ᠣᠷᠳᠣᠰ ᠬᠤᠲᠠ ᠶᠢᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠡᠭᠦᠳᠴᠦ ︽ᠵᠢᠷᠭᠤᠭᠠᠨ ᠢᠨᠵᠧᠨᠧᠷᠢᠩ︾᠎ ᠳᠤ ᠬᠦᠴᠦᠨ ᠨᠡᠮᠡᠷᠢᠯᠡᠬᠦ 2024 ᠣᠨ ᠤ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ
ᠨᠡᠶᠢᠲᠡᠯᠡᠭᠰᠡᠨ ᠴᠠᠭ᠄
2025/3/25
ᠭᠤᠣᠯᠳᠠᠯᠭ᠎ᠠ ᠲᠠᠢ ᠡᠭᠦᠷᠭᠡ ︵ᠨᠢᠭᠡ︶ ᠵᠦᠷᠢᠶ᠎ᠠ ᠪᠠᠨ ᠡᠷᠢᠵᠦ ᠳᠤᠲᠠᠭᠤᠳᠠᠯ ᠢᠶᠠᠨ ᠨᠥᠬᠦᠪᠥᠷᠢᠯᠡᠬᠦ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ1. ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠰᠢᠭᠦᠬᠦ ᠬᠤᠷᠢᠶ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠲᠠᠮᠫᠤᠷᠠᠯ ᠤᠨ ᠰᠢᠢᠳᠪᠦᠷᠢᠯᠡᠯᠲᠡ ᠶᠢᠨ  ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠥᠨᠳᠥᠷ ᠪᠦᠲᠦᠮᠵᠢᠲᠡᠶ ᠠᠵᠢᠯᠯᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠳᠠᠮᠫᠤᠷᠠᠭᠰᠠᠨ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ︽ᠨᠢᠭᠡ ᠠᠵᠢᠯ ᠶᠠᠪᠤᠳᠠᠯ ᠭᠦᠢᠴᠡᠳᠭᠡᠬᠦ ︾᠎ ᠶᠢ ᠪᠡᠶᠡᠯᠡᠭᠦᠯᠦᠨ᠎ᠡ᠃ ᠳᠠᠮᠫᠤᠷᠠᠯ ᠤᠨ ᠰᠢᠭᠦᠨ ᠲᠠᠰᠤᠯᠤᠯᠲᠠ ᠶᠢᠨ ᠬᠠᠮᠲᠤᠷᠠᠨ ᠵᠥᠪᠯᠡᠬᠦ ᠲᠢᠩᠬᠢᠮ ᠢ ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠶᠢ ᠠᠬᠢᠭᠤᠯᠵᠤ᠂ ︽ᠭᠦᠢᠴᠡᠳᠭᠡᠬᠦ ᠬᠡᠷᠡᠭ ᠢ ᠲᠠᠮᠫᠤᠷᠠᠯ ᠤᠨ ᠬᠢᠨᠠᠨ ᠪᠠᠶᠢᠴᠠᠭᠠᠯᠲᠠ ᠬᠢᠯᠭᠡᠬᠦ ᠪᠠᠷ ᠰᠢᠯᠵᠢᠭᠦᠯᠬᠦ︾᠎ ᠶᠢ ᠶᠡᠭᠡ ᠪᠠᠷ ᠠᠬᠢᠭᠤᠯᠵᠤ᠂ ᠳᠠᠮᠫᠤᠷᠠᠯ ᠤᠨ ᠬᠡᠷᠡᠭ ᠢ ᠶᠠᠷᠰᠢᠭ ᠲᠠᠢ ᠬᠡᠷᠡᠭ ᠪᠠ ᠳᠥᠭᠦᠮ ᠬᠡᠷᠡᠭ ᠭᠡᠵᠦ ᠬᠤᠪᠢᠶᠠᠷᠢᠯᠠᠨ ᠰᠠᠯᠭᠠᠬᠤ᠂ ᠳᠥᠭᠦᠮ ᠬᠡᠷᠡᠭ ᠢ ᠲᠦᠷᠭᠡᠨ ᠰᠢᠭᠦᠬᠦ ᠲᠣᠭᠲᠠᠴᠠ ᠶᠢ ᠪᠦᠷᠢᠨᠰᠢᠭᠦᠯᠦᠨ᠎ᠡ᠃ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ︽ᠦᠨᠳᠦᠰᠦᠨ ᠱᠠᠲᠤᠨ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ︾ ᠠᠵᠢᠯᠯᠠᠭ᠎ᠠ ᠶᠢ ᠰᠠᠶᠢᠲᠤᠷ ᠬᠢᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠳᠠᠨᠵᠢᠯᠠᠵᠤ ᠪᠠᠯᠠ ᠳᠣᠭᠢᠷᠠᠭᠤᠯᠬᠤ ᠦᠢᠯᠡᠴᠢᠯᠡᠭᠡ ᠶᠢ ᠴᠢᠩᠭᠠᠳᠬᠠᠵᠤ᠂ ᠳᠠᠨᠵᠢᠯᠠᠬᠤ ᠠᠵᠤ ᠠᠬᠤᠶᠢᠯᠠᠯ ᠤᠨ ᠴᠠᠭᠠᠨ ᠨᠡᠷᠡᠰ ᠤᠨ ᠬᠤᠤᠰ ᠴᠢᠭᠯᠡᠯ ᠢᠶᠠᠷ ᠳᠡᠪᠰᠢᠭᠦᠯᠬᠦ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠢᠲᠡᠭᠡᠮᠵᠢ ᠶᠢ ᠦᠨᠡᠯᠡᠬᠦ ᠪᠠ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠡᠲᠡᠭᠡᠳ ᠲᠤ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠣᠨ ᠤ ᠬᠠᠤᠯᠢ ᠬᠡᠷᠡᠭᠵᠢᠭᠦᠯᠦᠭᠰᠡᠨ ᠮᠡᠳᠡᠭᠦᠯᠦᠯᠲᠡ ᠶᠢ ᠢᠯᠡ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠬᠢ ᠶᠢ ᠳᠡᠭᠡᠭᠰᠢᠯᠡᠭᠦᠯᠦᠨ᠎ᠡ᠃2. ᠳᠦᠷᠢᠮ ᠲᠣᠭᠲᠠᠭᠠᠯ ᠢ ᠰᠢᠯᠢᠳᠡᠭᠵᠢᠭᠦᠯᠦᠨ ᠳᠡᠰ ᠳᠡᠪᠰᠢᠭᠦᠯᠦᠨ᠎ᠡ᠃ ᠬᠡᠮᠵᠢᠨ ᠵᠢᠷᠤᠬᠤ ᠮᠡᠷᠭᠡᠵᠢᠯ ᠤᠨ ᠪᠠᠷᠢᠮᠵᠢᠶ᠎ᠠ ᠪᠠ ᠳᠦᠷᠢᠮ ᠢ ᠨᠢᠭᠡᠳᠭᠡᠵᠦ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠪᠠᠷᠢᠯᠭ᠎ᠠ ᠪᠠᠷᠢᠬᠤ᠂ ᠰᠢᠯᠭᠠᠨ ᠠᠪᠬᠤ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠵᠡᠷᠭᠡ ᠡᠯ᠎ᠡ ᠱᠠᠲᠤ ᠦᠶ᠎ᠡ ᠳᠤ ︽ᠨᠢᠭᠡ ᠯᠠ ᠤᠳᠠᠭ᠎ᠠ ᠨᠠᠶᠢᠳᠠᠬᠤ᠂ ᠨᠢᠭᠡᠳᠦᠯᠲᠡᠶ ᠬᠡᠮᠵᠢᠨ ᠵᠢᠷᠤᠬᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾᠎ ᠶᠢ ᠪᠡᠶᠡᠯᠡᠭᠦᠯᠦᠨ᠎ᠡ᠃ ᠬᠤᠲᠠ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠨᠡᠶᠢᠳᠡᠮ ᠪᠦᠷᠬᠦᠭᠦᠯᠬᠦ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ︽ᠠᠵᠢᠭᠯᠠᠬᠤ ᠬᠤᠭᠤᠴᠠᠭ᠎ᠠ︾᠎ ᠶᠢᠨ ᠲᠦᠷᠢᠮ ᠢ ᠰᠦᠪᠡᠭᠴᠢᠯᠡᠨ ᠪᠠᠶᠢᠭᠤᠯᠵᠤ᠂ ᠠᠩᠬ᠎ᠠ ᠤᠳᠠᠭ᠎ᠠ ᠬᠠᠤᠯᠢ ᠵᠥᠷᠢᠴᠡᠭᠰᠡᠨ ᠢ ᠤᠷᠢᠳᠴᠢᠯᠠᠨ ᠰᠡᠷᠡᠮᠵᠢᠯᠡᠭᠦᠯᠬᠦ᠂ ᠬᠠᠤᠯᠢ ᠶᠢ ᠬᠥᠩᠭᠡᠪᠲᠦᠷ ᠵᠥᠷᠢᠴᠡᠭᠰᠡᠨ ᠢ ᠮᠡᠳᠡᠭᠳᠡᠨ ᠠᠮᠠᠯᠠᠭᠤᠯᠬᠤ᠂ ᠨᠡᠶᠢᠭᠡᠮ ᠤᠨ ᠦᠢᠯᠡᠴᠢᠯᠡᠭᠡ ᠪᠠᠷ ᠵᠣᠭᠤᠰ ᠲᠣᠷᠭᠠᠬᠤ ᠶᠢ ᠣᠷᠤᠯᠠᠭᠤᠯᠤᠨ ᠪᠣᠳᠤᠬᠤ ᠵᠡᠷᠭᠡ ᠤᠶᠠᠨ ᠴᠢᠨᠠᠷᠲᠠᠶ ᠬᠠᠤᠯᠢ ᠬᠡᠷᠡᠭᠵᠢᠭᠦᠯᠬᠦ ᠲᠦᠷᠢᠮ ᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠴᠤᠭᠯᠠᠭᠤᠯᠵᠤ᠂ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠎ᠠ᠃ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠠᠵᠢᠯᠯᠠᠭᠤᠯᠵᠤ ᠪᠠᠲᠤᠯᠠᠬᠤ ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠴᠠᠬᠢᠯᠭᠠᠨ ᠵᠣᠭᠰᠣᠬᠤ ᠴᠠᠭ ᠪᠠ ᠤᠳᠠᠭ᠎ᠠ ᠶᠢ ᠪᠠᠭᠠᠰᠬᠠᠵᠤ᠂ ᠦᠨ᠎ᠡ ᠬᠠᠩᠰᠢ᠂ ᠬᠠᠩᠭᠠᠬᠤ ᠶᠢ ᠵᠣᠭᠰᠣᠭᠠᠬᠤ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃3. ᠲᠠᠪᠴᠠᠩ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ︽ᠠᠵᠤ ᠠᠬᠤᠶᠢᠯᠠᠯ ᠡᠷᠬᠢᠯᠡᠨ ᠬᠢᠬᠦ︾ ᠨᠢᠭᠡ ᠠᠵᠢᠯ ᠶᠠᠪᠤᠳᠠᠯ ᠢ ᠭᠦᠢᠴᠡᠳᠭᠡᠬᠦ ᠳᠤᠮᠳᠠ᠂ ᠭᠠᠶᠢᠯᠢ ᠡᠵᠡᠮᠳᠡᠬᠦ ᠲᠥᠬᠦᠭᠡᠷᠦᠮᠵᠢ ᠲᠠᠷᠬᠠᠭᠠᠬᠤ᠂ ᠪᠠᠷᠢᠮᠲᠠ ᠶᠢᠨ ᠪᠢᠯᠧᠲ ᠤᠨ ᠲᠥᠷᠥᠯ ᠢ ᠬᠢᠨᠠᠨ ᠲᠣᠭᠲᠠᠭᠠᠬᠤ᠂ ᠪᠠᠷᠢᠮᠲᠠ ᠶᠢᠨ ᠲᠤᠰᠬᠠᠶ ᠲᠠᠮᠠᠭ᠎ᠠ ᠶᠢ ᠬᠦᠴᠦᠨ ᠥᠬᠡᠶ ᠪᠣᠯᠭᠠᠵᠤ᠂ ᠳᠠᠩᠰᠠᠯᠠᠭᠰᠠᠨ ᠤ ᠳᠠᠷᠠᠭ᠎ᠠ ᠲᠣᠭᠠᠴᠢᠯᠠᠭᠰᠠᠨ ᠡᠯᠧᠺᠲᠷᠣᠨ ᠪᠠᠷᠢᠮᠲᠠ ᠶᠢᠨ ᠲᠤᠭ᠎ᠠ ᠬᠡᠮᠵᠢᠶ᠎ᠡ ᠶᠢ ᠥᠪᠡᠰᠦᠪᠡᠨ ᠣᠯᠭᠤᠵᠤ᠂ ᠪᠥᠬᠦ ᠲᠠᠯ᠎ᠠ ᠶᠢᠨ ᠲᠣᠭᠠᠴᠢᠯᠠᠭᠰᠠᠨ ᠡᠯᠧᠺᠲᠷᠣᠨ ᠪᠠᠷᠢᠮᠲᠠ ᠶᠢᠨ ᠬᠡᠷᠡᠭᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠷᠡᠭᠯᠡᠯᠲᠡ ᠶᠢᠨ ᠳᠠᠩᠰᠠᠯᠠᠨ ᠲᠡᠮᠳᠡᠭᠯᠡᠬᠦ ᠶᠢ ᠴᠢᠩᠭᠠᠳᠬᠠᠵᠤ᠂ ᠬᠤᠲᠠ᠂ ᠬᠤᠰᠢᠭᠤ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠵᠦᠢᠯᠡᠰ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠳᠥᠷᠪᠡᠨ ᠬᠤᠲᠠ ᠳᠤ ᠨᠡᠶᠢᠳᠡᠮ ᠭᠦᠢᠴᠡᠳᠭᠡᠬᠦ︾᠂ ︽ᠪᠦᠬᠦ ᠣᠷᠣᠨ ᠳᠤ ᠨᠡᠶᠢᠳᠡᠮ ᠭᠦᠢᠴᠡᠳᠭᠡᠬᠦ︾᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ᠃ ︽ᠬᠤᠷᠢᠶᠠᠪᠠᠰᠤ ᠵᠣᠬᠢᠬᠤ ᠳᠠᠩᠰᠠᠨ ᠳᠠᠬᠢ ᠵᠣᠭᠤᠰ ᠤᠨ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ︾᠎ ᠤᠨ ᠬᠡᠷᠡᠭᠯᠡᠯᠲᠡ ᠶᠢ ᠳᠡᠯᠭᠡᠷᠡᠭᠦᠯᠵᠦ᠂ ᠬᠤᠷᠢᠶᠠᠪᠠᠰᠤ ᠵᠣᠬᠢᠬᠤ ᠳᠠᠩᠰᠠᠨ ᠳᠠᠬᠢ ᠵᠣᠭᠤᠰ ᠤᠨ ᠪᠡᠯᠡ ᠲᠤᠬᠢᠷᠠᠭᠤᠯᠭ᠎ᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ︽ᠣᠶᠤᠨᠴᠢ ᠰᠢᠭᠦᠬᠦ ᠲᠢᠩᠬᠢᠮ︾᠎ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠶᠠᠪᠤᠴᠠ ᠶᠢᠨ ᠺᠣᠮᠫᠢᠦ᠋ᠲ᠋ᠧᠷᠴᠢᠯᠠᠭᠰᠠᠨ ᠬᠡᠷᠡᠭ ᠰᠢᠢᠳᠪᠦᠷᠢᠯᠡᠬᠦ ᠠᠵᠢᠯ ᠤᠨ ᠵᠠᠭᠪᠤᠷ ᠢ ᠠᠬᠢᠭᠤᠯᠤᠨ᠎ᠠ᠃ ︽ᠬᠥᠳᠡᠯᠥᠩᠭᠦᠢ ᠡᠮᠨᠡᠯᠭᠡ ᠶᠢᠨ ᠬᠤᠷᠢᠶ᠎ᠠ︾᠎ ᠶᠢᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠰᠢᠨᠵᠢᠯᠡᠬᠦ ᠤᠬᠠᠭᠠᠨᠴᠢᠯᠠᠭᠰᠠᠨ ᠤᠶᠤᠨᠴᠢᠯᠠᠭᠰᠠᠨ ᠲᠣᠨᠣᠭᠯᠠᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃︵ᠬᠤᠶᠠᠷ︶ ᠳᠡᠯᠡᠬᠡᠢ ᠶᠢᠨ ᠪᠠᠩᠬᠢ ᠶᠢᠨ ᠪᠠᠷᠢᠮᠵᠢᠶ᠎ᠠ ᠲᠠᠢ ᠬᠠᠷᠭᠤᠭᠤᠯᠵᠤ ᠲᠤᠰᠬᠠᠢ ᠳᠡᠭᠡᠭᠰᠢᠯᠡᠭᠦᠯᠬᠦ ᠠᠵᠢᠯᠯᠠᠭ᠎ᠠ 1. ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠃ ᠠᠵᠤ ᠠᠬᠤᠶᠢᠯᠠᠯ ᠤᠨ ᠡᠷᠬᠢᠯᠡᠨ ᠭᠦᠢᠴᠡᠳᠭᠡᠬᠦ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠵᠢᠷᠤᠮᠵᠢᠭᠰᠠᠨ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠲᠣᠭᠲᠠᠯᠴᠠᠭ᠎ᠠ ᠶᠢ ᠪᠣᠶ ᠪᠣᠯᠭᠠᠵᠤ᠂ ᠮᠡᠳᠡᠭᠡ ᠵᠠᠩᠭᠢ ᠶᠢᠨ ᠢᠯᠡ ᠲᠣᠳᠣ ᠬᠡᠮᠵᠢᠶ᠎ᠡ᠂ ᠬᠠᠮᠲᠤᠪᠠᠷ ᠡᠳ᠋ᠯᠡᠬᠦ ᠬᠡᠮᠵᠢᠶ᠎ᠡ᠂ ᠲᠥᠬᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠵᠡᠩᠨᠡᠯᠲᠡ ᠶᠢᠨ ᠭᠤᠣᠯ ᠴᠣᠭᠴᠠ ᠶᠢᠨ ᠰᠠᠭᠤᠭ᠎ᠠ ᠭᠠᠵᠠᠷ ᠢ ᠳᠡᠩᠰᠡᠯᠡᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠲᠥᠪᠯᠡᠷᠡᠭᠦᠯᠦᠨ ᠳᠡᠩᠰᠡᠯᠡᠨ ᠲᠡᠮᠳᠡᠭᠯᠡᠬᠦ ᠭᠠᠵᠠᠷ ᠢ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠵᠢᠷᠤᠮᠵᠢᠭᠤᠯᠵᠤ᠂ ᠲᠥᠪᠯᠡᠷᠡᠭᠦᠯᠦᠨ ᠳᠡᠩᠰᠡᠯᠡᠨ ᠲᠡᠮᠳᠡᠭᠯᠡᠬᠦ ᠭᠠᠵᠠᠷ ᠤᠨ ᠠᠵᠤ ᠠᠬᠤᠶᠢᠯᠠᠯ ᠤᠨ ᠬᠠᠤᠯᠢ ᠶᠢ ᠰᠠᠬᠢᠵᠤ ᠡᠵᠡᠩᠨᠡᠬᠦ ᠶᠢ ᠬᠥᠲᠥᠯᠥᠨ ᠵᠢᠯᠣᠭᠤᠳᠤᠨ᠎ᠠ᠃ ᠡᠵᠡᠩᠨᠡᠯᠲᠡ ᠶᠢᠨ ᠭᠤᠣᠯ ᠴᠣᠭᠴᠠ ᠶᠢᠨ ᠳᠡᠩᠰᠡᠯᠡᠨ ᠲᠡᠮᠳᠡᠭᠯᠡᠭᠰᠡᠨ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠶᠢ ᠴᠢᠩᠭᠠᠳᠬᠠᠵᠤ᠂ ᠡᠩ ᠤᠨ ᠠᠵᠤ ᠠᠬᠤᠶᠢᠯᠠᠯ ᠤᠨ ᠮᠡᠳᠡᠭᠡ ᠵᠠᠩᠭᠢ᠂ ᠠᠵᠤ ᠠᠬᠤᠶᠢᠯᠠᠯ ᠤᠨ ᠪᠦᠷᠢᠳᠬᠡᠯ ᠤᠨ ᠲᠤᠭ᠎ᠠ ᠪᠠᠷᠢᠮᠲᠠ ᠵᠡᠷᠭᠡ ᠠᠳᠠᠯ ᠦᠢᠯᠡᠰ ᠴᠣᠭᠴᠠᠯᠠᠬᠤ ᠬᠠᠮᠢᠶ᠎ᠠ ᠪᠦᠬᠦᠢ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠦᠷᠲᠡᠵᠦ ᠪᠣᠯᠬᠤ ᠪᠣᠯᠬᠤᠶᠢᠴᠠ ᠴᠢᠨᠠᠷ ᠪᠠ ᠢᠯᠡ ᠲᠣᠳᠣ ᠬᠡᠮᠵᠢᠶ᠎ᠡ ᠶᠢ ᠳᠡᠭᠡᠭᠰᠢᠯᠡᠭᠦᠯᠦᠨ᠂ ᠠᠳᠠᠯ ᠦᠢᠯᠡᠰ ᠴᠣᠭᠴᠠᠯᠠᠭᠴᠢ ᠳᠤ ᠠᠳᠠᠯ ᠦᠢᠯᠡᠰ ᠴᠣᠭᠴᠠᠯᠠᠬᠤ ᠯᠠᠪᠯᠠᠯᠲᠠ ᠬᠠᠩᠭᠠᠨ᠎ᠠ᠃ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠰᠢᠰᠲ᠋ᠧᠮ ᠳᠤ ᠲᠦᠰᠢᠭᠯᠡᠨ ︽ᠠᠵᠤ ᠠᠬᠤᠶᠢᠯᠠᠯ ᠤᠨ ᠺᠣᠳ᠋︾᠎ ᠢ ᠪᠣᠶ ᠪᠣᠯᠭᠠᠵᠤ᠂ ᠴᠠᠭᠠᠰᠤᠨ ᠡᠵᠡᠩᠨᠡᠯᠲᠡ ᠶᠢᠨ ᠦᠨᠡᠮᠯᠡᠯ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠶᠢ ᠨᠢᠭᠡᠳᠦᠯᠲᠡᠢ ᠠᠴᠢᠶᠠᠯᠠᠬᠤ ᠶᠢ ᠪᠡᠶᠡᠯᠡᠭᠦᠯᠦᠨ᠂ ᠡᠵᠡᠩᠨᠡᠯᠲᠡ ᠶᠢᠨ ᠭᠤᠣᠯ ᠴᠣᠭᠴᠠ ᠳᠤ ᠵᠢᠷᠤᠮᠵᠢᠭᠰᠠᠨ ᠪᠡᠶ᠎ᠡ ᠶᠢᠨ ᠬᠢᠷᠢ ᠬᠡᠮ ᠢ ᠰᠢᠯᠭᠠᠨ ᠪᠠᠲᠤᠯᠠᠬᠤ ᠵᠢᠴᠢ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠭᠠᠷᠭᠠᠨ ᠦᠵᠡᠭᠦᠯᠬᠦ ᠪᠠ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠬᠡᠷᠡᠭᠰᠡᠬᠦ ᠮᠡᠳᠡᠭᠡ ᠵᠠᠩᠭᠢ ᠶᠢ ᠥᠯᠥ ᠲᠠᠭᠯᠠᠬᠤ᠂ ᠴᠠᠭᠠᠰᠤᠨ ᠮᠠᠲ᠋ᠧᠷᠢᠶᠠᠯ ᠢ ᠥᠯᠥ ᠲᠤᠰᠢᠶᠠᠬᠤ ᠶᠢ ᠪᠠᠲᠤᠯᠠᠨ᠎ᠠ᠃ 2. ᠡᠵᠡᠩᠨᠡᠯᠲᠡ ᠶᠢᠨ ᠲᠠᠯᠠᠪᠤᠷ ᠢ ᠣᠯᠬᠤ᠃ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠬᠦᠮ ᠦᠵᠡᠭᠦᠯᠬᠦ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠵᠤ ᠲᠣᠭᠲᠠᠭᠠᠬᠤ ᠠᠴᠠ ᠦᠨᠡᠮᠯᠡᠯ ᠭᠠᠷᠭᠠᠬᠤ ᠬᠦᠷᠲᠡᠯᠡᠬᠢ ᠪᠥᠬᠦ ᠴᠤᠪᠤᠷᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠠᠬᠢᠭᠤᠯᠤᠨ᠎ᠠ᠃ ᠣᠨᠴᠠ ᠲᠣᠭᠲᠠᠭᠠᠭᠰᠠᠨ ᠲᠥᠷᠥᠯ ᠵᠦᠢᠯ ᠳᠤ ᠲᠤᠰᠠᠭᠠᠷ ᠰᠢᠯᠭᠠᠨ ᠠᠪᠬᠤ ᠶᠢ ᠥᠷᠨᠢᠭᠦᠯᠵᠦ᠂ ᠲᠥᠷᠥᠯ ᠵᠦᠢᠯ ᠤᠨ ᠵᠠᠷᠢᠮ ᠲᠠᠯ᠎ᠠ ᠶᠢ ᠤᠷᠢᠳᠠᠪᠠᠷ ᠪᠦᠲᠦᠭᠡᠨ ᠪᠠᠶᠢᠭᠤᠯᠵᠤ ᠬᠡᠷᠡᠭᠯᠡᠬᠦ ᠶᠢ ᠵᠥᠪᠰᠢᠶᠡᠷᠡᠨ᠎ᠡ᠃ ︽ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ + ᠪᠡᠷᠢᠴᠠᠭᠠᠨ ᠤ ᠳᠠᠩᠰᠠᠯᠠᠯᠲᠠ︾᠎ ᠶᠢᠨ ᠨᠢᠭᠡ ᠠᠵᠢᠯ ᠶᠠᠪᠤᠳᠠᠯ ᠢ ᠭᠦᠢᠴᠡᠳᠭᠡᠬᠦ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠵᠢᠯᠴᠠᠨ ᠬᠠᠮᠲᠤᠪᠠᠷ ᠡᠳ᠋ᠯᠡᠬᠦ ᠶᠢ ᠠᠬᠢᠭᠤᠯᠤᠨ᠂ ᠬᠤᠲᠠ ᠪᠠ ᠬᠤᠰᠢᠭᠤ ᠲᠣᠭᠤᠷᠢᠭ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠡᠷᠢᠴᠠᠭᠠᠨ ᠤ ᠳᠠᠩᠰᠠᠯᠠᠯᠲᠠ ᠬᠢᠯᠭᠡᠬᠦ ᠪᠠᠷ ︽ᠭᠦᠶᠦᠬᠦ ᠬᠡᠷᠡᠭ ᠦᠭᠡᠢ︾ ᠪᠣᠯᠭᠠᠨ᠎ᠠ᠃ 3. ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠦᠢᠯᠡᠴᠢᠯᠡᠭᠡ᠃ ᠬᠤᠷᠠᠮᠠᠯ ᠢᠶᠠᠷ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠪᠠ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠳᠥᠷᠪᠡᠨ ᠪᠠᠲᠤᠯᠠᠭ᠎ᠠ ᠶᠢᠨ ᠢᠨᠵᠧᠨᠧᠷᠢᠩ︾᠎ ᠢ ᠡᠮᠬᠢ ᠵᠢᠷᠤᠮ ᠲᠠᠢ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠤᠰᠤ ᠬᠡᠢ ᠳᠤᠯᠠᠭᠠᠯᠭ᠎ᠠ ᠵᠡᠷᠭᠡ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠬᠠᠩᠭᠠᠯᠭ᠎ᠠ ᠶᠢᠨ ᠶᠠᠰᠤ ᠴᠢᠨᠠᠷ᠂ ᠨᠠᠶᠢᠳᠠᠪᠤᠷᠢᠲᠤ ᠴᠢᠨᠠᠷ ᠪᠠ ᠤᠷᠳᠤ ᠬᠤᠭᠤᠴᠠᠭᠠᠨ ᠤ ᠦᠷᠭᠦᠯᠵᠢᠯᠡᠬᠦ ᠴᠢᠨᠠᠷ ᠢ ᠪᠦᠬᠦ ᠲᠠᠯ᠎ᠠ ᠪᠠᠷ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠴᠠᠬᠢᠯᠭᠠᠨ ᠲᠦᠭᠡᠭᠡᠬᠦ ᠲᠣᠣᠷ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠣᠭᠠᠴᠢᠯᠠᠭᠰᠠᠨ ᠴᠠᠬᠢᠯᠭᠠᠨ ᠬᠠᠩᠭᠠᠬᠤ ᠭᠠᠵᠠᠷ ᠤᠨ ᠥᠯᠢᠭᠡᠷ ᠬᠡᠪ ᠵᠠᠭᠪᠤᠷ ᠢ ᠪᠣᠶ ᠪᠣᠯᠭᠠᠵᠤ᠂ 500 ᠵᠤᠷᠪᠤᠰ ᠴᠠᠬᠢᠯᠭᠠᠨ ᠲᠦᠭᠡᠭᠡᠬᠦ ᠱᠤᠭᠤᠮ ᠤᠨ ᠰᠠᠭᠠᠳ ᠲᠣᠳᠬᠠᠷ ᠤᠨ ᠥᠪᠡᠰᠦᠪᠡᠨ ᠵᠠᠰᠠᠭᠳᠠᠬᠤ ᠶᠢ ᠪᠡᠶᠡᠯᠡᠭᠦᠯᠦᠨ᠎ᠡ᠃ ᠴᠠᠬᠢᠯᠭᠠᠨ ᠬᠦᠴᠦᠨ ᠤ ᠣᠶᠤᠨᠴᠢ ᠪᠠᠷ ᠱᠠᠯᠠᠪᠳᠠᠨ ᠵᠠᠰᠠᠬᠤ ᠵᠠᠭᠪᠤᠷ ᠢ ᠳᠡᠯᠭᠡᠷᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠣᠷᠤᠮᠠᠭᠴᠠ ︽ᠰᠢᠭᠤᠳ ᠤᠲᠠᠰᠤ ᠵᠠᠯᠭᠠᠨ ᠴᠠᠬᠢᠯᠭᠠᠨ ᠬᠡᠷᠡᠭᠯᠡᠬᠦ︾᠎ ᠶᠢ ᠬᠡᠷᠡᠭᠵᠢᠭᠦᠯᠦᠨ᠂ ᠰᠢᠨ᠎ᠡ ᠲᠥᠷᠥᠯ ᠵᠦᠢᠯ ᠢ ᠨᠤᠲᠤᠭᠰᠢᠭᠤᠯᠤᠭᠰᠠᠨ ᠬᠦᠷᠢᠶᠡᠯᠡᠩ ᠲᠣᠭᠤᠷᠢᠭ ᠲᠤ ᠨᠠᠭᠠᠲᠤ ᠵᠠᠬ᠎ᠠ ᠳᠠᠭᠠᠨ 1 ︽ᠰᠢᠭᠤᠳ ᠤᠲᠠᠰᠤ ᠵᠠᠯᠭᠠᠨ ᠴᠠᠬᠢᠯᠭᠠᠨ ᠬᠡᠷᠡᠭᠯᠡᠬᠦ︾ ᠳᠠᠭᠤᠷᠢᠶᠠᠯ ᠦᠵᠡᠭᠦᠯᠬᠦ ᠵᠢᠱᠢᠶ᠎ᠡ ᠲᠠᠢ ᠪᠣᠯᠬᠤ ᠶᠢ ᠠᠬᠢᠭᠤᠯᠤᠨ᠎ᠠ᠃ 4. ᠬᠥᠳᠡᠯᠮᠦᠷᠢ ᠠᠵᠢᠯ ᠣᠯᠭᠤᠯᠲᠠ᠃ ᠤᠯᠠᠨ ᠨᠡᠶᠢᠲᠡ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠴᠢᠳᠠᠮᠵᠢ ᠶᠢᠨ ᠪᠠᠶᠢᠭᠤᠯᠤᠯᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠪᠤᠴᠠ ᠶᠢ ᠨᠢᠭᠡᠳᠬᠡᠨ ᠵᠢᠷᠤᠮᠵᠢᠭᠤᠯᠵᠤ᠂ ᠡᠯ᠎ᠡ ᠲᠦᠷᠦᠯ ᠤᠨ ᠬᠠᠮᠲᠤ ᠴᠣᠭᠴᠠ ᠳᠤ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡ ᠪᠠ ᠬᠥᠳᠡᠯᠮᠦᠷᠢ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠴᠢᠳᠠᠮᠵᠢ ᠲᠡᠭᠦᠯᠳᠡᠷ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠡᠯᠬᠢᠶᠡᠵᠢᠯ ᠤᠨ  ᠴᠤᠭᠯᠠᠷᠠᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠬᠢᠨᠠᠨ ᠪᠠᠶᠢᠴᠠᠭᠠᠯᠲᠠ᠂ ᠬᠥᠨᠳᠡᠯᠡᠨ ᠠᠴᠠ ᠲᠠᠰᠤᠯᠬᠤ ᠶᠢᠨ ︽ᠨᠢᠭᠡ ᠯᠡ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ︾᠎ ᠶᠢ ᠭᠦᠨᠵᠡᠭᠡᠶᠢᠷᠡᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠴᠢᠨᠠᠷᠵᠢᠯ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ 5. ᠮᠥᠩᠭᠦᠨ ᠭᠦᠢᠯᠭᠡᠭᠡᠨ ᠤ ᠦᠢᠯᠡᠴᠢᠯᠡᠭᠡ᠃ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠪᠡᠯᠡ ᠲᠣᠬᠢᠷᠠᠭᠤᠯᠭ᠎ᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠠᠮᠤᠷᠬᠤ ᠬᠡᠪᠴᠢᠶ᠎ᠡ᠂ ᠭᠥᠷᠳᠡᠵᠦ ᠪᠣᠯᠬᠤᠶᠢᠴᠠ ᠴᠢᠨᠠᠷ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠵᠣᠷᠢᠭᠲᠠᠢ ᠪᠠᠷ ᠵᠢᠭᠡᠯᠡᠯᠭᠡ ᠲᠠᠯᠪᠢᠬᠤ᠂ ᠳᠤᠷᠠᠲᠠᠶ᠎ᠠ ᠵᠢᠭᠡᠯᠡᠯᠭᠡ ᠲᠠᠯᠪᠢᠬᠤ᠂ ᠵᠢᠭᠡᠯᠡᠯᠭᠡ ᠲᠠᠯᠪᠢᠬᠤ ᠬᠢᠷᠢ ᠬᠡᠮ ᠲᠠᠢ᠂ ᠵᠢᠭᠡᠯᠡᠵᠦ ᠴᠢᠳᠠᠬᠤ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠪᠠ ᠵᠢᠭᠡᠯᠡᠯᠭᠡ ᠶᠢ ᠬᠢᠨᠠᠨ ᠵᠥᠪᠰᠢᠶᠡᠷᠡᠵᠦ ᠵᠢᠭᠡᠯᠡᠯᠭᠡ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ ᠬᠡᠮᠵᠢᠶ᠎ᠡ ᠶᠢ ᠨᠡᠮᠡᠭᠳᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠨᠢᠭᠡᠳᠦᠯᠲᠡᠢ ᠳᠡᠩᠰᠡᠯᠡᠨ ᠢᠯᠡ ᠨᠡᠶᠢᠲᠡᠯᠡᠬᠦ ᠰᠢᠰᠲ᠋ᠧᠮ ᠤᠨ ᠴᠢᠳᠠᠮᠵᠢ ᠶᠢ ᠰᠢᠯᠢᠳᠡᠭᠵᠢᠭᠦᠯᠵᠦ᠂ ᠳᠡᠩᠰᠡᠯᠡᠨ ᠲᠡᠮᠳᠡᠭᠯᠡᠬᠦ ᠪᠠ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠦᠨ᠎ᠡ᠃ 6. ᠤᠯᠠᠨ ᠤᠯᠤᠰ ᠤᠨ ᠠᠷᠠᠯᠵᠢᠶ᠎ᠠ᠃ ᠣᠷᠣᠨ ᠪᠠᠶᠢᠷᠢ ᠶᠢᠨ ᠬᠥᠭᠵᠢᠯᠲᠡ ᠶᠢᠨ ᠳᠠᠪᠠᠭᠤᠯᠢᠭ ᠲᠤ ᠰᠠᠭᠤᠷᠢᠯᠠᠨ᠂ ᠨᠡᠭᠡᠭᠡᠯᠲᠡ ᠬᠢᠬᠦ ᠶᠢ ᠥᠷᠭᠡᠳᠬᠡᠬᠦ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠬᠡᠷᠡᠭᠵᠢᠭᠦᠯᠦᠯᠲᠡ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ︵ᠥᠪᠥᠷ ᠮᠣᠩᠭᠤᠯ︶᠎ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠣᠷᠳᠣᠰ ᠤᠨ ᠣᠷᠣᠨ ᠬᠡᠰᠡᠭ ᠢ ᠡᠭᠦᠳᠦᠨ ᠪᠠᠶᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠡᠵᠡᠩᠨᠡᠯᠲᠡ ᠶᠢᠨ ᠺᠣᠮᠫᠠᠨᠢ ᠶᠢ ᠵᠣᠬᠢᠶᠠᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭᠤᠨ ᠱᠤᠭᠤᠮ ᠢ ᠨᠡᠪᠲᠡᠷᠡᠭᠦᠯᠬᠦ ᠠᠵᠢᠯ ᠢ ᠡᠬᠢᠯᠡᠭᠦᠯᠦᠨ᠎ᠡ᠃ ᠭᠠᠳᠠᠭᠠᠳᠤ ᠳᠤ ᠭᠠᠷᠭᠠᠬᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠦᠨᠡᠮᠯᠡᠯ ᠤᠨ ︽ᠡᠭᠦᠯᠡ ᠪᠠᠷ ᠭᠠᠷ ᠤᠨ ᠥᠰᠥᠭ ᠵᠢᠷᠤᠵᠤ ᠣᠯᠭᠤᠬᠤ︾ ᠵᠠᠭᠪᠤᠷ ᠢ ᠬᠡᠷᠡᠭᠵᠢᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠪᠤᠳᠠᠲᠠᠶᠢᠵᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠵᠢᠷᠤᠭ ᠤᠨ ᠵᠢᠭᠰᠠᠯ ᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠤᠲᠠ ᠶᠢᠨ ᠰᠢᠭᠤᠳ ᠬᠠᠷᠢᠶ᠎ᠠ ᠠᠵᠤ ᠦᠢᠯᠡᠰ ᠤᠨ ᠬᠡᠯᠬᠢᠶ᠎ᠡ ᠶᠢᠨ ᠲᠦᠷᠦᠭᠦᠯᠡᠬᠦ ᠰᠠᠯᠠᠭ᠎ᠠ ᠮᠥᠴᠢᠷ ᠤᠨ ︽ᠨᠢᠭᠡ ᠳᠤ ᠨᠢᠭᠡ︾᠎ ᠶᠢᠨ ᠳᠠᠭᠠᠭᠠᠴᠢᠯᠠᠨ ᠬᠤᠯᠪᠣᠭᠠᠯᠠᠬᠤ ᠬᠤᠰᠢᠭᠤ ᠲᠣᠭᠤᠷᠢᠭ ᠪᠠ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ᠂ ᠠᠵᠢᠯ ᠳᠠᠭᠤᠰᠤᠭᠰᠠᠨ ᠨᠣᠷᠮ᠎ᠠ᠂ ᠪᠡᠯᠡ ᠮᠥᠩᠭᠦ ᠶᠢᠨ ᠪᠣᠳᠠᠲᠠᠶᠢᠵᠢᠭᠰᠠᠨ ᠨᠣᠷᠮ᠎ᠠ ᠶᠢ ᠰᠢᠯᠭᠠᠨ ᠬᠢᠨᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ 7. ᠭᠠᠶᠢᠯᠢ ᠲᠤᠰᠢᠶᠠᠬᠤ᠃ ᠭᠠᠶᠢᠯᠢ ᠲᠤᠰᠢᠶᠠᠬᠤ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠭᠡᠵᠦ᠂ ᠭᠠᠶᠢᠯᠢ ᠲᠤᠰᠢᠶᠠᠬᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠠᠶᠢᠯᠢ ᠲᠠᠲᠠᠪᠤᠷᠢ ᠶᠢ ᠤᠷᠢᠳᠠᠪᠠᠷ ᠬᠢᠨᠠᠨ ᠲᠠᠰᠤᠯᠬᠤ ᠳᠦᠷᠢᠮ ᠵᠢᠴᠢ ᠠᠵᠢᠯ ᠤᠨ ᠵᠢᠷᠤᠮ ᠢ ᠪᠠᠶᠢᠭᠤᠯᠤᠨ᠎ᠠ᠃ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ ᠳᠤ ︽ᠨᠢᠭᠡ ᠲᠥᠷᠥᠯ ᠵᠦᠢᠯ ᠨᠢᠭᠡ ᠪᠦᠯᠬᠦᠮ ᠨᠡᠶᠢᠲᠡ︾᠎ ᠶᠢᠨ ᠪᠥᠬᠦ ᠴᠤᠪᠤᠷᠠᠯ ᠤᠨ ᠬᠠᠮᠢᠶᠠᠷᠤᠯᠲᠠ ᠶᠢᠨ ᠮᠠᠶ᠋ᠢᠭ ᠤᠨ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠵᠢᠯᠤᠭᠤᠳᠬᠤ ᠦᠢᠯᠡᠴᠢᠯᠡᠭᠡ ᠶᠢ ᠬᠡᠷᠡᠭᠵᠢᠭᠦᠯᠦᠨ᠎ᠡ᠃ ︽ᠡᠭᠦᠯᠡᠨᠴᠢᠷ ᠭᠠᠶᠢᠯᠢ ᠶᠢᠨ ᠶᠠᠪᠤᠳᠠᠯ ᠤᠨ ᠬᠠᠪᠰᠤᠷᠤᠨ ᠵᠢᠯᠤᠭᠤᠳᠬᠤ ᠲᠥᠪ︾᠎ ᠢ ᠪᠠᠶᠢᠭᠤᠯᠵᠤ᠂ ᠭᠠᠶᠢᠯᠢ ᠳᠤ ᠬᠤᠯᠪᠣᠭᠳᠠᠬᠤ ᠦᠢᠯᠡᠴᠢᠯᠡᠭᠡᠨ ᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠦᠨ᠂ ᠬᠥᠮᠥᠨ ᠠᠮᠠ ᠬᠠᠷᠢᠴᠠᠩᠭᠤᠢ ᠪᠠᠷ ᠨᠢᠭᠲᠠᠷᠠᠭᠰᠠᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠡᠭᠦᠯᠡᠨᠴᠢᠷ ᠭᠠᠶᠢᠯᠢ ᠶᠢᠨ ᠶᠠᠪᠤᠳᠠᠯ ᠤᠨ ᠬᠠᠪᠰᠤᠷᠤᠨ ᠵᠢᠯᠤᠭᠤᠳᠬᠤ ᠴᠡᠭ ᠪᠠᠶᠢᠭᠤᠯᠵᠤ᠂ ᠠᠯᠤᠰ ᠬᠢᠵᠠᠭᠠᠷ ᠭᠠᠵᠠᠷ ᠣᠷᠣᠨ ᠤ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠳᠤ ᠲᠥᠬᠦᠮ ᠦᠵᠡᠭᠦᠯᠦᠨ᠎ᠡ᠃ 8. ᠬᠤᠳᠠᠯᠳᠤᠭᠠᠨ ᠤ ᠵᠢᠭᠤᠷᠠᠯᠳᠤᠭᠠᠨ ᠢ ᠰᠢᠢᠳᠪᠦᠷᠢᠯᠡᠬᠦ᠃ ᠬᠠᠤᠯᠢ ᠪᠠᠷ ᠵᠠᠰᠠᠬᠤ ᠠᠵᠢᠯ ᠤᠨ ᠦᠨᠳᠦᠰᠦ ᠰᠠᠭᠤᠷᠢ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠭᠤᠨ ᠪᠠᠶᠢᠯᠭᠠᠬᠤ᠂ ᠠᠯᠤᠰ ᠬᠡᠲᠦ ᠳᠤ ᠠᠰᠢᠭᠲᠠᠢ ᠪᠠᠶᠢᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭᠠᠨ ᠤ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠦᠨ᠎ᠡ᠃ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠵᠢᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠷᠭᠤ ᠶᠢᠨ ᠪᠤᠰᠤ ᠮᠠᠷᠭᠤᠯᠳᠤᠭᠠᠨ ᠢ ᠰᠢᠢᠳᠪᠦᠷᠢᠯᠡᠬᠦ ᠲᠥᠪ ᠤᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠶᠡᠳᠡᠭᠦᠯᠬᠦ ᠠᠷᠭ᠎ᠠ ᠵᠠᠮ ᠢᠶᠠᠷ ᠳᠠᠮᠵᠢᠭᠤᠯᠤᠨ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠰᠢᠢᠳᠪᠦᠷᠢᠯᠡᠬᠦ ᠬᠡᠷᠡᠭ ᠤᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠵᠠᠭᠠᠯᠳᠤᠯᠭ᠎ᠠ ᠪᠠ ᠡᠶᠡᠳᠡᠭᠦᠯᠦᠭᠡ ᠶᠢᠨ ᠵᠣᠯᠭᠠᠭᠤᠯᠬᠤ ᠲᠠᠪᠴᠠᠩ ᠢ ᠪᠠᠶᠢᠭᠤᠯᠵᠤ᠂ ᠰᠢᠭᠦᠬᠦ ᠬᠤᠷᠢᠶᠠᠨ ᠤ ᠲᠤᠰᠬᠠᠢ ᠲᠤᠰᠢᠶᠠᠯᠲᠤ ᠡᠶᠡᠳᠡᠭᠦᠯᠦᠭᠴᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠶᠢ ᠰᠠᠯᠭᠠᠨ ᠲᠣᠬᠢᠷᠠᠭᠤᠯᠬᠤ ᠨᠤᠷᠮ᠎ᠠ ᠪᠠ ᠵᠠᠭᠠᠯᠳᠤᠬᠤ ᠠᠴᠠ ᠡᠮᠦᠨᠡᠬᠢ ᠡᠶᠡᠳᠡᠭᠦᠯᠵᠦ ᠪᠦᠲᠦᠭᠰᠡᠨ ᠨᠤᠷᠮ᠎ᠠ ᠶᠢ ᠳᠡᠭᠡᠭᠰᠢᠯᠡᠭᠦᠯᠦᠨ᠎ᠡ᠃ 9. ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠵᠦ ᠬᠡᠷᠡᠭᠯᠡᠬᠦ ᠪᠠ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠬᠥᠭᠵᠢᠭᠡᠨ᠂ ᠳᠠᠯᠳᠠ ᠴᠢᠨᠠᠷᠲᠠᠢ ᠪᠠᠬᠢᠯᠡᠯᠲᠡ ᠶᠢ ᠡᠪᠳᠡᠵᠦ᠂ ᠡᠷᠬᠡ ᠲᠡᠭᠰᠢ ᠲᠥᠪ ᠭᠤᠥᠯᠴᠢ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠪᠣᠶ ᠪᠣᠯᠭᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠲᠤᠷᠠᠨ ᠬᠠᠮᠠᠭᠠᠯᠠᠬᠤ ᠠᠯᠪᠠᠨ ᠭᠡᠷ ᠢ ᠪᠠᠶᠢᠭᠤᠯᠵᠤ᠂ ᠪᠥᠬᠦ ᠬᠤᠲᠠ ᠶᠢᠨ ᠣᠷᠣᠨ ᠨᠤᠲᠤᠭ ᠤᠨ ᠨᠠᠷᠠᠲᠤ ᠲᠥᠷᠥᠯ ᠲᠡᠮᠳᠡᠭᠲᠦ ᠳᠤ ᠬᠠᠮᠲᠤᠷᠠᠨ ᠬᠠᠮᠠᠭᠠᠯᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠤ ᠲᠤᠰᠬᠠᠢ ᠠᠰᠢᠭ ᠢᠶᠠᠷ ᠵᠢᠯᠣᠭᠤᠳᠤᠭᠤᠯᠬᠤ ᠶᠢ ᠥᠷᠨᠢᠭᠦᠯᠵᠦ᠂ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠤᠳᠠᠯᠳᠤᠨ ᠠᠪᠤᠭᠴᠢ ᠶᠢᠨ ᠵᠥᠷᠢᠶᠡᠲᠦ ᠭᠠᠳᠠᠭᠤᠷᠴᠢᠯᠠᠯ ᠤᠨ ᠵᠦᠢᠯ ᠵᠤᠷᠪᠤᠰ ᠭᠠᠷᠭᠠᠬᠤ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠬᠠᠩᠭᠠᠯᠭ᠎ᠠ ᠶᠢᠨ ᠠᠷᠠᠯᠵᠢᠶᠠᠴᠢᠨ ᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ᠂ ᠬᠠᠩᠭᠠᠯᠭ᠎ᠠ ᠶᠢᠨ ᠠᠷᠠᠯᠵᠢᠶᠠᠴᠢᠨ ᠤ ᠳᠠᠭᠠᠭᠠᠴᠢᠯᠠᠯᠲᠠ ᠵᠠᠷᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ ᠴᠠᠷᠠᠭ᠎ᠠ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠵᠦ᠂ ᠪᠠᠶᠢᠩᠭᠤ ᠶᠢᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠠᠯᠢ ᠣᠯᠠᠨ ᠠᠷᠠᠯᠵᠢᠶ᠎ᠠ︾᠎ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠰᠤᠳᠤᠯᠤᠨ ᠮᠠᠭᠠᠳᠯᠠᠬᠤ ᠰᠢᠰᠲ᠋ᠧᠮ ᠢ ᠪᠠᠶᠢᠭᠤᠯᠤᠨ ᠪᠦᠲᠦᠭᠡᠬᠦ ᠶᠢᠨ ᠬᠠᠮᠲᠤ ᠬᠡᠷᠡᠭᠯᠡᠵᠦ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠠᠷᠢᠯᠢᠭ ᠣᠨᠣᠴᠠᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ 10. ᠳᠠᠮᠫᠤᠷᠠᠯ ᠤᠨ ᠶᠠᠪᠤᠳᠠᠯ ᠢ ᠭᠦᠢᠴᠡᠳᠭᠡᠬᠦ᠃ ᠳᠠᠮᠫᠤᠷᠠᠯ ᠤᠨ ᠶᠠᠪᠤᠳᠠᠯ ᠢ ᠭᠦᠢᠴᠡᠳᠭᠡᠬᠦ ᠴᠢᠨᠠᠷᠵᠢᠯ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠨᠳᠥᠷ ᠪᠦᠲᠦᠮᠵᠢᠲᠡᠶ ᠪᠠᠷ ᠲᠠᠬᠢᠨ ᠴᠡᠭᠴᠡᠯᠡᠬᠦ ᠪᠠ ᠡᠮᠬᠢ ᠵᠢᠷᠤᠮ ᠲᠠᠢ ᠪᠠᠷ ᠤᠬᠤᠷᠢᠨ ᠭᠠᠷᠬᠤ ᠳᠤ ᠰᠠᠶᠢᠨ ᠰᠠᠶᠢᠬᠠᠨ ᠳᠦᠷᠢᠮ ᠤᠨ ᠪᠠᠲᠤᠯᠠᠭ᠎ᠠ ᠬᠠᠩᠭᠠᠵᠤ᠂ ᠠᠪᠴᠠᠭᠠᠲᠠᠨ ᠪᠠ ᠥᠭᠴᠡᠭᠡᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠳᠠᠮᠫᠤᠷᠠᠯ ᠤᠨ ᠰᠢᠭᠦᠨ ᠲᠠᠰᠤᠯᠬᠤ ᠰᠠᠯᠠᠭ᠎ᠠ ᠮᠥᠴᠢᠷ ᠪᠣᠯᠣᠨ ᠭᠦᠢᠴᠡᠳᠬᠡᠬᠦ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠲᠣᠭᠲᠠᠴᠠ ᠶᠢ ᠪᠠᠶᠢᠭᠤᠯᠤᠨ᠎ᠠ᠃ ᠳᠠᠮᠫᠤᠷᠠᠯ ᠤᠨ ᠲᠠᠪᠴᠠᠩ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠠᠮᠫᠤᠷᠠᠯ ᠤᠨ ᠡᠳ᠋ ᠬᠥᠷᠥᠩᠭᠡ ᠶᠢᠨ ᠪᠢᠲᠡᠭᠦᠮᠵᠢᠯᠡᠯ ᠢ ᠲᠠᠶᠢᠯᠬᠤ ᠰᠢᠢᠳᠪᠦᠷᠢᠯᠡᠯᠲᠡ ᠶᠢᠨ ᠳᠥᠭᠦᠮᠴᠢᠯᠡᠯᠲᠡ ᠶᠢ ᠠᠬᠢᠭᠤᠯᠵᠤ᠂ ᠳᠠᠮᠫᠤᠷᠠᠯ ᠤᠨ ᠡᠳ᠋ ᠬᠥᠷᠥᠩᠭᠡ ᠶᠢ ᠤᠯᠠᠨ ᠡᠰᠢᠵᠢᠭᠦᠯᠦᠨ ᠰᠢᠢᠳᠪᠦᠷᠢᠯᠡᠬᠦ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ ᠲᠠᠬᠢᠨ ᠴᠡᠭᠴᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠦᠴᠢᠷᠳᠡᠯ ᠲᠠᠢ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠠᠪᠤᠷᠠᠬᠤ ᠡᠷᠴᠢᠮ ᠢᠶᠠᠨ ᠴᠢᠩᠭᠠᠷᠠᠭᠤᠯᠤᠨ᠎ᠠ᠃ ᠤᠷᠢᠳᠴᠢᠯᠠᠨ ᠳᠠᠬᠢᠨ ᠴᠡᠭᠴᠡᠯᠡᠬᠦ᠂ ᠲᠥᠬᠦᠮ ᠠᠪᠰᠠᠷᠬᠠᠨ ᠢᠶᠠᠷ ᠳᠠᠬᠢᠨ ᠴᠡᠭᠴᠡᠯᠡᠬᠦ ᠳᠦᠷᠢᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠵᠠᠰᠠᠭ ᠤᠨ ᠣᠷᠳᠣᠨ ᠪᠠ ᠰᠢᠭᠦᠬᠦ ᠬᠤᠷᠢᠶ᠎ᠠ ᠶᠢᠨ ᠰᠠᠶᠢᠨ ᠨᠥᠬᠦᠴᠡᠯᠳᠦᠭᠰᠡᠨ ᠤᠷᠢᠳᠴᠢᠯᠠᠨ ᠳᠠᠬᠢᠨ ᠴᠡᠭᠴᠡᠯᠡᠬᠦ ᠲᠣᠭᠲᠠᠴᠠ ᠶᠢ ᠴᠢᠷᠮᠠᠶᠢᠨ ᠪᠠᠶᠢᠭᠤᠯᠵᠤ᠂ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠪᠣᠯᠭᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠲᠠᠮᠫᠤᠷᠠᠭᠠᠳ ᠲᠠᠬᠢᠨ ᠴᠡᠭᠴᠡᠯᠡᠭᠰᠡᠨ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︵ᠭᠤᠷᠪᠠ︶ ᠳᠤᠯᠠᠭᠠᠨ ᠬᠤᠲᠠ ᠳᠤᠯᠠᠭᠠᠨ ᠠᠵᠤ ᠠᠬᠤᠶᠢᠯᠠᠯ ᠤᠨ ᠲᠤᠰᠬᠠᠢ ᠳᠡᠭᠡᠭᠰᠢᠯᠡᠭᠦᠯᠬᠦ ᠠᠵᠢᠯᠯᠠᠭ᠎ᠠ 1. ᠵᠠᠰᠠᠭ ᠤᠨ ᠶᠠᠪᠤᠳᠠᠯ ᠤᠨ ᠦᠢᠯᠡᠴᠢᠯᠡᠭᠡ᠃ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠢᠯᠢᠳᠡᠭ ᠦᠢᠯᠡᠴᠢᠯᠡᠭᠡ ᠪᠠᠷ ᠨᠡᠩ ᠤᠯᠠᠨ ᠡᠵᠡᠩᠨᠡᠯᠲᠡ ᠶᠢᠨ ᠪᠡᠶᠡᠴᠢ ᠴᠣᠭᠴᠠ ᠳᠤ ᠠᠰᠢᠭ ᠬᠦᠷᠲᠡᠭᠡᠬᠦ ᠶᠢ ᠠᠬᠢᠭᠤᠯᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠲᠡᠷᠢᠭᠦᠨ ᠤ 12345 ᠬᠠᠯᠠᠮᠰᠢᠯ ᠤᠲᠠᠰᠤ ᠪᠠᠷ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ ᠳᠠᠷᠤᠢ ᠳᠤ ᠨᠢ ᠰᠢᠢᠳᠪᠦᠷᠢᠯᠡᠬᠦ ᠲᠣᠭᠠᠴᠢᠯᠠᠭᠰᠠᠨ ᠣᠶᠤᠨᠴᠢ ᠨᠢᠭᠡ ᠴᠣᠭᠴᠠᠵᠢᠭᠰᠠᠨ ᠲᠠᠪᠴᠠᠩ ᠢ ᠪᠠᠶᠢᠭᠤᠯᠵᠤ᠂ ᠨᠡᠩ ᠣᠶᠤᠨᠴᠢ᠂ ᠳᠥᠭᠦᠮ ᠳᠥᠲᠡ᠂ ᠥᠨᠳᠥᠷ ᠪᠦᠲᠦᠮᠵᠢᠲᠡᠶ ᠳᠤᠯᠠᠭᠠᠨ ᠬᠤᠳᠠ ᠶᠢᠨ ᠵᠣᠴᠢᠳ ᠤᠨ ᠶᠡᠷᠦᠩᠬᠡᠢ ᠦᠢᠯᠡᠴᠢᠯᠡᠭᠡ ᠶᠢ ᠪᠤᠢ ᠪᠣᠯᠭᠠᠨ᠎ᠠ᠃ ︽ᠢᠲᠡᠭᠡᠮᠵᠢᠲᠦ +︾᠎ ᠶᠢᠨ ᠬᠢᠨᠠᠨ ᠵᠥᠪᠰᠢᠶᠡᠷᠡᠯ ᠢ ᠢᠳᠡᠪᠬᠢᠲᠡᠢ ᠥᠷᠨᠢᠭᠦᠯᠵᠦ᠂ ︽ᠢᠲᠡᠭᠡᠮᠵᠢᠲᠦ + ᠳᠠᠷᠤᠢ ᠵᠥᠪᠰᠢᠶᠡᠷᠡᠵᠦ ᠳᠠᠷᠤᠢ ᠭᠦᠢᠴᠡᠳᠬᠡᠬᠦ ︾᠂ ︽ᠢᠲᠡᠭᠡᠮᠵᠢᠲᠦ + ᠮᠠᠲ᠋ᠧᠷᠢᠶᠠᠯ ᠪᠦᠷᠢᠨ ᠪᠤᠰᠤ ᠴᠦ ᠭᠥᠯᠢᠶᠡᠨ ᠠᠪᠴᠤ ᠰᠢᠢᠳᠪᠦᠷᠢᠯᠡᠬᠦ︾᠂ ︽ᠢᠲᠡᠭᠡᠮᠵᠢᠲᠦ + ᠮᠡᠳᠡᠭᠳᠡᠬᠦ ᠠᠮᠠᠯᠠᠯᠲᠠ︾᠎ ᠶᠢᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠡᠷᠡᠭᠵᠢᠭᠦᠯᠵᠦ᠂ ︽ᠮᠥᠩᠬᠡ ᠰᠤᠪᠠᠭ · ᠣᠷᠳᠣᠰ ᠰᠤᠪᠠᠭ︾᠎ ᠤᠨ ᠰᠢᠯᠵᠢᠮᠡᠯ ᠣᠨᠴᠠᠯᠢᠭᠲᠤ ᠬᠡᠷᠡᠭᠯᠡᠭᠡᠨ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠪᠡᠰᠦᠪᠡᠨ ᠦᠢᠯᠡᠴᠢᠯᠡᠬᠦ ᠦᠵᠦᠭᠦᠷ ᠤᠨ ᠠᠭᠤᠯᠭ᠎ᠠ ᠶᠢᠨ ᠬᠠᠩᠭᠠᠯᠭ᠎ᠠ ᠶᠢ ᠴᠢᠩᠭᠠᠳᠬᠠᠵᠤ᠂ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠦᠨᠳᠦᠰᠦᠨ ᠱᠠᠲᠤ ᠪᠠ ᠬᠦᠷᠢᠶᠡᠯᠡᠩ ᠲᠣᠭᠤᠷᠢᠭ ᠳᠠᠰᠢ ᠤᠷᠲᠤᠳᠬᠠᠬᠤ ᠶᠢ ᠠᠬᠢᠭᠤᠯᠤᠨ᠎ᠠ᠃ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠪᠠ ᠲᠥᠷᠥᠯ ᠵᠦᠢᠯ ᠤᠨ ᠲᠤᠰᠬᠠᠢ ᠲᠤᠰᠢᠶᠠᠯᠲᠠᠨ ᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ︽ᠭᠡᠷᠡᠴᠢᠯᠡᠬᠦ ᠮᠠᠲ᠋ᠧᠷᠢᠶᠠᠯ ᠢᠶᠠᠨ ᠥᠪᠡᠷ ᠢᠶᠠᠨ ᠭᠠᠷᠭᠠᠵᠤ ᠠᠪᠴᠢᠷᠠᠬᠤ ᠬᠡᠷᠡᠭ ᠦᠭᠡᠢ ᠬᠤᠲᠠ ︾᠎ ᠶᠢ ᠲᠦᠷᠭᠡᠳᠬᠡᠨ ᠪᠠᠶᠢᠭᠤᠯᠵᠤ᠂ ᠪᠡᠶ᠎ᠡ ᠶᠢᠨ ᠭᠠᠷᠤᠯ ᠤᠨ ︽ᠡᠯᠧᠺᠲᠷᠣᠨ ᠺᠣᠳ᠋︾᠎ ᠤᠨ ᠬᠡᠷᠡᠭᠯᠡᠭᠡᠨ ᠤ ᠲᠠᠯᠠᠪᠤᠷ ᠢ ᠥᠷᠭᠡᠳᠭᠡᠵᠦ᠂ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠬᠦᠷᠢᠶ᠎ᠡ ᠪᠠ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠬᠡᠪᠴᠢᠶ᠎ᠡ ᠶᠢ ᠥᠷᠭᠡᠳᠬᠡᠨ᠎ᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠨᠠᠷᠢᠯᠢᠭ ᠣᠨᠣᠴᠠᠲᠠᠢ ᠪᠠᠷ ᠠᠬᠢᠭᠤᠯᠵᠤ᠂ ᠭᠤᠶᠤᠴᠢᠯᠠᠬᠤ ᠦᠭᠡᠢ ᠪᠠᠷ ᠣᠯᠭᠤᠬᠤ︾᠎ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠨᠢᠭᠡ ᠥᠷᠲᠡᠭᠡᠴᠢᠯᠡᠭᠰᠡᠨ ᠮᠠᠶ᠋ᠢᠭ︾᠎ ᠤᠨ ᠦᠢᠯᠡᠴᠢᠯᠡᠭᠡᠨ ᠤ ᠲᠤᠰᠬᠠᠢ ᠣᠷᠣᠨ ᠭᠠᠷᠭᠠᠨ᠎ᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ᠂ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠦᠨᠡᠯᠡᠨ ᠵᠢᠱᠢᠬᠦ ᠶᠢᠨ ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ 2. ᠦᠨᠡᠨᠴᠢ ᠢᠲᠡᠭᠡᠮᠵᠢ ᠶᠢᠨ ᠪᠠᠶᠢᠭᠤᠯᠤᠯᠲᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ︽ᠦᠨᠡᠨᠴᠢ ᠢᠲᠡᠭᠡᠮᠵᠢᠲᠦ ᠳᠤᠯᠠᠭᠠᠨ ᠬᠤᠲᠠ︾ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠡᠭᠦᠳᠴᠦ᠂ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠᠷ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠦᠨᠡᠨ ᠬᠦ ᠠᠬᠢᠭᠤᠯᠤᠨ᠎ᠠ᠃ ᠵᠠᠰᠠᠭ ᠤᠨ ᠣᠷᠳᠣᠨ ᠲᠦᠷᠦᠭᠦᠯᠡᠨ ᠦᠨᠡᠨᠴᠢ ᠢᠲᠡᠭᠡᠮᠵᠢ ᠲᠠᠢ ᠪᠠᠶᠢᠬᠤ ᠶᠢ ᠡᠷᠬᠢᠮᠯᠡᠵᠦ᠂ ᠵᠠᠰᠠᠭ ᠤᠨ ᠣᠷᠳᠣᠨ ᠢᠲᠡᠭᠡᠯ ᠲᠠᠢ ᠪᠠᠶᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠲᠠᠬᠢᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠦᠢᠯᠡᠳᠦᠯᠭᠡᠵᠢᠭᠦᠯᠬᠦ ᠬᠤᠳᠠᠯᠳᠤᠭ᠎ᠠ ᠡᠷᠬᠢᠯᠡᠬᠦ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠦᠨᠡᠨᠴᠢ ᠢᠲᠡᠭᠡᠮᠵᠢᠲᠡᠢ ᠪᠥᠭᠡᠳ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠳᠦᠷᠢ ᠲᠥᠷᠬᠦ ᠶᠢ ᠪᠤᠢ ᠪᠣᠯᠭᠠᠨ᠎ᠠ᠃ ᠪᠥᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠪᠥᠬᠦ ᠬᠤᠲᠠ ᠶᠢᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠤᠨ ᠠᠵᠢᠯ ᠲᠥᠷᠥᠯ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠡᠷᠬᠡ ᠲᠡᠭᠰᠢ ᠲᠥᠪ ᠭᠤᠥᠯᠴᠢ ᠬᠠᠤᠯᠢ ᠪᠠᠷ ᠵᠠᠰᠠᠬᠤ ᠣᠷᠴᠢᠨ ᠠᠬᠤᠢ ᠶᠢ ᠪᠣᠶ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠬᠡᠷᠡᠭᠯᠡᠯᠲᠡ ᠶᠢᠨ ᠡᠷᠴᠢᠮ ᠢ ᠴᠢᠩᠭᠠᠷᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠪᠠᠷ ︽ᠬᠠᠤᠯᠢ ᠲᠣᠭᠲᠠᠭᠠᠯ ᠠᠴᠠ ᠵᠥᠷᠢᠴᠡᠭᠰᠡᠨ ᠦᠭᠡᠢ ᠭᠡᠷᠡᠴᠢ︾᠎ ᠶᠢ ᠣᠷᠣᠯᠠᠭᠤᠯᠬᠤ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠭᠠᠷᠭᠠᠵᠤ ᠠᠪᠬᠤ ᠦᠨᠡᠮᠯᠡᠯ ᠣᠯᠠᠨ᠂ ᠠᠵᠢᠯ ᠶᠠᠪᠤᠳᠠᠯ ᠭᠦᠢᠴᠡᠳᠬᠡᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠰᠡᠷᠭᠦᠭᠡᠯᠲᠡ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢ ᠬᠥᠲᠥᠯᠥᠨ ᠵᠢᠯᠤᠭᠤᠳᠴᠤ᠂ ᠰᠡᠷᠭᠦᠭᠡᠯᠲᠡ ᠶᠢᠨ ᠨᠥᠬᠦᠴᠡᠯ ᠳᠤ ᠨᠡᠶᠢᠴᠡᠬᠦ ᠢᠲᠡᠭᠡᠯ ᠠᠯᠳᠠᠭᠰᠠᠨ ᠠᠵᠤ ᠠᠬᠤᠶᠢᠯᠠᠯ ᠳᠤ ᠦᠨᠡᠨᠴᠢ ᠢᠲᠡᠭᠡᠮᠵᠢ ᠶᠢᠨ ᠬᠥᠮᠦᠵᠢᠯ᠂ ᠲᠥᠪᠯᠡᠷᠡᠭᠦᠯᠦᠨ ᠰᠠᠨᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠢᠲᠡᠭᠡᠯ ᠠᠯᠳᠠᠭᠰᠠᠨ ᠭᠤᠣᠯ ᠴᠣᠭᠴᠠ ᠶᠢᠨ ᠪᠠᠶᠢᠭ᠎ᠠ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠤ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠤᠨ ᠳᠡᠭᠡᠭᠰᠢᠯᠡᠭᠦᠯᠦᠨ᠎ᠡ᠃ 3. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠃ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠦᠨᠡᠨ ᠬᠦ ᠬᠠᠮᠠᠭᠠᠯᠠᠵᠤ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠤᠨ᠎ᠠ᠃ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠬᠤ ᠶᠢᠨ ᠬᠠᠮᠲᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠢᠳᠡᠭᠡᠨ ᠤ ᠵᠦᠢᠯ᠂ ᠡᠮ ᠤᠨ ᠵᠦᠢᠯ᠂ ᠠᠶᠤᠯᠲᠠᠢ ᠬᠢᠮᠢ ᠶᠢᠨ ᠪᠣᠳᠠᠰ ᠂ ᠰᠢᠲᠠᠮᠠᠬᠠᠢ ᠬᠡᠢ᠂ ᠣᠨᠴᠠ ᠲᠥᠷᠥᠯ ᠤᠨ ᠲᠥᠬᠦᠭᠡᠷᠦᠮᠵᠢ᠂ ᠪᠠᠷᠢᠯᠭ᠎ᠠ ᠶᠢᠨ ᠢᠨᠵᠧᠨᠧᠷᠢᠩ ᠤᠨ ᠶᠠᠰᠤ ᠴᠢᠨᠠᠷ ᠵᠡᠷᠭᠡ ᠬᠦᠷᠢᠶ᠎ᠡ ᠴᠠᠷᠠᠭ᠎ᠠ ᠳᠤ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠬᠡᠪᠰᠢᠭᠰᠡᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢ ᠥᠷᠨᠢᠭᠦᠯᠦᠨ᠎ᠡ᠃ ︽ᠨᠢᠭᠡ ᠠᠵᠢᠯ ᠲᠥᠷᠥᠯ ᠶᠢ ᠨᠢᠭᠡ ᠬᠤᠯᠪᠤᠭᠠᠯᠠᠨ ᠪᠠᠶᠢᠴᠠᠭᠠᠬᠤ︾᠂ ︽ᠨᠢᠭᠡ ᠤᠳᠠᠭ᠎ᠠ ᠶᠡᠷᠦᠩᠬᠡᠶᠢᠯᠡᠨ ᠪᠠᠶᠢᠴᠠᠭᠠᠬᠤ︾ ᠵᠡᠷᠭᠡ ᠰᠢᠨ᠎ᠡ ᠵᠠᠭᠪᠤᠷ ᠢ ᠬᠡᠷᠡᠭᠵᠢᠭᠦᠯᠵᠦ᠂ ᠥᠨᠳᠥᠷ ᠳᠠᠪᠲᠠᠮᠵᠢᠲᠤ ᠬᠡᠷᠡᠭᠵᠢᠭᠦᠯᠦᠨ ᠰᠢᠳᠬᠡᠨ ᠲᠣᠷᠭᠠᠬᠤ ᠵᠦᠢᠯᠡᠰ ᠢ ᠪᠦᠷᠢᠳᠬᠡᠨ ᠵᠠᠳᠠᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠥᠨᠳᠥᠷ ᠳᠠᠪᠲᠠᠮᠵᠢᠲᠤ ᠡᠭᠦᠰᠬᠦ ᠵᠦᠢᠯᠡᠰ ᠤᠨ ᠨᠠᠷᠢᠨ ᠬᠠᠭᠤᠳᠠᠰᠤ ᠶᠢ ᠳ᠋ᠦᠩᠨᠡᠵᠦ᠂ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ  ᠳᠡᠭᠡᠭᠰᠢᠯᠡᠭᠦᠯᠦᠨ᠎ᠡ᠃ 4. ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ᠃ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠠᠷᠠᠯᠵᠢᠶᠠᠨ ᠤ ᠬᠠᠷᠢᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠰᠠᠶᠢᠲᠦᠷ ᠦᠢᠯᠡᠴᠢᠯᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ︽ᠲᠤᠰᠬᠠᠢ ᠤᠲᠠᠰᠤ︾᠂ ︽ᠲᠤᠰᠬᠠᠢ ᠣᠷᠣᠨ︾᠂ ︽ᠲᠤᠰᠬᠠᠢ ᠬᠥᠮᠥᠨ︾᠎ ᠤ ᠨᠡᠪᠲᠡᠷᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠤᠨ᠎ᠠ᠃ 12345 ᠬᠠᠯᠠᠮᠰᠢᠯ ᠤᠲᠠᠰᠤ ᠶᠢᠨ  ᠲᠠᠪᠴᠠᠩ ᠤᠨ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠢ ᠤᠲᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠠᠷᠭ᠎ᠠ ᠵᠠᠮ ᠢᠶᠠᠷ 7 × 24 ᠴᠠᠭ ᠢᠶᠠᠷ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠦᠢᠯᠡᠴᠢᠯᠡᠭᠡᠨ ᠤ ᠵᠦᠢᠯᠡᠰ ᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠳᠠᠰᠢ ᠲᠥᠪᠯᠡᠷᠡᠭᠦᠯᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠢ ᠣᠷᠣᠨ ᠪᠠᠶᠢᠭᠤᠯᠵᠤ᠂ ᠠᠵᠤ ᠠᠬᠤᠶᠢᠯᠠᠯ ᠳᠤ ᠨᠠᠩ ᠣᠯᠠᠨ ᠥᠷᠲᠡᠭ ᠨᠡᠮᠡᠭᠳᠡᠯ ᠤᠨ ᠦᠢᠯᠡᠴᠢᠯᠡᠭᠡ ᠬᠠᠩᠭᠠᠨ᠎ᠠ᠃ ︽ᠲᠦᠮᠡᠨ ᠺᠠᠳ᠋ᠷ ᠲᠦᠮᠡᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾᠎ ᠶᠢ ᠬᠡᠷᠡᠭᠵᠢᠭᠦᠯᠵᠦ᠂ ᠰᠢᠯᠢᠳᠡᠭ ᠺᠠᠳ᠋ᠷᠴᠤᠳ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠢᠲᠡᠭᠡᠯ ᠵᠣᠷᠢᠭ ᠢ ᠨᠢ ᠬᠥᠪᠴᠢᠯᠡᠵᠦ᠂ ᠡᠵᠡᠩᠨᠡᠯᠲᠡ ᠶᠢ ᠨᠢ ᠲᠣᠭᠲᠠᠪᠤᠷᠢᠵᠢᠭᠤᠯᠤᠨ᠂ ᠬᠥᠭᠵᠢᠯᠲᠡ ᠶᠢ ᠨᠢ ᠲᠦᠷᠭᠡᠳᠬᠡᠨ᠎ᠡ᠃ ︽ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠪᠡᠶᠡᠴᠢᠯᠡᠨ ᠣᠶᠢᠯᠠᠭᠠᠬᠤ ᠲᠤᠰᠢᠶᠠᠯᠲᠠᠨ︾᠎ ᠤ ᠬᠦᠷᠢᠶ᠎ᠡ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠳᠦᠷᠢᠮ ᠢ ᠪᠣᠶ ᠪᠣᠯᠭᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠣᠨᠣᠪᠴᠢ ᠶᠢᠨ ᠬᠡᠮᠵᠢᠶ᠎ᠡ ᠪᠠ ᠨᠡᠪᠲᠡᠯᠬᠦ ᠬᠦᠴᠦᠨ ᠢ ᠰᠠᠶᠢᠵᠢᠷᠠᠭᠤᠯᠤᠨ᠎ᠠ᠃ ᠣᠯᠠᠨ ᠶᠠᠩᠵᠤ ᠬᠡᠯᠪᠡᠷᠢ ᠶᠢᠨ ︽ᠳᠤᠯᠠᠭᠠᠨ ᠬᠤᠲᠠ ᠶᠢᠨ ᠰᠡᠳᠬᠢᠯ ᠢᠶᠠᠨ ᠬᠤᠯᠪᠤᠬᠤ ᠶᠠᠷᠢᠯᠴᠠᠭ᠎ᠠ︾ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠵᠢᠯᠯᠠᠭ᠎ᠠ ᠶᠢ ᠥᠷᠨᠢᠭᠦᠯᠵᠦ᠂ ᠵᠠᠰᠠᠭ ᠠᠵᠤ ᠠᠬᠤᠶᠢᠯᠠᠯ ᠤᠨ ᠰᠣᠯᠢᠯᠴᠠᠨ ᠨᠡᠪᠲᠡᠷᠡᠯᠴᠡᠬᠦ ᠠᠷᠭ᠎ᠠ ᠵᠠᠮ ᠪᠠ ᠠᠴᠢᠶᠠᠯᠠᠪᠤᠷᠢ ᠶᠢ ᠪᠠᠶᠠᠯᠢᠭᠵᠢᠭᠤᠯᠤᠨ᠎ᠠ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠬᠢᠨᠠᠯᠲᠠ ᠲᠠᠯᠪᠢᠬᠤ ᠪᠡᠶᠡᠴᠢ ᠴᠣᠭᠴᠠ ᠪᠠ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠲᠥᠯᠥᠭᠡᠯᠡᠭᠴᠢ ᠭᠡᠰᠢᠭᠦᠳ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠨ᠎ᠡ᠃ ︽ᠳᠤᠯᠠᠭᠠᠨ ᠬᠤᠲᠠ ᠤᠨ ᠠᠵᠤ ᠠᠬᠤᠶᠢᠯᠠᠯ ᠢ ᠳᠤᠯᠠᠭᠠᠴᠠᠭᠤᠯᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠠᠵᠤ ᠠᠬᠤᠶᠢᠯᠠᠯ ᠢ ᠪᠦᠲᠦᠮᠵᠢᠲᠡᠶ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠨ᠎ᠡ᠃ ︵ᠳᠥᠷᠪᠡ︶ ᠰᠢᠨ᠎ᠡ ᠶᠢ ᠡᠭᠦᠳᠴᠦ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠳᠡᠭᠡᠭᠰᠢᠯᠡᠭᠦᠯᠬᠦ ᠠᠵᠢᠯᠯᠠᠭ᠎ᠠ 1. ᠰᠢᠨ᠎ᠡ ᠶᠢ ᠡᠭᠦᠳᠦᠨ ᠠᠳᠠᠯ ᠦᠢᠯᠡᠰ ᠴᠤᠭᠴᠠᠯᠠᠬᠤ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠢ ᠪᠣᠶᠢᠵᠢᠭᠤᠯᠬᠤ᠂ ᠪᠡᠯᠭᠡ ᠲᠡᠮᠳᠡᠭ ᠤᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠳᠠᠭᠤᠷᠢᠶᠠᠯ ᠦᠵᠡᠭᠦᠯᠲᠡ ᠵᠡᠷᠭᠡ 8 ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠥᠨᠳᠥᠷ ᠡᠨᠧᠷᠭᠢ ᠶᠢᠨ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ᠂ ᠲᠣᠮᠣ ᠰᠢᠨᠵᠢᠯᠡᠬᠦ ᠤᠬᠠᠭᠠᠨ ᠤ ᠲᠣᠨᠤᠭ ᠲᠥᠬᠦᠭᠡᠷᠦᠮᠵᠢ ᠶᠢ ᠭᠤᠶᠤᠴᠢᠯᠠᠨ ᠪᠠᠶᠢᠭᠤᠯᠬᠤ᠂ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠷᠢᠰ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠦᠨ ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ᠎ᠡ᠃ ᠤᠯᠤᠰ ᠤᠨ ᠲᠠᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ︽ᠵᠢᠵᠢᠭ ᠠᠪᠤᠷᠭᠤ︾᠎ ᠪᠠᠷ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠵᠢᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ᠳᠤᠮᠳᠠ ᠵᠢᠵᠢᠭ ᠠᠵᠤ ᠠᠬᠤᠶᠢᠯᠠᠯ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠵᠤ᠂ ᠠᠵᠤ ᠠᠬᠤᠶᠢᠯᠠᠯ ᠤᠨ ︽ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ︾ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠤᠨ᠎ᠠ᠃ 2. ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ᠃ ᠬᠤᠲᠠ ᠶᠢᠨ ᠠᠮᠢ ᠠᠬᠤᠢ ᠣᠷᠴᠢᠨ ᠲᠣᠭᠤᠷᠢᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ᠂ ᠣᠯᠠᠨ ᠨᠡᠶᠢᠲᠡ ᠶᠢᠨ ᠨᠠᠰᠤᠵᠢᠯ ᠤᠨ ᠦᠢᠯᠡᠴᠢᠯᠡᠭᠡᠨ᠂ ᠣᠯᠠᠨ ᠨᠡᠶᠢᠲᠡ ᠶᠢᠨ ᠡᠮᠴᠢᠯᠡᠭᠡᠨ ᠤ ᠦᠢᠯᠡᠴᠢᠯᠡᠭᠡᠨ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠵᠡᠷᠭᠡ 6 ᠬᠡᠮᠵᠢᠨ ᠲᠣᠭᠲᠠᠭᠠᠬᠤ ᠬᠡᠮᠵᠢᠭᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠦᠢᠯᠡᠰ ᠪᠣᠰᠬᠠᠬᠤ ᠳᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ ︽ᠳᠤᠯᠠᠭᠠᠨ ᠬᠤᠲᠠ ᠣᠷᠳᠣᠰ︾᠎ ᠤᠨ ᠬᠤᠲᠠ ᠶᠢᠨ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠣᠶ ᠪᠣᠯᠭᠠᠨ᠎ᠠ᠃ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠯᠲᠠ ᠶᠢ ᠪᠠᠭᠠᠰᠬᠠᠬᠤ ᠬᠠᠮᠵᠢᠯᠴᠠᠨ ᠰᠢᠨ᠎ᠡ ᠶᠢ ᠡᠭᠦᠳᠬᠦ ᠬᠤᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠢᠭᠡ ᠪᠦᠯᠦᠭ ᠰᠢᠨ᠎ᠡ ᠬᠡᠯᠪᠡᠷᠢ ᠶᠢᠨ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠪᠣᠶ ᠪᠣᠯᠭᠠᠵᠤ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠶᠡᠷᠦᠩᠬᠡᠢ ᠪᠠ ᠬᠤᠪᠢᠶᠠᠷᠢ ᠣᠷᠳᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠠᠵᠢᠯ ᠢ ᠠᠬᠢᠭᠤᠯᠵᠤ᠂ ᠬᠤᠶᠠᠳᠤᠭᠠᠷ ᠪᠦᠯᠦᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠭᠤᠯᠢ ᠶᠢᠨ ᠬᠦᠷᠢᠶᠡᠨ ᠤ ᠳᠠᠭᠤᠷᠢᠶᠠᠯ ᠦᠵᠡᠭᠦᠯᠬᠦ ᠰᠤᠷᠭᠠᠭᠤᠯᠢ ᠶᠢ ᠡᠭᠦᠳᠦᠨ ᠪᠠᠶᠢᠭᠤᠯᠵᠤ᠂ ᠰᠢᠶᠠᠨ ᠤ ᠬᠡᠪᠴᠢᠶᠡᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽15 ᠮᠢᠨᠦ᠋ᠲ ᠤᠨ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠲᠣᠭᠤᠷᠢᠭ︾᠎ ᠢ ᠪᠠᠶᠢᠭᠤᠯᠤᠨ ᠪᠣᠶ ᠪᠣᠯᠭᠠᠵᠤ᠂ ︽15 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ︾᠎ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠮᠴᠢᠯᠡᠭᠡᠨ ᠤ ᠦᠢᠯᠡᠴᠢᠯᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠯ᠎ᠡ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠮᠨᠡᠯᠭᠡ ᠶᠢᠨ ᠬᠤᠷᠢᠶ᠎ᠠ ᠳᠤ ᠰᠥᠨᠢ ᠶᠢᠨ ᠡᠭᠦᠳᠡᠨ ᠡᠮᠨᠡᠯᠭᠡ ᠨᠡᠭᠡᠭᠡᠨ᠎ᠡ᠃ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠦᠯᠵᠢᠶ᠎ᠡ ᠪᠠᠷ ᠪᠣᠯᠵᠤᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠭᠡᠨ ᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠣᠷᠳᠣᠰ ᠬᠤᠲᠠ ᠶᠢᠨ ᠲᠣᠭᠤᠷᠢᠨ ᠴᠠᠭᠳᠠᠬᠤ ᠪᠠ ᠰᠦᠯᠵᠢᠶ᠎ᠡ ᠪᠠᠷ ᠪᠣᠯᠵᠤᠬᠤ ᠲᠦᠷᠢᠶᠡᠰᠦᠨ ᠮᠠᠰᠢᠨ ᠲᠡᠷᠭᠡ ᠶᠢ ᠠᠭᠤᠰᠤᠯᠴᠠᠭᠤᠯᠤᠨ ᠡᠵᠡᠩᠨᠡᠬᠦ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ ︵ᠲᠠᠪᠤ︶ ᠠᠵᠤ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠶᠢᠨ ᠲᠤᠰᠬᠠᠢ ᠳᠡᠭᠡᠭᠰᠢᠯᠡᠭᠦᠯᠬᠦ ᠠᠵᠢᠯᠯᠠᠭ᠎ᠠ 1. ᠠᠶᠤᠯᠭᠦᠢ ᠦᠢᠯᠡᠳᠪᠦᠷᠢᠯᠡᠯ ᠤᠨ ᠪᠠᠲᠤᠯᠠᠭ᠎ᠠ᠃ ᠲᠣᠭᠲᠠᠭᠤᠨ ᠪᠥᠭᠡᠳ ᠡᠮᠬᠢ ᠳᠢᠭᠯᠢᠮ ᠲᠠᠢ ᠠᠶᠤᠯᠭᠦᠢ ᠣᠷᠴᠢᠨ ᠲᠣᠭᠤᠷᠢᠨ ᠢ ᠪᠤᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠬᠥᠭᠵᠢᠯᠲᠡ ᠶᠢᠨ ᠳᠠᠭᠤᠷᠢᠶᠠᠯ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠣᠷᠳᠣᠰ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠣᠶᠤᠨᠴᠢ ᠲᠠᠪᠴᠠᠩ ᠢ ᠪᠦᠬᠦ ᠲᠠᠯ᠎ᠠ ᠪᠠᠷ ᠠᠵᠢᠯᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠥᠨᠳᠥᠷ ᠲᠦᠪᠰᠢᠨ ᠢᠶᠠᠷ ᠪᠠᠶᠢᠭᠤᠯᠤᠨ ᠪᠦᠲᠦᠭᠡᠵᠦ᠂ ᠪᠣᠳᠠᠲᠠᠶᠢᠵᠢᠭᠤᠯᠵᠤ᠂ ᠤᠯᠤᠰ ᠤᠨ ᠲᠡᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠡ᠊ᠨᠳᠡᠯ ᠢ ᠰᠢᠢᠳᠪᠦᠷᠢᠯᠡᠬᠦ ᠪᠣᠳᠠᠲᠤ ᠪᠠᠶᠢᠯᠳᠤᠭᠠᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠡᠰ ᠤᠨ ᠠᠶᠤᠯᠲᠠᠢ ᠬᠢᠮᠢ ᠶᠢᠨ ᠪᠣᠳᠠᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 2. ᠮᠥᠩᠭᠦᠨ ᠭᠦᠢᠯᠭᠡᠭᠡᠨ ᠤ ᠣᠷᠴᠢᠨ ᠠᠬᠤᠢ ᠶᠢᠨ ᠪᠠᠲᠤᠯᠠᠭ᠎ᠠ᠃ ᠲᠣᠭᠲᠠᠭᠤᠨ ᠪᠥᠭᠡᠳ ᠠᠮᠤᠷ ᠲᠦᠪᠰᠢᠨ ᠮᠥᠩᠭᠦᠨ ᠭᠦᠢᠯᠭᠡᠭᠡᠨ ᠤ ᠣᠷᠴᠢᠨ ᠠᠬᠤᠢ ᠶᠢ ᠪᠤᠢ ᠪᠣᠯᠭᠠᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢ ᠪᠤᠢ ᠪᠣᠯᠭᠠᠵᠤ᠂ ᠮᠥᠩᠭᠦᠨ ᠭᠦᠢᠯᠭᠡᠭᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠦᠢᠯᠡᠳᠦᠯ ᠢ ᠮᠡᠳᠡᠭᠳᠡᠬᠦᠶᠢᠴᠡ ᠳᠡᠭᠡᠭᠰᠢᠯᠡᠭᠦᠯᠦᠨ᠎ᠡ᠃ ᠥᠷᠢ ᠥᠭᠴᠡᠭᠡ ᠶᠢ ᠪᠠᠶᠢᠩᠭᠤᠵᠢᠭᠤᠯᠬᠤ ᠠᠵᠢᠯᠯᠠᠭᠠᠨ ᠤ ᠬᠢᠨᠠᠨ ᠬᠡᠮᠵᠢᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠶᠢ ᠬᠦᠴᠦᠨᠲᠡᠢ ᠪᠥᠭᠡᠳ ᠡᠮᠬᠢ ᠵᠢᠷᠤᠮ ᠲᠠᠢ ᠰᠢᠢᠳᠪᠦᠷᠢᠯᠡᠵᠦ᠂ ᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠪᠦᠬᠦᠢ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ 3. ᠬᠦᠴᠦᠨ ᠵᠦᠢᠯ ᠤᠨ ᠣᠷᠴᠢᠨ ᠠᠬᠤᠢ ᠶᠢᠨ ᠪᠠᠲᠤᠯᠠᠭ᠎ᠠ᠃ ᠬᠦᠷᠢᠶᠡᠯᠡᠩ ᠲᠣᠭᠤᠷᠢᠭ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠵᠤ᠂ ᠴᠢᠳᠠᠪᠤᠷᠢᠲᠠᠨ᠂ ᠭᠠᠵᠠᠷ ᠰᠢᠷᠣᠢ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠵᠠᠯᠠᠭᠤᠴᠤᠳ ᠲᠤ ᠨᠥᠬᠦᠷᠰᠡᠭ᠂ ᠭᠡᠷ ᠪᠦᠯᠢ ᠳᠤ ᠨᠥᠬᠦᠷᠰᠡᠭ ᠰᠢᠨ᠎ᠡ ᠶᠢ ᠡᠭᠦᠳᠬᠦ ᠠᠳᠠᠯ ᠦᠢᠯᠡᠰ ᠴᠤᠭᠴᠠᠯᠠᠬᠤ ᠠᠮᠢ ᠠᠬᠤᠢ ᠪᠣᠯᠣᠨ ᠠᠵᠢᠯ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠠᠵᠤ ᠠᠬᠤᠶᠢᠯᠠᠯ ᠳᠤ ᠰᠢᠨ᠎ᠡ ᠴᠠᠭ ᠦᠶ᠎ᠡ ᠶᠢᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠬᠦᠷᠢᠶᠡᠯᠡᠩ ᠲᠣᠭᠤᠷᠢᠭ ᠤᠨ ︽ᠮᠦ ᠪᠦᠷᠢ ᠶᠢᠨ ᠳᠤᠮᠳᠠᠴᠢ ᠦᠷ᠎ᠡ ᠠᠰᠢᠭ︾᠎ ᠢ ᠶᠡᠷᠦᠩᠬᠡᠶᠢᠯᠡᠨ ᠦᠨᠡᠯᠡᠬᠦ ᠲᠣᠭᠲᠠᠯᠴᠠᠭ᠎ᠠ ᠶᠢ ᠪᠠᠶᠢᠭᠤᠯᠵᠤ᠂ ᠭᠠᠵᠠᠷ ᠰᠢᠷᠣᠢ ᠶᠢᠨ ᠬᠦᠴᠦᠨ ᠵᠦᠢᠯ ᠢ ᠳᠡᠭᠡᠳᠦ ᠲᠠᠰ ᠤᠨ ᠠᠵᠤ ᠦᠢᠯᠡᠰ᠂ ᠴᠢᠨᠠᠷ ᠰᠠᠶᠢᠲᠠᠢ ᠠᠵᠤ ᠠᠬᠤᠶᠢᠯᠠᠯ ᠳᠠᠰᠢ ᠲᠥᠪᠯᠡᠷᠡᠭᠦᠯᠬᠦ ᠶᠢ ᠠᠬᠢᠭᠤᠯᠤᠨ᠎ᠠ᠃ ︽ᠪᠠᠷᠢᠮᠵᠢᠶᠠᠲᠤ ᠭᠠᠵᠠᠷ︾᠎ ᠤᠨ ᠬᠡᠷᠡᠭᠯᠡᠬᠦ ᠭᠠᠵᠠᠷ ᠰᠢᠷᠣᠢ ᠶᠢᠨ ᠲᠥᠷᠥᠯ ᠬᠡᠯᠪᠡᠷᠢ ᠶᠢ ᠨᠡᠮᠡᠭᠳᠡᠭᠦᠯᠵᠦ᠂ ᠬᠡᠷᠡᠭᠯᠡᠬᠦ ᠣᠷᠣᠨ ᠪᠦᠰᠡ ᠶᠢ ᠥᠷᠭᠡᠳᠬᠡᠨ᠂ ᠡᠯ᠎ᠡ ᠬᠤᠰᠢᠭᠤ ᠲᠣᠭᠤᠷᠢᠭ ᠲᠤ ᠴᠥᠮ ︽ᠬᠡᠷᠡᠭᠯᠡᠬᠦ ᠭᠠᠵᠠᠷ ᠰᠢᠷᠣᠢ ᠶᠢᠨ ᠨᠠᠷᠢᠨ ᠲᠠᠩᠰᠠ ᠶᠢᠨ ᠳᠦᠷᠢᠮ︾ + ︽ᠣᠷᠣᠨ ᠪᠦᠰᠡ ᠶᠢ ᠦᠨᠡᠯᠡᠨ ᠵᠢᠱᠢᠵᠦ ᠬᠡᠷᠡᠭᠯᠡᠬᠦ︾ + ︽ᠪᠠᠷᠢᠮᠵᠢᠶᠠᠲᠤ ᠭᠠᠵᠠᠷ︾ ᠵᠡᠷᠭᠡ ᠲᠥᠷᠥ ᠶᠢᠨ ᠪᠣᠳᠣᠯᠭ᠎ᠠ ᠶᠢ ᠨᠡᠶᠢᠯᠡᠭᠦᠯᠦᠨ ᠬᠡᠷᠡᠭᠯᠡᠬᠦ ᠶᠢ ᠪᠡᠶᠡᠯᠡᠭᠦᠯᠦᠨ᠎ᠡ᠃ 2024 ᠣᠨ ᠤ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠨ ᠠᠰᠢᠭᠯᠠᠵᠤ ᠰᠢᠢᠳᠪᠦᠷᠢᠯᠡᠬᠦ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠦᠨ᠎ᠡ᠃ 4. ᠦᠢᠯᠡᠴᠢᠯᠡᠭᠡᠨ ᠤ ᠣᠷᠴᠢᠨ ᠠᠬᠤᠢ ᠶᠢᠨ ᠪᠠᠲᠤᠯᠠᠭ᠎ᠠ᠃ ᠲᠦᠷᠦ ᠶᠢᠨ ᠪᠣᠳᠣᠯᠭ᠎ᠠ ᠶᠢ ᠨᠠᠷᠢᠯᠢᠭ ᠣᠨᠤᠴᠠᠲᠠᠢ ᠬᠡᠷᠡᠭᠵᠢᠭᠦᠯᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠠᠵᠤ ᠠᠬᠤᠶᠢᠯᠠᠯ ᠳᠤ ᠪᠦᠬᠦ ᠲᠠᠯ᠎ᠠ ᠶᠢᠨ᠂ ᠪᠦᠬᠦ ᠬᠡᠯᠬᠢᠶ᠎ᠡ ᠶᠢᠨ᠂ ᠪᠦᠬᠦ ᠦᠶᠡᠯᠡᠯ ᠤᠨ ᠬᠤᠭᠤᠴᠠᠭᠠᠨ ᠤ ᠰᠢᠯᠢᠳᠡᠭ ᠦᠢᠯᠡᠴᠢᠯᠡᠭᠡ ᠬᠠᠩᠭᠠᠨ᠎ᠠ᠃ ᠠᠵᠤ ᠠᠬᠤᠢ ᠶᠢᠨ ᠨᠡᠭᠡᠭᠡᠯᠲᠡ ᠶᠢᠨ ᠣᠷᠣᠨ ︵ᠬᠦᠷᠢᠶᠡᠯᠡᠩ ᠲᠣᠭᠤᠷᠢᠭ︶᠎ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠢᠯᠤᠭᠤᠳᠬᠤ ᠳᠦᠷᠢᠮ ᠢ ᠲᠣᠭᠲᠠᠭᠠᠵᠤ᠂ ︽ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠳᠠᠭᠤᠷᠢᠶᠠᠯ ᠦᠵᠡᠭᠦᠯᠬᠦ ᠬᠦᠷᠢᠶᠡᠯᠡᠩ ᠲᠣᠭᠤᠷᠢᠭ︾᠎ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠳᠠᠰᠢ ᠤᠷᠲᠤᠳᠬᠠᠬᠤ ᠶᠢ ᠠᠬᠢᠭᠤᠯᠵᠤ ᠂ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠴᠡᠭ ᠢ ᠲᠣᠬᠢᠷᠠᠭᠤᠯᠤᠨ᠂ ︽ᠬᠡᠲᠦ ᠦᠢᠯᠡᠴᠢᠯᠡᠭᠴᠢ︾᠎ ᠶᠢᠨ ᠦᠢᠯᠡᠴᠢᠯᠡᠭᠡ ᠶᠢ ᠰᠠᠶᠢᠲᠤᠷ ᠬᠠᠩᠭᠠᠵᠤ᠂ ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ︽ᠡᠴᠦᠰ ᠤᠨ ᠨᠢᠭᠡ ᠺᠢᠯᠣᠮᠧᠲᠷ︾᠎ ᠢ ᠴᠢᠩᠭᠠᠳᠬᠠᠵᠤ᠂ ᠦᠨᠳᠦᠰᠦᠨ ᠱᠠᠲᠤᠨ ᠤ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠳᠤ ᠣᠷᠣᠭᠤᠯᠬᠤ ᠵᠡᠷᠭᠡ ᠠᠵᠢᠯᠯᠠᠭ᠎ᠠ ᠶᠢ ᠵᠥᠬᠢᠶᠠᠨ ᠪᠠᠶᠢᠭᠤᠯᠤᠨ ᠥᠷᠨᠢᠭᠦᠯᠦᠨ᠎ᠡ᠃ ᠬᠦᠷᠢᠶᠡᠯᠡᠩ ᠲᠣᠭᠤᠷᠢᠭ ᠤᠨ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠡᠶᠡᠳᠡᠭᠦᠯᠬᠦ ᠲᠥᠪ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠰᠢᠭᠦᠭᠴᠢ ᠶᠢᠨ ᠡᠶᠡᠳᠡᠭᠦᠯᠬᠦ ᠠᠵᠢᠯ ᠤᠨ ᠲᠠᠰᠤᠭ᠂ ᠬᠦᠷᠢᠶᠡᠯᠡᠩ ᠲᠣᠭᠤᠷᠢᠭ ᠤᠨ ᠬᠠᠤᠯᠢ ᠪᠠᠷ ᠵᠠᠰᠠᠬᠤ ᠬᠠᠮᠲᠤ ᠪᠠᠷ ᠪᠠᠶᠢᠭᠤᠯᠬᠤ ᠺᠣᠮᠢᠰ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢ ᠬᠠᠪᠰᠤᠷᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠬᠤ ᠲᠥᠷᠥᠯ ᠵᠦᠢᠯ ᠢ ᠲᠥᠯᠥᠪᠵᠢᠭᠦᠯᠬᠦ᠂ ᠲᠥᠷᠥᠯ ᠵᠦᠢᠯ ᠤᠨ ᠬᠡᠯᠡᠯᠴᠡᠭᠡ ᠬᠢᠬᠦ᠂ ᠭᠡᠷ᠎ᠡ ᠲᠣᠭᠲᠠᠬᠤ᠂ ᠨᠠᠶᠢᠳᠠᠪᠤᠷᠢᠵᠢᠭᠤᠯᠬᠤ᠂ ᠦᠢᠯᠡᠴᠢᠯᠡᠬᠦ᠂ ᠤᠬᠤᠷᠢᠨ ᠭᠠᠷᠬᠤ ᠪᠠ ᠱᠠᠩᠨᠠᠵᠤ ᠲᠣᠷᠭᠠᠬᠤ ᠰᠢᠯᠭᠠᠨ ᠬᠢᠨᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ