ᠣᠷᠳᠣᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2025/3/25
     ᠨᠢᠭᠡ᠂ ᠴᠢᠳᠠᠪᠤᠷᠢᠲᠠᠨ ᠢ ᠥᠪᠡᠷᠲᠡᠭᠡᠨ ᠣᠷᠣᠭᠤᠯᠤᠨ ᠠᠪᠴᠢᠷᠠᠵᠤ ᠰᠣᠩᠭᠤᠨ ᠤᠷᠢᠬᠤ ᠶᠢ ᠳᠡᠮᠵᠢᠨ᠎ᠡ᠃ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠵᠢᠴᠢ ᠪᠦᠯᠬᠦᠮ ᠢ  ᠦᠷᠭᠦᠯᠵᠢᠯᠡᠨ ᠣᠷᠤᠭᠤᠯᠤᠨ ᠠᠪᠴᠢᠷᠠᠨ᠎ᠠ᠃ ᠲᠤᠷᠰᠢᠯᠲᠠ ᠶᠢᠨ ᠲᠠᠰᠤᠭ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ 10 ᠨᠡᠷᠡᠰ ᠠᠴᠠ ᠳᠡᠭᠡᠭᠰᠢᠬᠢ ᠠᠵᠢᠯ ᠲᠥᠷᠥᠯ ᠤᠨ ᠨᠥᠯᠥᠭᠡᠯᠡᠬᠦ ᠬᠦᠴᠦᠨ ᠲᠠᠢ ᠳᠠᠭᠠᠭᠤᠯᠤᠭᠴᠢ ᠴᠢᠳᠠᠪᠤᠷᠢᠲᠠᠨ ᠢ ᠥᠪᠡᠷᠲᠡᠭᠡᠨ ᠰᠣᠩᠭᠤᠨ ᠤᠷᠢᠬᠤ ᠶᠢ ᠵᠥᠪᠰᠢᠶᠡᠷᠡᠵᠦ ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠪᠦᠯᠬᠦᠮ ᠤᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠭᠡᠵᠦ᠂ ᠨᠡᠭᠡᠭᠡᠯᠲᠡᠲᠡᠶ᠂ ᠰᠢᠯᠵᠢᠮᠡᠯ᠂ ᠥᠷᠢᠰᠦᠯᠳᠦᠭᠡᠨ ᠲᠠᠢ᠂ ᠬᠠᠮᠵᠢᠯᠴᠠᠭᠰᠠᠨ ᠬᠥᠮᠦᠨ ᠬᠡᠷᠡᠭᠯᠡᠬᠦ ᠲᠣᠭᠲᠠᠴᠠ ᠬᠢᠭᠡᠳ ᠤᠷᠢᠬᠤ ᠬᠤᠭᠤᠴᠠᠭ᠎ᠠ ᠶᠢ ᠪᠣᠯᠵᠣᠨ ᠲᠣᠭᠲᠠᠭᠠᠬᠤ ᠲᠣᠭᠲᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶     ᠬᠤᠶᠠᠷ᠂ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠡᠷᠬᠡ ᠣᠯᠭᠤᠨ᠎ᠠ᠃ ᠲᠤᠷᠰᠢᠯᠲᠠ ᠶᠢᠨ ᠲᠠᠰᠤᠭ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠠᠵᠢᠯᠯᠠᠭᠠᠨ ᠤ ᠵᠠᠭᠪᠤᠷ ᠶᠣᠰᠣᠭᠠᠷ᠂ ᠵᠢᠯ ᠤᠨ ᠴᠠᠯᠢᠩ ᠤᠨ ᠲᠦᠷᠢᠮ᠂ ᠬᠡᠯᠡᠯᠴᠡᠭᠡᠷ ᠲᠣᠭᠲᠠᠭᠰᠠᠨ ᠴᠠᠯᠢᠩ᠂ ᠲᠥᠷᠥᠯ ᠵᠦᠢᠯ ᠤᠨ ᠴᠠᠯᠢᠩ ᠵᠡᠷᠭᠡ ᠴᠠᠯᠢᠩ ᠬᠥᠯᠥᠰᠥ ᠶᠢᠨ ᠠᠷᠭ᠎ᠠ ᠮᠠᠶ᠋ᠢᠭ ᠢ ᠠᠪᠴᠤ᠂ ᠴᠢᠳᠠᠪᠤᠷᠢᠲᠠᠨ ᠤ ᠴᠠᠯᠢᠩ ᠬᠥᠯᠥᠰᠥ ᠶᠢᠨ ᠲᠥᠰᠦᠯ ᠢ ᠥᠪᠡᠷᠲᠡᠭᠡᠨ ᠵᠦᠶ ᠵᠣᠬᠢᠰᠲᠠᠶ ᠲᠣᠭᠲᠠᠭᠠᠵᠤ᠂ ᠳᠡᠭᠡᠳᠦ ᠲᠠᠰ ᠳᠠᠪᠬᠤᠷᠭ᠎ᠠ ᠶᠢᠨ ᠣᠨᠴᠠᠭᠠᠶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶     ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠤᠷᠮᠠᠰᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠦᠷᠭᠦᠯᠵᠢᠯᠡᠨ ᠳᠡᠮᠵᠢᠬᠦ ᠪᠠᠨ ᠴᠢᠩᠭᠠᠳᠬᠠᠵᠤ᠂ ᠮᠡᠷᠭᠡᠵᠢᠯ ᠤᠨ ᠦᠷ᠎ᠡ ᠪᠦᠲᠦᠭᠡᠯ ᠢ ᠨᠡᠭᠡᠭᠡᠨ ᠬᠡᠷᠡᠭᠯᠡᠬᠦ ᠶᠢ ᠭᠦᠨᠵᠡᠭᠡᠶᠢᠷᠡᠭᠦᠯᠵᠦ᠂ ᠡᠴᠦᠰ ᠲᠤ ᠪᠠᠨ ᠴᠢᠬᠤᠯᠠ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠤᠢ ᠪᠣᠯᠭᠠᠨ᠎ᠠ᠃ ᠠᠮᠵᠢᠯᠲᠠ ᠪᠦᠲᠦᠮᠵᠢ ᠯᠦᠭᠡ ᠬᠤᠯᠪᠣᠭᠳᠠᠭᠤᠯᠤᠭᠰᠠᠨ ᠦᠷ᠎ᠡ ᠪᠦᠲᠦᠭᠡᠯ ᠢ ᠤᠯᠠᠷᠢᠭᠤᠯᠬᠤ ᠤᠷᠮᠠᠰᠢᠭᠤᠯᠬᠤ ᠳᠦᠷᠢᠮ ᠢ ᠬᠡᠷᠡᠭᠵᠢᠭᠦᠯᠵᠦ᠂ ᠲᠤᠷᠰᠢᠯᠲᠠ ᠶᠢᠨ ᠲᠠᠰᠤᠭ ᠲᠤ ᠣᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤ ᠲᠤᠰᠬᠠᠶ ᠦᠨᠡᠯᠡᠯᠲᠡ ᠬᠢᠬᠦ ᠪᠠ ᠮᠡᠷᠭᠡᠵᠢᠯ ᠤᠨ ᠦᠨᠡᠯᠡᠨ ᠲᠣᠭᠲᠠᠭᠠᠯᠲᠠ ᠬᠢᠭᠰᠡᠨ ᠰᠠᠭᠤᠷᠢᠨ ᠳᠡᠭᠡᠷ᠎ᠡ᠂ ᠲᠤᠷᠰᠢᠯᠲᠠ ᠶᠢᠨ ᠲᠠᠰᠤᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠡᠶᠡᠯᠡᠭᠦᠯᠦᠭᠰᠡᠨ ᠬᠥᠮᠦᠨ ᠪᠤᠶᠤ ᠪᠦᠯᠬᠦᠮ ᠯᠦᠭᠡ ᠪᠣᠯᠵᠣᠨ ᠲᠣᠭᠲᠠᠭᠰᠠᠨ ᠪᠠ ᠬᠤᠪᠢ ᠨᠡᠮᠡᠷᠢ ᠶᠢᠨ ᠡᠷᠬᠡ ᠶᠢᠨ ᠬᠠᠷᠢᠶ᠎ᠠ ᠵᠢᠴᠢ ᠠᠰᠢᠭ ᠣᠯᠵᠠᠪᠤᠷᠢ ᠬᠤᠪᠢᠶᠠᠷᠢᠯᠠᠬᠤ ᠲᠥᠰᠦᠯ ᠶᠣᠰᠤᠭᠠᠷ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠳᠤ ᠲᠤᠰᠢᠶᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠣᠯᠭᠤᠬᠤ ᠪᠤᠶᠤ 10 ᠵᠢᠯ ᠠᠴᠠ ᠳᠡᠭᠡᠭᠰᠢ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠵᠤ ᠪᠣᠯᠤᠨ᠎ᠠ᠃ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠰᠠᠭᠤᠷᠢ ᠮᠥᠩᠭᠦ ᠪᠠᠷ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠳᠡᠮᠵᠢᠬᠦ ᠶᠢ ᠵᠣᠷᠢᠭᠵᠢᠭᠤᠯᠤᠨ᠎ᠠ᠃ ᠲᠤᠷᠰᠢᠯᠲᠠ ᠶᠢᠨ ᠲᠠᠰᠤᠭ ᠬᠢᠭᠡᠳ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠵᠡᠷᠭᠡ ᠯᠦᠭᠡ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠨᠡᠪᠴᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠨᠡᠪᠴᠢᠭᠦᠯᠬᠦ ᠺᠣᠮᠫᠠᠨᠢ ᠪᠣᠯᠤᠨ ᠰᠠᠭᠤᠷᠢ ᠮᠥᠩᠭᠦ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢ ᠣᠷᠤᠭᠤᠯᠤᠨ ᠠᠪᠴᠢᠷᠠᠬᠤ ᠶᠢ ᠢᠳᠡᠪᠬᠢᠲᠡᠢ ᠰᠦᠪᠡᠭᠴᠢᠯᠡᠵᠦ᠂ ᠵᠠᠰᠠᠭ ᠤᠨ ᠣᠷᠳᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠠᠴᠠ ᠨᠠᠶᠢᠲᠠᠨ ᠰᠤᠳᠤᠯᠠᠭᠤᠯᠬᠤ ᠰᠡᠳᠦᠪ ᠤᠨ ᠪᠡᠯᠡ ᠮᠥᠩᠭᠦ ᠶᠢ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠪᠠ ᠠᠵᠤ ᠦᠢᠯᠡᠰᠵᠢᠭᠦᠯᠬᠦ ᠳᠤ ᠬᠡᠷᠡᠭᠯᠡᠵᠦ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶     ᠳᠥᠷᠪᠡ᠂ ᠲᠣᠭᠲᠠᠪᠤᠷᠢᠲᠠᠢ ᠵᠠᠷᠤᠳᠠᠯ ᠶᠢᠨ ᠳᠡᠮᠵᠢᠯᠭᠡ ᠣᠯᠭᠤᠨ᠎ᠠ᠃ ᠲᠤᠷᠰᠢᠯᠲᠠ ᠶᠢᠨ ᠲᠠᠰᠤᠭ ᠤᠨ ᠵᠠᠷᠤᠳᠠᠯ ᠢ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠪᠠᠲᠤᠯᠠᠨ᠎ᠠ᠃ ᠪᠦᠲᠦᠭᠡᠨ ᠪᠠᠶᠢᠭᠤᠯᠬᠤ ᠲᠦᠷᠦᠭᠦᠦ ᠲᠠᠪᠤᠨ ᠵᠢᠯ ᠤᠨ ᠬᠤᠭᠤᠴᠠᠭ᠎ᠠ ︵2023 — 2027︶᠎ ᠳᠤ᠂ ᠲᠤᠷᠰᠢᠯᠲᠠ ᠶᠢᠨ ᠲᠠᠰᠤᠭ ᠤᠨ ᠠᠬᠢᠭᠤᠯᠤᠭᠰᠠᠨ ᠪᠠᠶᠢᠳᠠᠯ ᠢ ᠦᠨᠳᠦᠰᠦᠯᠡᠨ᠂ ᠵᠢᠯ ᠪᠦᠷᠢ ᠠᠳᠠᠭ ᠲᠠᠭᠠᠨ 5 ᠳ᠋ᠦᠩᠰᠢᠭᠤᠷ ᠲᠥᠭᠦᠷᠢᠭ ᠤᠨ ᠲᠤᠰᠬᠠᠢ ᠵᠦᠢᠯ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠲᠤᠰᠬᠠᠶ ᠵᠠᠷᠤᠳᠠᠯ ᠤᠨ ᠲᠥᠰᠦᠪ ᠢ ᠲᠤᠷᠰᠢᠯᠲᠠ ᠶᠢᠨ ᠲᠠᠰᠤᠭ ᠠᠴᠠ ᠥᠪᠡᠷᠲᠡᠭᠡᠨ ᠬᠡᠷᠡᠭᠵᠢᠭᠦᠯᠵᠦ᠂ ︽ᠲᠥᠰᠦᠪ + ᠨᠠᠵᠠᠭᠠᠶ ᠲᠠᠯ᠎ᠠ ᠶᠢᠨ ᠨᠠᠷᠢᠨ ᠲᠠᠩᠰᠠ︾᠎ ᠶᠢᠨ ᠵᠠᠷᠤᠳᠠᠯ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂ ᠵᠠᠷᠤᠳᠠᠯ ᠢ ᠬᠡᠷᠡᠭᠯᠡᠬᠦ ᠴᠢᠭᠯᠡᠯ ᠢᠶᠠᠨ ᠥᠪᠡᠷᠲᠡᠭᠡᠨ ᠲᠣᠭᠲᠠᠭᠠᠵᠤ᠂ ᠲᠥᠷᠥᠯ ᠵᠦᠢᠯ ᠢ ᠰᠤᠳᠤᠯᠤᠨ ᠨᠡᠭᠡᠭᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠷ᠎ᠡ ᠪᠦᠲᠦᠭᠡᠯ ᠢ ᠤᠯᠠᠷᠢᠭᠤᠯᠬᠤ᠂ ᠲᠠᠪᠴᠠᠩ ᠢ ᠪᠦᠲᠦᠭᠡᠨ ᠪᠠᠶᠢᠭᠤᠯᠬᠤ᠂ ᠠᠵᠤ ᠠᠬᠤᠶᠢᠯᠠᠯ ᠢ ᠨᠡᠪᠴᠢᠭᠦᠯᠬᠦ᠂ ᠦᠨᠳᠦᠰᠦᠨ ᠠᠵᠢᠯᠯᠠᠭᠠᠨ ᠵᠡᠷᠭᠡ ᠲᠠᠯ᠎ᠠ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶     ᠲᠠᠪᠤ᠂ ᠰᠠᠭᠤᠷᠢ ᠨᠥᠬᠦᠴᠡᠯ ᠢ ᠪᠠᠲᠤᠯᠠᠨ᠎ᠠ᠃ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠯᠪᠠᠨ ᠳᠤ ᠬᠡᠷᠡᠭᠯᠡᠬᠦ ᠭᠡᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠣᠮᠣ ᠬᠡᠯᠪᠡᠷᠢ ᠶᠢᠨ ᠲᠣᠨᠣᠭᠯᠠᠯ ᠢ ᠬᠤᠳᠠᠯᠳᠤᠨ ᠠᠪᠬᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠣᠮᠣ ᠬᠡᠯᠪᠡᠷᠢ ᠶᠢᠨ ᠲᠠᠪᠴᠠᠩ ᠢ ᠪᠠᠶᠢᠭᠤᠯᠬᠤ ᠵᠡᠷᠭᠡ ᠲᠠᠯ᠎ᠠ ᠶᠢ ︽ᠨᠢᠭᠡ ᠬᠡᠷᠡᠭ ᠢ ᠨᠢᠭᠡ ᠵᠥᠪᠯᠡᠬᠦ︾᠎ ᠪᠠᠷ ᠨᠢᠭᠡᠳᠦᠯᠲᠡᠶ ᠲᠥᠯᠥᠪᠯᠡᠨ ᠳᠡᠮᠵᠢᠨ᠎ᠡ᠃ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠲᠤᠷᠰᠢᠯᠲᠠ ᠶᠢᠨ ᠲᠠᠰᠤᠭ ᠲᠤ ᠬᠡᠷᠡᠭᠯᠡᠭᠡᠨ ᠤ ᠲᠠᠯᠠᠪᠤᠷ ᠢ ᠪᠥᠬᠦ ᠲᠠᠯ᠎ᠠ ᠪᠠᠷ ᠨᠡᠭᠡᠭᠡᠬᠦ ᠶᠢ ᠵᠣᠷᠢᠭᠵᠢᠭᠤᠯᠵᠤ ᠂ ᠲᠤᠷᠰᠢᠯᠲᠠ ᠶᠢᠨ ᠲᠠᠰᠤᠭ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠪᠠ ᠮᠡᠷᠭᠡᠵᠢᠯ ᠤᠨ ᠬᠡᠷᠡᠭᠯᠡᠯᠲᠡ ᠶᠢ ᠳᠡᠯᠭᠡᠷᠡᠭᠦᠯᠬᠦ ᠶᠢ ᠳᠡᠮᠵᠢᠨ᠎ᠡ᠃ ᠲᠤᠷᠰᠢᠯᠲᠠ ᠶᠢᠨ ᠲᠠᠰᠤᠭ ᠤᠨ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠵᠡᠭᠦᠨᠭᠠᠷ ᠬᠤᠰᠢᠭᠤ᠂ ᠦᠦᠰᠢᠨ ᠬᠤᠰᠢᠭᠤ ᠵᠡᠷᠭᠡ ᠭᠠᠵᠠᠷ ᠲᠤ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠯᠪᠠᠰᠤᠷᠠᠭᠤᠯᠤᠨ ᠤᠯᠠᠷᠢᠭᠤᠯᠬᠤ ᠳᠤ ᠰᠠᠭᠤᠷᠢ ᠨᠥᠬᠦᠴᠡᠯ ᠤᠨ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︶     ᠵᠢᠷᠭᠤᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠮᠵᠢᠯᠭᠡ ᠶᠢ ᠴᠢᠩᠭᠠᠳᠬᠠᠨ᠎ᠠ᠃ ᠲᠤᠷᠰᠢᠯᠲᠠ ᠶᠢᠨ ᠲᠠᠰᠤᠭ ᠤᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠲᠠᠪᠴᠠᠩ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠠ ᠴᠢᠳᠠᠪᠤᠷᠢᠲᠠᠨ ᠤ ᠪᠦᠯᠬᠦᠮ ᠢ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠷᠰᠢᠯᠲᠠ ᠶᠢᠨ ᠲᠠᠰᠤᠭ ᠠᠴᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠨᠳᠤᠯᠭ᠎ᠠ ᠲᠠᠢ ᠪᠠᠷ ᠡᠯᠰᠡᠨ ᠴᠤᠭᠯᠠᠭᠤᠯᠵᠤ ᠪᠣᠯᠤᠨ᠎ᠠ᠂ ᠨᠥᠬᠦᠴᠡᠯ ᠳᠤ ᠨᠡᠶᠢᠴᠡᠪᠡᠯ ᠰᠢᠯᠢᠳᠡᠭ ᠢ ᠨᠢ ᠰᠣᠩᠭᠤᠨ ᠨᠠᠶᠢᠳᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠭᠦᠨ ᠢᠶᠠᠷ ᠲᠦᠷᠦᠭᠦᠯᠡᠭᠦᠯᠦᠨ ᠬᠤᠲᠠ ᠶᠢᠨ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠳᠠᠭᠠᠭᠠᠨ ᠡᠭᠦᠷᠭᠡᠯᠡᠭᠦᠯᠬᠦ ᠶᠢ ᠳᠡᠮᠵᠢᠨ᠎ᠡ︔ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠵᠣᠯᠭᠠᠭᠤᠯᠤᠭᠰᠠᠨ ᠪᠣᠯ ᠲᠣᠭᠲᠠᠭᠠᠯ ᠶᠣᠰᠣᠭᠠᠷ ᠵᠣᠬᠢᠴᠠᠩᠭᠤᠶ ᠨᠥᠬᠦᠪᠥᠷᠢ ᠣᠯᠭᠤᠨ᠎ᠠ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠲᠤᠷᠰᠢᠯᠲᠠ ᠶᠢᠨ ᠲᠠᠰᠤᠭ ᠲᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ᠂ ᠲᠤᠭ᠎ᠠ ᠪᠠᠷᠢᠮᠲᠠ ᠶᠢᠨ ᠮᠠᠲ᠋ᠧᠷᠢᠶᠠᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠴᠢᠯᠦᠭᠡᠲᠡᠢ ᠨᠡᠭᠡᠭᠡᠵᠦ ᠬᠠᠮᠲᠤ ᠪᠠᠷ ᠡᠳ᠋ᠯᠡᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶     ᠳᠣᠯᠤᠭ᠎ᠠ᠂ ᠰᠢᠨ᠎ᠡ ᠶᠢ ᠡᠭᠦᠳᠬᠦ ᠠᠵᠢᠯ ᠤᠨ ᠪᠠᠶᠢᠷᠢ ᠶᠢ ᠥᠪᠡᠷᠲᠡᠭᠡᠨ ᠲᠣᠬᠢᠷᠠᠭᠤᠯᠬᠤ ᠶᠢ ᠳᠡᠮᠵᠢᠨ᠎ᠡ᠃ ᠬᠤᠲᠠ ᠶᠢᠨ ᠳᠣᠲᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠢ ︽ᠵᠡᠷᠭᠡᠪᠡᠷ ᠤᠷᠢᠬᠤ ᠲᠦᠷᠢᠮ︾᠎ ᠢᠶᠠᠷ ᠳᠡᠮᠵᠢᠨ ᠲᠤᠷᠰᠢᠯᠲᠠ ᠶᠢᠨ ᠲᠠᠰᠤᠭ ᠲᠤ ᠲᠤᠰᠢᠶᠠᠯ ᠬᠠᠪᠰᠤᠷᠭᠠᠬᠤ ᠶᠢ ᠳᠡᠮᠵᠢᠵᠦ᠂ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢ ᠤᠤᠯ ᠤᠨ ᠨᠢᠭᠡᠴᠢ ᠳᠤ ᠪᠠᠨ ᠦᠯᠡᠳᠡᠭᠡᠵᠦ ᠪᠣᠯᠤᠨ᠎ᠠ᠂ ᠲᠤᠷᠰᠢᠯᠲᠠ ᠶᠢᠨ ᠲᠠᠰᠤᠭ ᠨᠢ ᠥᠪᠡᠷᠲᠡᠭᠡᠨ ᠳᠣᠲᠣᠭᠠᠳᠤ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠪᠣᠯᠬᠤ ᠶᠢᠨ ᠬᠠᠮᠲᠤ ᠵᠣᠬᠢᠴᠠᠩᠭᠤᠶ ᠪᠦᠬᠦᠢ ᠴᠠᠯᠢᠩ ᠬᠥᠯᠥᠰᠥ ᠶᠢᠨ ᠲᠣᠭᠲᠠᠯᠴᠠᠭ᠎ᠠ ᠶᠢ ᠪᠠᠶᠢᠭᠤᠯᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︶      ᠨᠠᠢᠮᠠ᠂ ᠬᠠᠮᠵᠢᠯᠴᠠᠨ ᠰᠢᠨ᠎ᠡ ᠶᠢ ᠡᠭᠦᠳᠬᠦ ᠶᠢ ᠳᠡᠮᠵᠢᠨ᠎ᠡ᠃ ᠪᠦᠯᠬᠦᠮ ᠤᠨ ᠬᠥᠳᠡᠯᠦᠩᠭᠦᠶ ᠪᠠᠷ ᠣᠷᠣᠵᠤ ᠰᠠᠭᠤᠬᠤ ᠵᠠᠭᠪᠤᠷ ᠢ ᠬᠡᠷᠡᠭᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠢᠳᠡᠪᠬᠢᠲᠡᠶ ᠪᠠᠷ ᠣᠷᠤᠭᠤᠯᠵᠤ ᠲᠤᠷᠰᠢᠯᠲᠠ ᠶᠢᠨ ᠲᠠᠰᠤᠭ ᠲᠤ ᠤᠷᠢᠨ ᠰᠠᠭᠤᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠥᠷᠨᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠦᠭᠯᠡᠭᠦᠷ ᠢ ᠢᠯᠡ ᠪᠠᠷ ᠨᠡᠶᠢᠲᠡᠯᠡᠬᠦ ᠶᠢ ᠳᠡᠮᠵᠢᠵᠦ᠂ ᠪᠥᠬᠦ ᠤᠯᠤᠰ ᠤᠨ ᠨᠠᠷᠠᠲᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠬᠠᠨᠳᠤᠭᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠨᠠᠭᠤᠯᠭ᠎ᠠ ᠶᠢᠨ ᠪᠢᠴᠢᠭ ᠢ ᠢᠯᠡ ᠪᠠᠷ ᠡᠯᠰᠡᠨ ᠴᠤᠭᠯᠠᠭᠤᠯᠵᠤ᠂ ᠢᠯᠡ ᠪᠠᠷ ᠬᠢᠨᠠᠨ ᠲᠣᠭᠲᠠᠭᠠᠬᠤ ᠪᠠᠷ ᠳᠡᠮᠵᠢᠨ ᠰᠣᠩᠭᠤᠭᠳᠠᠨ ᠣᠷᠤᠭᠰᠠᠨ ᠲᠥᠷᠥᠯ ᠵᠦᠢᠯ ᠢ ᠲᠣᠭᠲᠠᠭᠠᠨ᠎ᠠ᠃ ᠰᠣᠩᠭᠤᠭᠳᠠᠨ ᠣᠷᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠳᠤ ᠡᠮᠦᠨᠡᠬᠢ ᠬᠤᠭᠤᠴᠠᠭᠠᠨ ᠳᠤ ᠣᠷᠣᠵᠤ ᠰᠠᠭᠤᠭᠰᠠᠨ ᠪᠦᠯᠬᠦᠮ ᠯᠦᠭᠡ ᠠᠳᠠᠯᠢᠬᠠᠨ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠣᠯᠭᠤᠮᠵᠢ ᠬᠦᠷᠲᠡᠭᠡᠵᠦ᠂ ᠠᠳᠠᠯᠢᠬᠠᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠴᠠ᠂ ᠦᠷ᠎ᠡ ᠪᠦᠲᠦᠭᠡᠯ ᠢ ᠬᠤᠪᠢᠷᠠᠭᠤᠯᠬᠤ ᠲᠣᠭᠲᠠᠴᠠ ᠵᠢᠴᠢ ᠪᠤᠴᠠᠭᠠᠵᠤ ᠭᠠᠷᠭᠠᠬᠤ ᠲᠣᠭᠲᠠᠴᠠ ᠶᠣᠰᠣᠭᠠᠷ ᠠᠵᠢᠯᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶     ᠶᠢᠰᠦ᠂ ᠠᠯᠳᠠᠭ᠎ᠠ ᠭᠠᠷᠭᠠᠬᠤ ᠶᠢ ᠠᠭᠤᠴᠢᠯᠠᠵᠤ ᠬᠠᠷᠢᠭᠤᠴᠠᠯᠭ᠎ᠠ ᠶᠢ ᠬᠡᠯᠲᠦᠷᠢᠭᠦᠯᠬᠦ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠶᠢᠨ ᠰᠦᠪᠡᠭᠴᠢᠯᠡᠬᠦ ᠴᠢᠨᠠᠷ ᠢᠶᠠᠷ ᠴᠢᠩᠭ᠎ᠠ᠂ ᠰᠢᠨ᠎ᠡ ᠶᠢ ᠡᠭᠦᠳᠬᠦ ᠲᠦᠭᠰᠢᠭᠦᠷᠢᠲᠦ ᠴᠢᠨᠠᠷ ᠢᠶᠠᠷ ᠥᠨᠳᠥᠷ ᠲᠤᠬᠠᠶᠢᠯᠠᠭᠰᠠᠨ ᠠᠵᠢᠯ ᠤᠨ ᠠᠵᠢᠯᠯᠠᠭ᠎ᠠ ᠵᠢᠴᠢ ᠨᠡᠯᠢᠶᠡᠳ ᠰᠠᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠠᠢ ᠮᠡᠷᠭᠡᠵᠢᠯ ᠢ ᠰᠣᠯᠢᠬᠤ ᠪᠠ ᠲᠣᠮᠤᠷᠠᠭᠤᠯᠬᠤ ᠲᠥᠷᠥᠯ ᠵᠦᠢᠯ ᠢ ᠲᠤᠷᠰᠢᠯᠲᠠ ᠶᠢᠨ ᠲᠠᠰᠤᠭ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠨᠢᠭᠡᠨᠲᠡ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠳᠣᠲᠣᠭᠠᠳᠤ ᠶᠢᠨ ᠡᠵᠡᠮᠳᠡᠯ ᠤᠨ ᠲᠦᠷᠢᠮ ᠳᠤ ᠨᠡᠶᠢᠴᠡᠭᠰᠡᠨ ᠤᠷᠢᠲᠠᠯ ᠳᠣᠤᠷ᠎ᠠ᠂ ᠤᠷᠢᠳᠴᠢᠯᠠᠨ ᠮᠡᠳᠡᠬᠦ ᠶᠢᠨ ᠠᠷᠭ᠎ᠠ ᠥᠬᠡᠶ ᠰᠢᠯᠲᠠᠭᠠᠨ ᠵᠡᠷᠭᠡ ᠠᠴᠠ ᠪᠣᠯᠵᠣ ᠵᠢᠱᠢᠭᠰᠡᠨ ᠬᠠᠷᠠᠯᠲᠠ ᠳᠠᠭᠠᠨ ᠬᠦᠷᠴᠦ ᠴᠢᠳᠠᠭᠰᠠᠨ ᠥᠬᠡᠶ ᠪᠣᠯ ᠬᠠᠷᠢᠭᠤᠴᠠᠯᠭ᠎ᠠ ᠶᠢ ᠨᠢ ᠬᠡᠯᠲᠦᠷᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ      ᠠᠷᠪᠠ᠂ ᠠᠵᠢᠯ ᠤᠨ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠤᠭᠤᠶᠢᠯᠠᠩ ᠢ ᠪᠠᠶᠢᠭᠤᠯᠵᠤ᠂ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠤᠲᠠ᠂ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠤᠷᠰᠢᠯᠲᠠ ᠶᠢᠨ ᠲᠠᠰᠤᠭ ᠤᠨ ᠰᠠᠭᠤᠷᠢ ᠨᠥᠬᠦᠴᠡᠯ ᠤᠨ ᠪᠦᠲᠦᠭᠡᠨ ᠪᠠᠶᠢᠭᠤᠯᠤᠯᠲᠠ ᠪᠠ ᠭᠠᠵᠠᠷ ᠬᠡᠷᠡᠭᠯᠡᠯᠲᠡ ︵ᠲᠠᠯᠠᠪᠤᠷ ᠭᠠᠵᠠᠷ︶᠎ ᠶᠢ ᠪᠠᠲᠤᠯᠠᠬᠤ᠂ ᠡᠳ᠋ ᠤᠨ ᠵᠠᠰᠠᠭ ᠤᠨ ᠪᠡᠯᠡ ᠮᠥᠩᠭᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ᠂ ᠢᠵᠢ ᠪᠦᠷᠢᠳᠦᠭᠦᠯᠬᠦ ᠲᠥᠬᠦᠭᠡᠷᠦᠮᠵᠢ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠳᠡᠮᠵᠢᠯᠭᠡ ᠪᠠ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ