦᠯ ᠢ ᠴᠥᠮ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠤᠶᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠤᠬᠠᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠭᠤᠯᠭ᠎ᠠ᠂ ᠰᠠᠨᠠᠯ ᠳᠤᠷᠠᠳᠤᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠬᠦ ᠬᠡᠷᠡᠭᠲᠡᠶ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠶᠢ ᠪᠠᠷᠢᠮᠲᠠᠯᠠᠵᠤ᠂ ᠪᠦᠷᠢᠳᠭᠡᠨ ᠳᠠᠩᠰᠠᠯᠠᠵᠤ ᠬᠢᠨᠠᠨ ᠪᠠᠶᠢᠴᠠᠭᠠᠬᠤ ᠪᠠ ᠢᠯᠭᠠᠷᠠᠭᠤᠯᠤᠨ ᠲᠢᠭᠯᠡᠬᠦ ᠠᠵᠢᠯ ᠢ ᠴᠠᠭ ᠲᠤᠬᠠᠢ ᠳᠤ ᠨᠢ ᠦᠷᠨᠢᠭᠦᠯᠵᠦ᠂ ᠵᠠᠰᠠᠭ ᠤᠨ ᠤᠷᠳᠤᠨ ᠤ ᠲᠤᠭᠲᠠᠭᠠᠯ ᠲᠦᠷᠢᠮ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠨᠢᠭᠡᠳᠦᠯᠲᠡᠢ ᠢᠯᠡ ᠪᠤᠯᠭᠠᠬᠤ᠂ ᠨᠡᠶᠢᠲᠡᠯᠡᠬᠦ ᠠᠵᠢᠯ ᠢ ᠰᠠᠶᠢᠳᠤᠷ ᠬᠢᠵᠦ᠂ ᠤᠳᠤ ᠶᠢᠨ ᠬᠡᠷᠡᠭᠵᠢᠬᠦᠯᠵᠦ ᠪᠠᠶᠢᠭ᠎ᠠ ᠤᠷᠤᠨ ᠨᠤᠲᠤᠭ ᠤᠨ ᠵᠠᠰᠠᠭ ᠤᠨ ᠤᠷᠳᠤᠨ ᠤ ᠲᠤᠭᠲᠠᠭᠠᠯ ᠲᠦᠷᠢᠮ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠨᠢᠭᠡᠳᠦᠯᠲᠡᠢ ᠲᠠᠪᠴᠠᠩ ᠠᠴᠠ ᠬᠠᠶᠢᠨ ᠯᠠᠪᠯᠠᠵᠤ ᠪᠤᠯᠬᠤ ᠠᠵᠢᠯ ᠢ ᠪᠡᠶᠡᠯᠡᠭᠦᠯᠦᠨ᠎ᠡ᠃    ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠲᠤᠭᠲᠠᠭᠠᠨ᠎ᠠ᠃ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ ᠢ ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠢ ᠴᠢᠩᠭ᠎ᠠ ᠭᠦᠢᠴᠡᠳᠬᠡᠨ᠎ᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠪᠠ ᠠᠯᠪᠠᠨ ᠲᠤᠰᠢᠶᠠᠯᠳᠤ ᠬᠠᠤᠯᠢᠴᠢ ᠶᠢᠨ ᠳᠥᠷᠢᠮ ᠢ ᠨᠠᠶᠢᠳᠠᠪᠤᠷᠢᠵᠢᠭᠤᠯᠤᠨ᠎ᠠ᠃ ᠰᠢᠢᠳᠪᠦᠷᠢᠲᠦ ᠪᠤᠳᠤᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃ ᠪᠥᠬᠦ ᠬᠤᠲᠠ ᠶᠢᠨ 2021 ᠣᠨ ᠠᠴᠠ ᠨᠠᠰᠢᠬᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠪᠦᠷᠢᠨ ᠪᠦᠲᠦᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠦᠷᠢᠯᠳᠦᠭᠦᠯᠦᠨ᠂ ᠣᠨ ᠤ ᠭᠠᠷᠴᠠᠭ ᠤᠨ ᠵᠦᠢᠯᠡᠰ ᠢ ᠪᠥᠬᠦᠳᠡ ᠶᠢ ᠲᠠᠩᠰᠠ ᠡᠪᠬᠡᠮᠡᠯ ᠳᠤ ᠤᠷᠤᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠨ ᠲᠠᠷᠬᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠴᠤᠪᠤᠷᠠᠯ ᠢ ᠲᠡᠭᠦᠯᠳᠡᠷᠵᠢᠭᠦᠯᠦᠨ᠂ ᠴᠠᠭ ᠲᠤᠬᠠᠶ ᠳᠤᠨᠢ ᠢᠯᠡ ᠪᠠᠷ ᠨᠡᠶᠢᠲᠡᠯᠡᠵᠦ᠂ ᠪᠠᠶᠢᠩᠭᠤᠵᠢᠭᠤᠯᠤᠨ ᠦᠨᠡᠯᠡᠨ ᠵᠢᠱᠢᠵᠦ ᠢᠯᠭᠠᠷᠠᠭᠤᠯᠤᠨ᠎ᠠ᠃ 2021 ᠣᠨ ᠠᠴᠠ ᠨᠠᠰᠢᠬᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠡᠮᠬᠢᠯᠡᠵᠦ᠂ ᠶᠡᠷᠦᠩᠬᠡᠶ ᠭᠠᠷᠴᠠᠭ ᠢ ᠪᠣᠶ ᠪᠣᠯᠭᠠᠵᠤ᠂ ᠴᠠᠭ ᠲᠤᠬᠠᠶ ᠳᠤᠨᠢ ᠡᠮᠬᠢᠳᠬᠡᠨ᠎ᠡ᠃     ︵ᠲᠦᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭ᠎ᠠ ᠳᠥᠷᠢᠮᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷᠲᠡᠶ ᠥᠨᠳᠥᠷ ᠪᠦᠲᠦᠮᠵᠢᠲᠡᠶ ᠪᠠᠶᠢᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠡᠯᠡᠵᠤ ᠤᠬᠠᠭᠠᠷᠠᠭᠤᠯᠬᠤ᠂  ᠢᠳᠬᠠᠨ ᠰᠤᠷᠭᠠᠵᠤ ᠳᠠᠭᠤᠷᠢᠶᠠᠯ ᠦᠵᠡᠭᠦᠯᠬᠦ᠂ ᠰᠡᠷᠡᠮᠵᠢᠯᠡᠭᠦᠯᠵᠤ ᠴᠡᠭᠡᠷᠯᠡᠭᠦᠯᠬᠦ᠂ ᠵᠢᠯᠥᠭᠤᠳᠴᠦ ᠪᠣᠯᠵᠣᠨ ᠶᠠᠷᠢᠯᠴᠠᠬᠤ ᠵᠡᠷᠭᠡ ᠠᠯᠪᠠᠳᠠᠯᠭ᠎ᠠ ᠶᠢᠨ ᠪᠤᠰᠤ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ ᠥᠷᠭᠡᠨ ᠢᠶᠠᠷ ᠬᠡᠷᠡᠭᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ 2021 ᠣᠨ ᠠᠴᠠ ᠨᠠᠰᠢ ᠰᠢᠢᠳᠪᠦᠷᠢᠯᠡᠵᠦ ᠳᠠᠭᠤᠰᠬᠠᠭᠰᠠᠨ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠡᠪᠬᠡᠮᠡᠯ ᠢ ᠨᠢᠭᠡᠳᠦᠯᠲᠡᠶ ᠬᠠᠤᠯᠢ ᠬᠡᠷᠡᠭᠵᠢᠭᠦᠯᠬᠦ ᠪᠢᠴᠢᠭ ᠬᠡᠯᠪᠡᠷᠢ ᠶᠢᠨ ᠲᠣᠪᠬᠢᠮᠠᠯ ᠪᠤᠯᠭᠠᠨ ᠨᠢᠭᠡᠳᠬᠡᠵᠦ᠂ ᠡᠪᠬᠡᠮᠡᠯ ᠳᠠᠷᠠᠭᠠᠯᠠᠨ ᠥᠪᠡᠷ ᠢᠶᠠᠨ ᠪᠠᠶᠢᠴᠠᠭᠠᠵᠤ ᠵᠠᠯᠠᠷᠠᠭᠤᠯᠬᠤ ᠠᠵᠢᠯ ᠢ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ︽ᠨᠢᠭᠡ ᠡᠷᠦᠬᠡ ᠮᠠᠶ᠋ᠢᠭ︾᠎ ᠢᠶᠠᠷ ᠲᠥᠪᠯᠡᠷᠡᠭᠦᠯᠦᠨ ᠬᠠᠳᠠᠭᠠᠯᠠᠬᠤ ᠶᠢ ᠱᠠᠭᠠᠷᠳᠠᠭᠤᠯᠤᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠵᠢᠷᠤᠮᠵᠢᠭᠤᠯᠤᠨ᠎ᠠ᠃     ︵ᠲᠠᠪᠤ︶ ᠵᠠᠰᠠᠭ ᠵᠠᠬᠢᠷᠭᠠᠨ ᠤ ᠡᠷᠬᠡ ᠎ ᠶᠢᠨ ᠬᠢᠵᠠᠭᠠᠷᠯᠠᠯ ᠳᠠᠬᠢ ᠬᠢᠨᠠᠯᠲᠠ ᠶᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠶᠢᠯᠭᠠᠨ᠎ᠠ᠃ ᠡᠯ᠎ᠡ ᠲᠥᠷᠥᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠵᠠᠰᠠᠭ ᠤᠨ ᠣᠷᠳᠣᠨ ᠤ ᠠᠵᠢᠯ ᠳᠤ ᠳᠤᠷᠠᠳᠤᠭᠰᠠᠨ ᠬᠢᠨᠠᠨ ᠵᠥᠪᠯᠡᠭᠰᠡᠨ ᠰᠠᠨᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠤᠨ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠤᠨ ᠰᠢᠢᠳᠪᠦᠷᠢᠯᠡᠵᠤ᠂ ᠠᠷᠠᠳ ᠤᠨ ᠰᠢᠭᠦᠬᠦ ᠬᠤᠷᠢᠶ᠎ᠠ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠪᠠ ᠰᠢᠭᠦᠨ ᠰᠢᠢᠳᠪᠦᠷᠢᠯᠡᠬᠦ ᠶᠢ ᠳᠡᠮᠵᠢᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠳᠦᠷᠢᠮ ᠢ ᠬᠢᠨᠠᠮᠠᠭᠠᠶ ᠬᠡᠷᠡᠭᠵᠢᠭᠦᠯᠵᠦ᠂ ᠠᠷᠠᠳ ᠤᠨ ᠰᠢᠭᠦᠬᠦ ᠬᠤᠷᠢᠶ᠎ᠠ ᠶᠢᠨ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠬᠦᠨᠳᠦᠳᠬᠡᠨ ᠭᠦᠢᠴᠡᠳᠬᠡᠵᠦ᠂ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠶᠢ ᠳᠡᠮᠵᠢᠨ ᠬᠠᠮᠵᠢᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠭᠦᠢᠴᠡᠳᠬᠡᠬᠦ ᠪᠤᠶᠤ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠶᠢᠨ ᠬᠠᠮᠲᠤ ᠬᠥᠳᠡᠯᠦᠩᠭᠦᠢ ᠪᠠᠷ ᠰᠢᠨᠡᠳᠬᠡᠨ᠎ᠡ᠃     ︵ᠵᠢᠷᠭᠤᠭ᠎ᠠ︶ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠪᠦᠲᠦᠮᠵᠢᠲᠡᠶ ᠠᠷᠢᠯᠭᠠᠨ᠎ᠠ᠃ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠠᠷᠢᠯᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠣᠩᠬᠢᠯᠠᠬᠤ ᠣᠯᠠᠨ ᠲᠣᠭᠠᠨ ᠤ ᠵᠥᠷᠢᠴᠡᠯ ᠵᠢᠭᠤᠷᠠᠯᠳᠤᠭᠠᠨ ᠢ ᠬᠠᠤᠯᠢ ᠪᠠᠷ ᠲᠣᠭᠲᠠᠭᠠᠭᠰᠠᠨ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠡᠩᠰᠡᠯᠡᠯᠲᠡ ᠪᠠ ᠭᠥᠯᠢᠶᠡᠨ ᠠᠪᠴᠤ ᠰᠢᠢᠳᠪᠦᠷᠢᠯᠡᠬᠦ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠥᠪᠯᠡᠯ ᠢ ᠪᠠᠶᠢᠭᠤᠯᠬᠤ ᠶᠢ ᠠᠬᠢᠭᠤᠯᠤᠨ᠎ᠠ᠃      ︵ᠳᠤᠯᠤᠭ᠎ᠠ︶ ᠭᠡᠨᠡᠳᠲᠡ ᠶᠢᠨ ᠬᠦᠨᠳᠦ ᠶᠡᠭᠡ ᠬᠡᠷᠡᠭ ᠤᠨ ᠰᠡᠷᠭᠡᠶᠢᠯᠡᠯᠲᠡ ᠰᠢᠢᠳᠪᠦᠷᠢᠯᠡᠯᠲᠡ ᠶᠢ ᠬᠠᠤᠯᠢ ᠶᠣᠰᠣᠭᠠᠷ ᠵᠣᠬᠢᠰᠲᠠᠶ ᠪᠠᠶᠢᠯᠭᠠᠨ᠎ᠠ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠭᠡᠨᠡᠳᠲᠡ ᠶᠢᠨ ᠬᠡᠷᠡᠭ ᠢ ᠠᠷᠭᠠᠴᠠᠬᠤ ᠶᠢ ᠪᠠᠷᠢᠮᠲᠠᠯᠠᠵᠤ᠂ ᠠᠷᠭᠠᠴᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠳᠡᠰ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢᠨ ᠬᠠᠮᠲᠤ ᠪᠣᠳᠠᠲᠠᠶ ᠬᠡᠷᠡᠭᠴᠡᠭᠡ ᠪᠣᠯᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠤᠨ᠎ᠠ᠃ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠤᠷᠢᠳᠴᠢᠯᠠᠨ ᠰᠡᠷᠭᠡᠶᠢᠯᠡᠬᠦ᠂ ᠤᠷᠢᠳᠠᠪᠠᠷ ᠰᠢᠢᠳᠪᠦᠷᠢᠯᠡᠬᠦ ᠪᠠ ᠲᠦᠷᠭᠡᠨ ᠲᠤᠰᠬᠠᠯ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠢ᠃ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠ ᠲᠦᠭᠰᠢᠭᠦᠷᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠪᠣᠯᠪᠠᠰᠤᠷᠠᠭᠤᠯᠤᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠬᠦᠮᠦᠰ ᠲᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠬᠢᠨ᠎ᠡ᠃     ︵ᠨᠠᠢᠮᠠ︶ ᠵᠠᠰᠠᠭ ᠤᠨ ᠣᠷᠳᠣᠨ ᠤ ᠠᠵᠢᠯᠲᠠᠨ ᠤ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ ᠪᠠᠷ ᠵᠠᠰᠠᠬᠤ ᠴᠢᠳᠠᠪᠤᠷᠢ ᠶᠢ ᠴᠢᠬᠤᠯᠠᠴᠢᠯᠠᠬᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠵᠠᠰᠠᠭ ᠵᠠᠬᠢᠷᠭᠠᠨ ᠤ ᠠᠵᠢᠯᠳᠠᠨ ᠤ ᠬᠠᠤᠯᠢ ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ ᠪᠠ ᠬᠢᠨᠠᠨ ᠰᠢᠯᠭᠠᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠠᠵᠢᠯᠳᠠᠨ ᠤ ᠳᠤᠮᠳᠠ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠬᠥᠮᠦᠵᠢᠯ ᠢ ᠨᠡᠶᠢᠳᠡᠮ ᠥᠷᠨᠢᠭᠦᠯᠦᠨ᠎ᠡ᠃ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠥᠷᠨᠢᠭᠦᠯᠬᠦ ᠶᠢ ᠠᠯᠪᠠᠨ ᠲᠤᠰᠢᠶᠠᠯᠲᠠᠨ ᠤ ᠠᠩᠬ᠎ᠠ ᠲᠤᠰᠢᠶᠠᠯ ᠡᠭᠦᠷᠭᠡᠯᠡᠬᠦ ᠪᠣᠯᠪᠠᠰᠤᠷᠠᠭᠤᠯᠤᠯ᠂ ᠲᠤᠰᠢᠶᠠᠯ ᠡᠭᠦᠷᠭᠡᠯᠡᠬᠦ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠪᠤᠯᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠪᠡᠰᠦ ᠵᠣᠬᠢᠬᠤ ︽ᠨᠢᠭᠡ ᠰᠠᠷ᠎ᠠ ᠳᠤ ᠬᠤᠶᠠᠷ ᠰᠢᠯᠭᠠᠬᠤ︾ ᠡᠭᠡᠯᠵᠢᠯᠡᠨ ᠰᠤᠷᠤᠯᠴᠠᠬᠤ ᠬᠠᠤᠯᠢ ᠶᠢᠨ ᠰᠢᠯᠭᠠᠯᠲᠠ ᠶᠢ ᠥᠷᠨᠢᠭᠦᠯᠵᠦ᠂ ᠰᠢᠯᠢᠳᠡᠭ ᠤᠨ ᠨᠤᠷᠮ᠎ᠠ ᠶᠢ 80%᠎ ᠠᠴᠠ ᠳᠡᠭᠡᠭᠰᠢ ᠳᠤ ᠬᠦᠷᠦᠭᠦᠯᠦᠨ᠎ᠡ᠃ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠪᠠᠷ ᠪᠠᠷᠢᠮᠵᠢᠶᠠᠵᠢᠭᠤᠯᠤᠨ ᠬᠥᠰᠦᠨᠦᠭᠵᠢᠭᠦᠯᠦᠨ ᠳᠠᠭᠤᠷᠢᠶᠠᠯ ᠦᠵᠡᠭᠦᠯᠦᠨ ᠡᠭᠦᠳᠦᠨ ᠪᠠᠶᠢᠭᠤᠯᠵᠤ᠂ ᠲᠥᠪᠯᠡᠷᠡᠭᠦᠯᠦᠨ ᠶᠠᠷᠢᠯᠴᠠᠬᠤ᠂ ᠲᠠᠰᠢᠷᠠᠮ ᠢᠶᠠᠷ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠭᠤᠷᠢᠶᠠᠮᠠᠯ ᠰᠣᠷᠢᠯᠲᠠ ᠬᠢᠨ᠎ᠠ᠃     ︵ᠶᠢᠰᠦ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠣᠳᠠᠲᠠᠶᠢᠵᠢᠭᠤᠯᠤᠨ᠎ᠠ᠃  ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠤᠨ ᠎ ᠤ ᠠᠵᠢᠯ ᠤᠨ ᠲᠥᠯᠥᠪᠯᠡᠭᠡ ᠳᠤ ᠤᠷᠤᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠭᠦᠯᠦᠯᠲᠡ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠬᠢᠨᠠᠨ ᠰᠢᠯᠭᠠᠵᠤ ᠦᠨᠡᠯᠡᠬᠦ ᠪᠠ ᠱᠠᠭᠠᠷᠳᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠤᠲᠠ᠂ ᠬᠤᠰᠢᠭᠤ ︵ᠲᠣᠭᠤᠷᠢᠭ︶᠎ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠠᠵᠢᠯᠲᠠᠨ ᠢ ᠪᠦᠷᠢᠨᠰᠢᠬᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂  ᠬᠠᠤᠯᠢᠵᠢᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠪᠣᠳᠠᠲᠤ ᠠᠮᠵᠢᠯᠲᠠ ᠶᠢ ᠬᠡᠮᠵᠢᠬᠦ ᠴᠢᠬᠤᠯᠠ ᠠᠭᠤᠯᠭ᠎ᠠ ᠪᠣᠯᠭᠠᠵᠤ᠂ ᠰᠢᠯᠭᠠᠨ ᠬᠢᠨᠠᠬᠤ  ᠭᠦᠢᠴᠡᠳᠬᠡᠯ ᠲᠤᠭ᠎ᠠ ᠶᠢᠨ ᠲᠤᠭᠲᠠᠯᠴᠠᠭ᠎ᠠ ᠳᠤ ᠤᠷᠤᠭᠤᠯᠵᠤ᠂ ᠵᠢᠯ ᠪᠦᠷᠢ ᠱᠠᠭᠠᠷᠳᠠᠨ ᠪᠠᠶᠢᠴᠠᠭᠠᠯᠲᠠ ᠪᠠ ᠰᠢᠯᠭᠠᠨ ᠦᠨᠡᠯᠡᠯᠲᠡ ᠶᠢ ᠥᠷᠨᠢᠭᠦᠯᠵᠦ᠂ ᠠᠵᠢᠯ ᠨᠢ ᠬᠦᠴᠦᠨ ᠥᠬᠡᠶ᠂ ᠠᠰᠠᠭᠤᠳᠠᠯ ᠨᠡᠯᠢᠶᠡᠳ ᠣᠯᠠᠨ ᠪᠠᠶᠢᠭ᠎ᠠ ᠨᠢᠭᠡᠴᠢ ᠲᠠᠢ ᠪᠣᠯᠵᠣᠨ ᠶᠠᠷᠢᠯᠴᠠᠬᠤ ᠶᠢᠨ ᠬᠠᠮᠲᠤ ᠲᠡᠳᠡᠨᠠᠷ ᠢ ᠱᠠᠭᠠᠷᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠤᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ