︽ᠤᠮᠠᠷᠠᠲᠤ ᠶᠢᠨ ᠭᠤᠷᠪᠠᠨ ᠤᠷᠤᠨ︾᠎ ᠤ ᠵᠢᠷᠭᠤᠳᠤᠭᠠᠷ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2025/3/25
     ᠠᠬᠢᠭᠤᠯᠬᠤ ᠠᠷᠭ᠎ᠠ ᠬᠡᠮᠵᠢᠶ᠎ᠡ     ︵ᠨᠢᠭᠡ︶ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠲᠦᠷᠦᠯ ᠵᠦᠢᠯ᠂ ᠪᠡᠯᠡ ᠮᠥᠩᠭᠦ ᠵᠢᠴᠢ ᠭᠠᠵᠠᠷ ᠰᠢᠷᠣᠢ᠂ ᠬᠥᠮᠦᠨ ᠤ ᠬᠦᠴᠦ᠂ ᠪᠣᠳᠠᠰ ᠤᠨ ᠬᠦᠴᠦ᠂ ᠤᠰᠤ᠂ ᠮᠡᠷᠭᠡᠵᠢᠯ ᠵᠡᠷᠭᠡ ᠡᠯ᠎ᠡ ᠲᠦᠷᠦᠯ ᠤᠨ ᠬᠦᠴᠦᠨ ᠵᠦᠢᠯ ᠤᠨ ᠡᠬᠢ ᠪᠠᠶᠠᠯᠢᠭ ᠢ ᠨᠢᠭᠡᠳᠬᠡᠵᠤ᠂ ᠤᠢ ᠰᠢᠭᠤᠢ ᠨᠤᠲᠤᠭ ᠪᠡᠯᠴᠢᠭᠡᠷ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠶᠡᠷᠦᠩᠬᠡᠶᠢᠯᠡᠭᠰᠡᠨ ᠥᠷᠲᠡᠭ ᠤᠨ ᠲᠣᠭᠲᠠᠴᠠ ᠶᠢ ᠬᠡᠷᠡᠭᠵᠢᠭᠦᠯᠵᠦ᠂ ᠤᠯᠠᠨ ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠲᠣᠬᠢᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠬᠠᠮ ᠠᠷᠭ᠎ᠠ ᠪᠣᠳᠣᠯᠭ᠎ᠠ︾᠎ ᠶᠢ ᠬᠡᠷᠡᠭᠯᠡᠨ᠎ᠡ᠃ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ᠂ ᠬᠥᠷᠥᠰᠥ ᠰᠢᠷᠣᠶ ᠶᠢᠨ ᠬᠠᠮᠠᠭᠠᠯᠠᠯᠲᠠ᠂ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠳᠡᠭᠡᠭᠰᠢᠯᠡᠭᠦᠯᠬᠦ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠢ ᠨᠢᠭᠡᠳᠦᠯᠲᠡᠶ ᠲᠥᠯᠥᠪᠯᠡᠨ᠂ ᠪᠣᠭᠤᠮᠲᠠ ᠰᠢᠪᠲᠤᠯᠬᠤ ᠣᠷᠣᠨ ᠪᠦᠰᠡ ᠳᠤ ᠲᠥᠪᠯᠡᠷᠡᠭᠦᠯᠦᠨ᠂              ︽ᠬᠤᠷᠠᠮᠠᠯ︾᠎ ᠤᠨ ᠦᠢᠯᠡᠳᠦᠯ ᠢ ᠪᠣᠶ ᠪᠣᠯᠭᠠᠬᠤ ᠶᠢᠨ ᠬᠠᠮᠲᠤ ᠶᠡᠬᠡᠰᠬᠡᠵᠤ᠂ ᠭᠤᠤᠯᠳᠠᠯᠭ᠎ᠠ ᠲᠠᠢ ᠵᠠᠰᠠᠬᠤ ᠣᠷᠣᠨ ᠪᠦᠰᠡ ᠶᠢᠨ ᠠᠮᠢ ᠠᠬᠤᠶ ᠶᠢᠨ ᠪᠠᠯᠠ ᠮᠥᠩᠭᠦ ᠶᠢᠨ ᠨᠢᠭᠡᠳᠦᠯᠲᠡᠶ ᠲᠥᠯᠥᠪᠯᠡᠬᠦ ᠬᠠᠷᠢᠴᠠᠯ ᠢ 80%᠎ ᠠᠴᠠ ᠳᠡᠭᠡᠭᠰᠢ ᠳᠤ ᠬᠦᠷᠦᠭᠦᠯᠦᠨ᠎ᠡ᠃ ᠡᠯ᠎ᠡ ᠲᠥᠷᠥᠯ ᠤᠨ ᠰᠠᠭᠤᠷᠢ ᠮᠥᠩᠭᠦ ᠪᠣᠯᠤᠨ ᠠᠮᠢ ᠠᠬᠤᠶ ᠶᠢᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠢ ᠵᠠᠰᠠᠬᠤ ᠳᠤ ᠣᠷᠣᠯᠴᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠨᠡᠶᠢᠭᠡᠮ ᠤᠨ ᠣᠷᠣᠭᠤᠯᠤᠯᠲᠠ ᠶᠢ ᠣᠷᠣᠭᠤᠯᠣᠨ ᠠᠪᠴᠢᠷᠠᠬᠤ ᠪᠠ ᠥᠷᠭᠡᠳᠬᠡᠵᠦ᠂ ᠮᠠᠯᠴᠢᠨ ᠲᠠᠷᠢᠶᠠᠴᠢᠨ ᠤ ᠡᠯᠡᠰᠦᠷᠬᠡᠭᠵᠢᠯ ᠢ ᠰᠡᠷᠭᠡᠶᠢᠯᠡᠨ  ᠡᠯᠡᠰᠦ ᠢ ᠵᠠᠰᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃     ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠦᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠨ᠂ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ᠂ ᠰᠢᠨ᠎ᠡ ᠵᠠᠭᠪᠤᠷ ᠢ ᠬᠤᠷᠠᠮᠳᠤᠭᠤᠯᠤᠨ ᠢᠨᠵᠧᠨᠧᠷᠢᠩ ᠤᠨ ᠲᠥᠷᠥᠯ ᠵᠦᠢᠯ ᠳᠤ ᠲᠤᠷᠰᠢᠯᠲᠠ ᠬᠢᠵᠤ ᠳᠠᠭᠤᠷᠢᠶᠠᠯ ᠦᠵᠡᠭᠦᠯᠦᠨ᠂ ᠳᠡᠯᠭᠡᠷᠡᠭᠦᠯᠦᠨ ᠬᠡᠷᠡᠭᠯᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠳᠤ ︽ᠡᠮᠦᠨ᠎ᠡ ᠲᠠᠯ᠎ᠠ ᠠᠴᠠ ᠎ ᠨᠢ ᠬᠠᠰᠢᠵᠤ ᠡᠯᠡᠰᠦ ᠶᠢ ᠲᠣᠭᠲᠠᠪᠤᠷᠢᠵᠢᠭᠤᠯᠬᠤ︾᠂ ︽ᠭᠤᠷᠪᠠᠨ ᠠᠷᠭ᠎ᠠ ᠶᠢ ᠤᠶᠠᠯᠳᠤᠭᠤᠯᠬᠤ︾᠂ ︽ᠲᠤᠷᠤᠭ ᠪᠤᠳᠠ ᠮᠤᠲᠤ ᠡᠪᠡᠰᠦ ᠶᠢ ᠤᠶᠠᠯᠳᠤᠭᠤᠯᠬᠤ︾ ᠵᠡᠷᠭᠡ ᠮᠡᠷᠭᠡᠵᠢᠯ ᠤᠨ ᠵᠠᠭᠪᠤᠷ ᠢ ᠠᠭᠤᠰᠤᠯᠴᠠᠭᠤᠯᠤᠨ ᠬᠡᠷᠡᠭᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠦᠷᠭᠦᠯᠵᠢᠯᠡᠭᠦᠯᠬᠦ ᠬᠥᠭᠵᠢᠯᠲᠡ ᠶᠢᠨ ᠵᠦᠪᠯᠡᠬᠦ ᠵᠦᠢᠯ ᠤᠨ ᠰᠢᠨ᠎ᠡ ᠶᠢ ᠡᠭᠦᠳᠬᠦ  ᠳᠠᠭᠤᠷᠢᠶᠠᠯ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠯᠠᠨ ᠤᠯᠤᠰ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠬᠠᠲᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠤᠢ ᠪᠤᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦᠯ ᠵᠦᠢᠯ ᠤᠨ ᠲᠦᠷᠦᠯ ᠵᠦᠢᠯ ᠪᠠᠶᠢᠭᠤᠯᠵᠤ ᠬᠢᠨᠠᠨ ᠵᠥᠪᠰᠢᠶᠡᠷᠡᠭᠦᠯᠬᠦ ᠰᠠᠭᠠᠳ ᠦᠭᠡᠢ ᠨᠡᠪᠲᠡᠷᠡᠬᠦ ᠵᠠᠮ ᠢ ᠴᠢᠷᠮᠠᠶᠢᠨ ᠪᠠᠶᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠢᠪᠲᠤᠯᠤᠨ ᠰᠢᠢᠳᠪᠦᠷᠢᠯᠡᠨ᠎ᠡ᠃ ᠴᠢᠬᠢ ᠮᠣᠳᠣᠨ ᠤ ᠪᠠᠲᠤᠯᠠᠭ᠎ᠠ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠮᠠᠰᠢᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠡᠯ᠎ᠡ ᠱᠠᠲᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠦᠷ᠎ᠡ ᠡᠳ᠋ ᠤᠨ ᠡᠬᠢ ᠪᠠᠶᠠᠯᠢᠭ ᠢ ᠰᠣᠩᠭᠤᠨ ᠪᠤᠶᠢᠵᠢᠭᠤᠯᠬᠤ ᠶᠢ ᠴᠢᠩᠭᠠᠳᠬᠠᠵᠤ᠂ ᠬᠦᠢᠲᠡᠨ᠂ ᠭᠠᠩ ᠪᠠ ᠲᠠᠴᠢᠷ ᠲᠤ ᠲᠡᠰᠪᠦᠷᠢᠲᠡᠶ ᠮᠣᠳᠣᠨ ᠤ ᠲᠥᠷᠥᠯ ᠡᠪᠡᠰᠦᠨ ᠤ ᠲᠥᠷᠥᠯ ᠢ ᠶᠡᠬᠡᠪᠡᠷ ᠰᠤᠩᠭᠤᠨ ᠪᠤᠶᠢᠵᠢᠭᠤᠯᠵᠤ᠂ ᠤᠰᠤ ᠠᠷᠪᠢᠯᠠᠨ ᠪᠣᠷᠣᠭᠠᠨ ᠤ ᠤᠰᠤ ᠶᠢ ᠠᠰᠢᠭᠯᠠᠨ ᠣᠶ ᠰᠢᠭᠤᠶ ᠡᠪᠡᠰᠦ ᠪᠡᠯᠴᠢᠭᠡᠷ ᠢ ᠤᠰᠤᠯᠠᠵᠤ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠎ᠠ᠃      ︵ᠭᠤᠷᠪᠠ︶ ᠠᠮᠢ ᠠᠬᠤᠢ ᠶᠢᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ ᠬᠦᠴᠦᠲᠡᠢ ᠠᠬᠢᠭᠤᠯᠤᠨ᠎ᠠ᠃ ᠣᠷᠣᠨ ᠨᠤᠲᠤᠭ ᠲᠤ ᠰᠠᠭᠤᠭ᠎ᠠ ᠲᠥᠪ ᠤᠨ ᠠᠵᠤ ᠠᠬᠤᠶᠢᠯᠠᠯ᠂ ᠤᠯᠤᠰ ᠤᠨ ᠦᠮᠴᠢᠯᠡᠯᠳᠤ ᠠᠵᠤ ᠠᠬᠤᠶᠢᠯᠠᠯ᠂ ᠠᠮᠢ ᠠᠬᠤᠶ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠳᠤ ᠠᠵᠤ ᠠᠬᠤᠶᠢᠯᠠᠯ ᠢᠶᠠᠷ ᠲᠦᠷᠦᠭᠦᠯᠡᠭᠦᠯᠦᠨ᠂ ᠣᠷᠣᠨ ᠨᠤᠲᠤᠭ ᠲᠤ ᠰᠠᠭᠤᠭ᠎ᠠ ᠲᠥᠪ ᠤᠨ ᠠᠵᠤ ᠠᠬᠤᠶᠢᠯᠠᠯ᠂ ᠠᠮᠢ ᠠᠬᠤᠶ ᠶᠢᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ᠂ ᠬᠤᠰᠢᠭᠤ ᠲᠣᠭᠤᠷᠢᠭ ᠤᠨ ᠤᠯᠤᠰ ᠤᠨ ᠦᠮᠴᠢᠯᠡᠯᠳᠤ ᠠᠵᠤ ᠠᠬᠤᠶᠢᠯᠠᠯ ᠬᠠᠮᠲᠤ ᠪᠠᠷ ᠣᠷᠣᠯᠴᠠᠬᠤ ᠠᠷᠭ᠎ᠠ ᠶᠢ ᠬᠠᠶᠢᠨ ᠰᠦᠪᠡᠭᠴᠢᠯᠡᠵᠦ᠂ ᠳᠠᠭᠠᠭᠠᠴᠢᠯᠠᠯᠲᠠ ᠵᠠᠷᠯᠠᠬᠤ ᠲᠦᠷᠢᠮ᠂ ᠨᠠᠶᠢᠳᠠᠬᠤ ᠲᠦᠷᠢᠮ᠂ ᠭᠡᠷ᠎ᠡ ᠶᠢᠨ ᠲᠦᠷᠢᠮ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠲᠥᠷᠥᠯ ᠵᠦᠢᠯ ᠤᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠵᠡᠷᠭᠡ ᠪᠥᠬᠦ ᠴᠤᠪᠤᠷᠠᠯ ᠤᠨ ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠵᠦ ᠨᠢᠭᠡ ᠴᠤᠭᠴᠠᠵᠢᠭᠤᠯᠤᠨ ᠠᠬᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ ᠵᠡᠷᠭᠡ ᠬᠦᠷᠢᠶᠡᠨ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠲᠥᠪᠯᠡᠷᠡᠨ ᠵᠠᠯᠭᠠᠯᠳᠤᠭᠰᠠᠨ ᠪᠡᠯᠭᠡ ᠲᠡᠮᠳᠡᠭ ᠤᠨ ᠴᠢᠨᠠᠷᠲᠠᠶ ᠪᠠᠷᠢᠯᠭ᠎ᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠬᠤ ᠶᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ︔ ᠮᠠᠯᠴᠢᠨ ᠲᠠᠷᠢᠶᠠᠴᠢᠨ ᠤ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠢ ᠶᠢ ᠰᠤᠩᠭᠤᠨ ᠪᠦᠲᠦᠭᠡᠨ  ᠪᠠᠶᠢᠭᠤᠯᠤᠭᠰᠠᠨ ᠵᠠᠷᠢᠮ ᠲᠥᠷᠥᠯ ᠵᠦᠢᠯ ᠢ ᠮᠠᠯᠴᠢᠨ ᠲᠠᠷᠢᠶᠠᠴᠢᠨ ᠰᠢᠭᠤᠳ ᠪᠦᠲᠦᠭᠡᠨ ᠪᠠᠶᠢᠭᠤᠯᠬᠤ ᠪᠤᠶᠤ ᠡᠵᠡᠩᠨᠡᠯᠲᠡ ᠶᠢᠨ ᠭᠤᠤᠯ ᠴᠣᠭᠴᠠ ᠳᠤ ᠨᠠᠶᠢᠳᠠᠨ ᠪᠦᠲᠦᠭᠡᠨ ᠪᠠᠶᠢᠭᠤᠯᠵᠤ᠂ ᠮᠠᠯᠴᠢᠨ ᠲᠠᠷᠢᠶᠠᠴᠢᠳ ᠥᠪᠡᠰᠦᠪᠡᠨ ᠪᠦᠲᠦᠭᠡᠨ ᠪᠠᠶᠢᠭᠤᠯᠵᠤ ᠥᠪᠡᠰᠦᠪᠡᠨ ᠬᠠᠮᠢᠶᠠᠷᠴᠤ ᠂ ᠰᠢᠭᠤᠳ ᠠᠰᠢᠭ ᠬᠦᠷᠲᠡᠵᠦ ᠪᠣᠯᠤᠨ᠎ᠠ︔ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠨᠢ ᠥᠨᠳᠥᠷ᠂ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠬᠤᠳᠠᠯᠳᠤᠨ ᠠᠪᠬᠤ ᠬᠡᠮᠵᠢᠶ᠎ᠡ ᠪᠠᠷ ᠶᠡᠭᠡ ᠵᠠᠷᠢᠮ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠤᠷᠤᠭᠤᠯᠤᠨ ᠠᠪᠴᠢᠷᠠᠵᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠡᠩ ᠲᠡᠷᠢᠭᠦᠨ ᠳᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠬᠤᠷᠰᠢᠶ᠎ᠠ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠢ ᠰᠢᠩᠭᠡᠭᠡᠨ ᠠᠪᠴᠦ ᠬᠦᠴᠦ ᠬᠥᠳᠡᠯᠮᠦᠷᠢ ᠣᠷᠣᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃       ︵ᠲᠦᠷᠪᠡ︶ ᠣᠶᠢᠲᠤ ᠭᠠᠵᠠᠷ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠡᠷᠭᠢᠯᠳᠦᠭᠦᠯᠬᠦ ᠶᠢ ᠰᠦᠪᠡᠭᠴᠢᠯᠡᠨ᠎ᠡ᠃ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠬᠡᠪᠴᠢᠶᠡᠵᠢᠭᠰᠡᠨ᠂ ᠠᠵᠤ ᠦᠶᠢᠯᠡᠰᠵᠢᠭᠰᠡᠨ ᠵᠠᠰᠠᠯᠲᠠ ᠶᠢ ᠠᠬᠢᠭᠤᠯᠵᠤ᠂ ᠡᠯᠡᠰᠦᠷᠬᠡᠭᠵᠢᠭᠰᠡᠨ ᠣᠶᠢᠲᠤ ᠭᠠᠵᠠᠷ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠡᠷᠬᠢᠯᠲᠡ ᠶᠢᠨ ᠰᠢᠨ᠎ᠡ ᠶᠢ ᠡᠭᠦᠳᠴᠦ᠂ ᠬᠠᠯᠴᠠᠭᠠᠢ ᠡᠯᠡᠰᠦᠷᠬᠡᠭ ᠭᠠᠵᠠᠷ᠂ ᠮᠠᠭᠤᠲᠠᠭᠰᠠᠨ ᠣᠶᠢᠲᠤ ᠭᠠᠵᠠᠷ᠂ ︽ᠡᠯᠡᠰᠦᠷᠬᠡᠭᠵᠢᠭᠰᠡᠨ᠂ ᠮᠠᠭᠤᠳᠠᠭᠰᠠᠨ᠂ ᠬᠤᠵᠢᠷᠰᠢᠭᠰᠠᠨ︾ ᠨᠤᠲᠤᠭ ᠪᠡᠯᠴᠢᠭᠡᠷ ᠢ ᠬᠤᠷᠢᠶᠠᠨ ᠨᠥᠭᠡᠴᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠡᠰᠡᠭᠵᠢᠭᠰᠡᠨ ᠢᠯᠠᠩᠭᠤᠶ᠎ᠠ ᠤᠷᠲᠤ ᠬᠤᠭᠤᠴᠠᠭ᠎ᠠ ᠪᠠᠷ ᠵᠠᠰᠠᠬᠤ ᠬᠥᠮᠦᠨ ᠦᠭᠡᠢ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠰᠠᠭᠤᠷᠢᠨ ᠳᠡᠭᠡᠷ᠎ᠡ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠠᠴᠠ ᠬᠤᠷᠢᠶᠠᠨ ᠨᠦᠬᠡᠴᠡᠯᠡᠵᠦ ᠬᠦᠮᠦᠷᠭᠡ ᠳᠤ ᠤᠷᠤᠭᠤᠯᠤᠨ᠎ᠠ᠃ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠢ ᠦᠨᠳᠦᠰᠦᠯᠡᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠬᠤᠪᠢᠶᠠᠨ ᠪᠠᠶᠢᠷᠢᠰᠢᠭᠤᠯᠵᠤ᠂ ᠠᠵᠤ ᠠᠬᠤᠶᠢᠯᠠᠯ ᠵᠢᠴᠢ ᠮᠠᠯᠴᠢᠨ ᠲᠠᠷᠢᠶᠠᠴᠢᠨ ᠤ ᠥᠪᠡᠰᠦᠪᠡᠨ ᠪᠠᠶᠢᠭᠤᠯᠬᠤ᠂ ᠬᠠᠮᠲᠤᠷᠠᠯᠴᠠᠬᠤ᠂ ᠳᠠᠭᠠᠭᠠᠴᠢᠯᠠᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ ᠰᠡᠷᠭᠦᠭᠡᠨ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠬᠤᠰᠢᠭᠤ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠢᠷᠣᠶ ᠶᠢ ᠨᠠᠶᠢᠳᠠᠪᠤᠷᠢᠵᠢᠭᠤᠯᠬᠤ᠂ ᠠᠰᠢᠭ ᠲᠤᠰᠠ ᠶᠢ ᠬᠤᠯᠪᠣᠬᠤ᠂ ᠲᠥᠬᠦᠭᠡᠷᠦᠮᠵᠢ ᠶᠢ ᠢᠵᠢ ᠪᠥᠷᠢᠳᠦᠭᠦᠯᠬᠦ᠂ ᠦᠢᠯᠡᠴᠢᠯᠡᠭᠡ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠣᠶᠢᠲᠤ ᠭᠠᠵᠠᠷ ᠨᠤᠲᠤᠭ ᠪᠡᠯᠴᠢᠭᠡᠷ ᠢ ᠡᠷᠬᠢᠯᠲᠦᠭᠦᠯᠬᠦ ᠠᠴᠠ ᠪᠣᠯᠤᠭᠰᠠᠨ ᠵᠥᠷᠢᠴᠡᠯ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠵᠦ᠂ ᠪᠥᠬᠦ ᠠᠷᠠᠳ ᠢᠶᠠᠷ ᠢᠶᠠᠨ ᠣᠷᠣᠯᠴᠠᠬᠤ᠂ ᠪᠥᠬᠦ ᠨᠡᠶᠢᠭᠡᠮ ᠢᠶᠠᠷ ᠢᠶᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠰᠠᠶᠢᠨ ᠰᠠᠶᠢᠬᠠᠨ  ᠤᠷᠴᠢᠨ ᠠᠬᠤᠢ ᠢ ᠪᠣᠶ ᠪᠣᠯᠭᠠᠨ᠎ᠠ᠃       ︵ᠲᠠᠪᠤ︶ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ ᠠᠭᠤᠰᠤᠯᠴᠠᠭᠤᠯᠤᠨ ᠠᠬᠢᠭᠤᠯᠤᠨ᠎ᠠ᠃ ᠠᠮᠢ ᠠᠬᠤᠶ ᠶᠢᠨ ᠵᠠᠰᠠᠯᠲᠠ ᠬᠢᠭᠡᠳ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠵᠦ᠂ ᠬᠥᠪᠴᠢ ᠶᠢᠨ ᠡᠯᠡᠰᠦᠨ ᠤ ︽ᠬᠡᠷᠡᠯ ᠴᠡᠨᠡᠭ ᠤᠨ ᠣᠷᠳᠣ ᠴᠠᠭᠠᠨ ᠬᠡᠷᠡᠮ︾᠂ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ︽ᠨᠢᠭᠡ ᠬᠤᠩᠬᠢᠯ ᠣᠯᠠᠨ ᠴᠡᠭ︾᠎ ᠤᠨ ᠢᠨᠵᠧᠨᠧᠷᠢᠩ ᠢ ᠲᠥᠪᠯᠡᠷᠡᠭᠦᠯᠦᠨ ᠪᠠᠶᠢᠭᠤᠯᠵᠤ᠂ ︽ᠡᠪᠡᠰᠦ ᠲᠠᠷᠢᠬᠤ ᠪᠠ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠬᠠᠷᠢᠯᠴᠠᠨ ᠨᠥᠬᠦᠪᠥᠷᠢᠯᠡᠬᠦ︾ ᠵᠠᠭᠪᠤᠷ ᠢ ᠬᠡᠷᠡᠭᠯᠡᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠪᠲᠠᠰᠤᠨ ᠳᠣᠤᠷᠠᠬᠢ ᠪᠠ ᠬᠠᠪᠲᠠᠰᠤᠨ ᠬᠤᠭᠤᠷᠤᠨᠳᠤᠬᠢ ᠰᠡᠷᠭᠦᠭᠡᠨ ᠵᠠᠰᠠᠯᠲᠠ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠳᠠᠬᠢᠯᠲᠠ ᠡᠨᠧᠷᠬᠢ ᠶᠢ ᠴᠠᠬᠢᠯᠭᠠᠨ ᠬᠦᠴᠦᠨ ᠤ ᠰᠢᠰᠲ᠋ᠧᠮ ᠳᠤ ᠤᠷᠤᠭᠤᠯᠤᠨ ᠭᠠᠳᠠᠭᠰᠢ ᠳᠠᠮᠵᠢᠭᠤᠯᠬᠤ ᠪᠠ ᠤᠰᠤᠲᠥ᠋ᠷᠥᠭᠴᠢ ᠶᠢ ᠦᠢᠯᠡᠳᠴᠦ ᠡᠨᠧᠷᠭᠢ ᠬᠠᠳᠠᠭᠠᠯᠠᠬᠤ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠣᠯᠠᠨ ᠡᠰᠢᠵᠢᠨ ᠬᠠᠮᠲᠤ ᠪᠠᠷ ᠠᠰᠢᠭ ᠭᠥᠷᠳᠡᠬᠦ ᠶᠢ ᠠᠬᠢᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠳᠠᠪᠠᠭᠤᠯᠢᠭ ᠪᠠ ᠠᠮᠢ ᠠᠬᠤᠶ ᠶᠢᠨ ᠲᠥᠷᠥᠯ ᠵᠦᠢᠯ ᠤᠨ ᠲᠤᠯᠭᠠᠭᠤᠷᠢᠯᠠᠯ ᠳᠤ ᠲᠦᠰᠢᠭᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠠᠷᠭᠠᠨ᠎ᠠ᠂ ᠴᠢᠴᠠᠷᠭᠠᠨ᠎ᠠ᠂ ᠠᠯᠮᠤᠷᠠᠳ᠂ ᠡᠯᠡᠰᠦᠨ ᠪᠤᠷᠭᠠᠰᠤ᠂ ᠬᠢᠲᠠᠳ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠣᠶ ᠰᠢᠭᠤᠶ ᠡᠪᠡᠰᠦ ᠡᠯᠡᠰᠦᠨ ᠤ ᠠᠵᠤ ᠦᠢᠯᠡᠰ ᠢ ᠬᠥᠭᠵᠢᠭᠦᠯᠵᠦ᠂ ᠠᠮᠢ ᠠᠬᠤᠶ ᠶᠢᠨ ᠵᠢᠭᠤᠯᠴᠢᠯᠠᠯ᠂ ᠰᠡᠯᠡᠭᠦᠴᠡᠯ ᠡᠷᠡᠭᠦᠯᠵᠢᠯ ᠰᠤᠪᠢᠯᠠᠯᠲᠠ᠂ ᠣᠶ ᠶᠢᠨ ᠠᠵᠤ ᠠᠬᠤᠶ᠂ ᠣᠲᠣ ᠦᠶ᠎ᠡ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠣᠯᠠᠨ ᠡᠰᠢᠵᠢᠭᠰᠡᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃     ︵ᠵᠢᠷᠭᠤᠭ᠎ᠠ︶ ᠬᠠᠮᠲᠤᠪᠠᠷ ᠵᠠᠰᠠᠵᠤ ᠬᠠᠮᠲᠤᠪᠠᠷ ᠪᠠᠶᠢᠭᠤᠯᠵᠤ ᠬᠠᠮᠲᠤᠪᠠᠷ ᠴᠢᠨᠡᠭᠡᠯᠢᠭᠵᠢᠬᠦ ᠰᠢᠨ᠎ᠡ ᠵᠠᠭᠪᠤᠷ ᠢ ᠰᠢᠨ᠎ᠡ ᠪᠠᠷ ᠡᠭᠦᠳᠦᠨ᠎ᠡ᠃  ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠠᠵᠢᠯᠯᠠᠭᠠᠨ ᠤ ᠬᠠᠮᠠᠭᠠᠯᠠᠯᠲᠠ᠂ ᠠᠮᠢ ᠠᠬᠤᠶ ᠶᠢᠨ ᠰᠡᠷᠭᠦᠭᠡᠯᠲᠡ ᠶᠢᠨ ᠳᠤᠮᠳᠠ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ ᠶᠢ ᠥᠷᠭᠡᠨ ᠢᠶᠠᠷ ᠬᠡᠷᠡᠭᠵᠢᠭᠦᠯᠵᠦ᠂ ᠲᠥᠷᠥᠯ ᠵᠦᠢᠯ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ᠂ ᠳᠠᠭᠠᠯᠳᠤᠭᠤᠯᠤᠭᠰᠠᠨ ᠪᠠᠶᠢᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠵᠠᠩᠭᠢᠯᠠᠭ᠎ᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠭᠤᠤᠯᠳᠠᠯᠭ᠎ᠠ ᠲᠠᠢ ᠲᠥᠷᠥᠯ ᠵᠦᠢᠯ ᠳᠤ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ ᠶᠢᠨ ᠬᠠᠷᠢᠴᠠᠯ ᠢ 30%᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠶ ᠳᠡᠭᠡᠷᠡᠬᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ  ︽ᠨᠥᠬᠦᠪᠥᠷᠢᠯᠡᠬᠦ ᠪᠠᠷ ᠣᠶᠢᠵᠢᠭᠤᠯᠬᠤ ᠶᠢ ᠣᠷᠣᠯᠠᠭᠤᠯᠬᠤ᠂ ᠱᠠᠩᠨᠠᠬᠤ ᠪᠠᠷ ᠪᠠᠯᠠ ᠣᠷᠣᠭᠤᠯᠬᠤ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠵᠡᠷᠭᠡ ᠤᠷᠮᠠᠰᠢᠭᠤᠯᠬᠤ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ ᠲᠣᠰᠬᠤᠨ ᠤ ᠠᠷᠠᠳ ᠥᠪᠡᠰᠦᠪᠡᠨ ᠪᠠᠶᠢᠭᠤᠯᠬᠤ᠂ ᠡᠷᠦᠬᠡ ᠬᠤᠯᠪᠣᠭᠠᠯᠠᠨ ᠬᠠᠮᠲᠤᠷᠠᠨ ᠪᠠᠶᠢᠭᠤᠯᠬᠤ᠂ ᠬᠤᠷᠰᠢᠶ᠎ᠠ ᠠᠴᠠ ᠪᠠᠶᠢᠭᠤᠯᠬᠤ᠂ ᠲᠣᠰᠬᠤᠨ ᠤ ᠪᠠᠯᠠ ᠣᠷᠣᠭᠤᠯᠤᠯᠲᠠ ᠶᠢᠨ ᠺᠣᠮᠫᠠᠨᠢ ᠪᠠᠶᠢᠭᠤᠯᠬᠤ ᠳᠤ ᠣᠷᠣᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠤ ᠥᠪᠡᠰᠦᠪᠡᠨ ᠪᠥᠲᠥᠭᠡᠨ ᠪᠠᠶᠢᠭᠤᠯᠵᠤ᠂ ︽ᠪᠦᠬᠦᠨ ᠳᠤ ᠳᠣᠭᠢᠷᠠᠬᠤ ᠺᠠᠷᠲ︾᠎ ᠤᠨ ᠠᠷᠭ᠎ᠠ ᠮᠠᠶ᠋ᠢᠭ ᠢᠶᠠᠷ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠰᠢᠭᠤᠳ ᠣᠯᠭᠤᠵᠣ᠂ ᠮᠠᠯᠴᠢᠨ ᠲᠠᠷᠢᠶᠠᠴᠢᠳ ᠤᠨ ᠰᠢᠭᠤᠳ ᠣᠷᠣᠯᠴᠠᠬᠤ ᠨᠣᠷᠮ᠎ᠠ ᠶᠢ 60%᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠣᠯᠭᠤᠯᠲᠠ ᠬᠡᠷᠡᠭᠯᠡᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠵᠠᠰᠠᠵᠤ ᠬᠠᠮᠢᠶᠠᠷᠤᠨ ᠬᠠᠮᠠᠭᠠᠯᠠᠬᠤ ᠡᠭᠦᠷᠭᠡ ᠡᠭᠦᠷᠭᠡᠯᠡᠬᠦ ᠶᠢ ᠳᠡᠮᠵᠢᠨ᠎ᠡ᠃      ︵ᠳᠣᠯᠤᠭ᠎ᠠ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ︽ᠭᠤᠷᠪᠠᠨ ᠣᠷᠣᠨ ᠭᠤᠷᠪᠠᠨ ᠱᠤᠭᠤᠮ︾᠎ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠲᠠᠷᠢᠶᠠᠨ ᠭᠠᠵᠠᠷ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ ᠲᠥᠷᠥᠯ ᠵᠦᠢᠯ ᠤᠨ  ᠠᠵᠢᠯ ᠤᠨ ᠵᠢᠷᠤᠭ ᠲᠥᠯᠥᠪᠯᠡᠭᠡ᠂ ᠭᠠᠵᠠᠷ ᠬᠡᠷᠡᠭᠯᠡᠬᠦ᠂ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠵᠦᠶ ᠵᠣᠬᠢᠰᠲᠠᠶ ᠴᠢᠨᠠᠷ ᠤᠨ ᠦᠨᠡᠯᠡᠨ ᠵᠢᠱᠢᠯᠲᠡ ᠶᠢ ᠴᠢᠩᠭᠠᠳᠬᠠᠵᠤ᠂ ᠭᠤᠤᠯᠳᠠᠯᠭ᠎ᠠ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ᠪᠠᠯᠠ ᠮᠥᠩᠭᠦ ᠶᠢ ᠡᠩ ᠲᠡᠷᠢᠭᠦᠨ ᠳᠤ ᠬᠠᠯᠴᠠᠭᠠᠢ ᠡᠯᠡᠰᠦᠷᠬᠡᠭ ᠭᠠᠵᠠᠷ᠂ ᠡᠯᠡᠰᠦᠷᠬᠡᠭᠵᠢᠭᠰᠡᠨ ᠬᠡᠮᠵᠢᠶ᠎ᠡ ᠪᠠᠷ ᠬᠦᠨᠳᠦ ᠨᠣᠴᠢᠲᠠᠶ ᠣᠷᠣᠨ ᠪᠦᠰᠡ ᠳᠤ ᠪᠠᠶᠢᠷᠢᠰᠢᠭᠤᠯᠵᠤ᠂ ᠰᠠᠯᠪᠤᠷᠢ ᠤᠷᠤᠰᠬᠠᠯ ᠤᠨ ᠬᠥᠨᠳᠡᠢ᠂ ᠲᠠᠷᠢᠶᠠᠨ ᠭᠠᠵᠠᠷ ᠢ ᠰᠡᠷᠭᠡᠶᠢᠯᠡᠨ ᠬᠠᠮᠠᠭᠠᠯᠠᠬᠤ᠂ ᠠᠮᠢ ᠠᠬᠤᠶ ᠶᠢᠨ ᠰᠢᠰᠲ᠋ᠧᠮ ᠤᠨ ᠬᠡᠪᠡᠷᠡᠭ ᠣᠷᠣᠨ ᠪᠦᠰᠡ ᠶᠢ ᠣᠶᠢᠵᠢᠭᠤᠯᠤᠨ ᠨᠣᠭᠤᠭᠠᠷᠠᠭᠤᠯᠬᠤ ᠪᠠ ᠣᠶ ᠰᠢᠭᠤᠶ ᠡᠪᠡᠰᠦᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ᠭᠤᠤᠯᠳᠠᠯᠭ᠎ᠠ ᠲᠠᠢ ᠵᠠᠰᠠᠬᠤ ᠣᠷᠣᠨ ᠤ ᠰᠠᠭᠤᠷᠢ ᠳᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠢᠭᠡᠳ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠣᠷᠣᠰᠢᠨ ᠰᠠᠭᠤᠵᠤ ᠠᠳᠠᠯ ᠦᠢᠯᠡᠰ ᠴᠤᠭᠴᠠᠯᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠨ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃     ︵ᠨᠠᠢᠮᠠ︶ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠨᠢᠭᠡᠴᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠣᠶᠢᠵᠢᠭᠤᠯᠬᠤ ᠡᠪᠡᠰᠦ ᠳᠠᠷᠢᠬᠤ ᠶᠢ ᠲᠠᠰ ᠳᠡᠪᠰᠢᠭᠦᠯᠦᠨ ᠰᠢᠯᠭᠠᠨ ᠠᠪᠬᠤ ᠪᠤᠶᠤ ᠬᠤᠰᠢᠭᠤ ᠲᠣᠭᠤᠷᠢᠭ ᠰᠣᠯᠪᠢᠴᠠᠭᠤᠯᠤᠨ ᠰᠢᠯᠭᠠᠨ ᠠᠪᠬᠤ ᠲᠣᠭᠲᠠᠴᠠ ᠶᠢ ᠬᠡᠷᠡᠭᠵᠢᠭᠦᠯᠵᠦ᠂ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠭᠰᠡᠨ ᠥᠬᠡᠶ᠂ ᠪᠥᠲᠥᠭᠡᠨ ᠪᠠᠶᠢᠭᠤᠯᠤᠯᠲᠠ ᠶᠢᠨ ᠠᠬᠢᠴᠠ ᠨᠢ ᠶᠡᠭᠡᠪᠡᠷ ᠬᠤᠴᠤᠷᠤᠭᠳᠠᠭᠰᠠᠨ᠂ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠠᠴᠠ ᠬᠡᠲᠦᠷᠡᠭᠦᠯᠦᠨ ᠰᠢᠯᠭᠠᠨ ᠠᠪᠬᠤ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ ᠢ ᠴᠠᠭ ᠲᠤᠬᠠᠶ ᠳᠤᠨᠢ ᠢᠯᠭᠠᠷᠠᠭᠤᠯᠤᠨ ᠪᠤᠴᠠᠭᠠᠨ᠎ᠠ︔ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠭᠤᠤᠯ ᠴᠣᠭᠴᠠ ᠶᠢᠨ ᠢᠨᠵᠧᠨᠧᠷᠢᠩ ᠤᠨ ᠦᠯᠡᠳᠡᠪᠦᠷᠢ ᠵᠣᠭᠤᠰ ᠢ ᠬᠠᠰᠤᠵᠤ ᠠᠪᠬᠤ ᠶᠢᠨ ᠬᠠᠮᠲᠤ ᠭᠤᠶᠤᠴᠢᠯᠠᠨ ᠮᠡᠳᠡᠭᠦᠯᠬᠦ ᠶᠢ ᠬᠢᠵᠠᠭᠠᠷᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠣᠯ ᠵᠥᠪᠰᠢᠶᠡᠷᠡᠨ ᠣᠷᠣᠭᠤᠯᠬᠤ ᠶᠢ ᠴᠠᠭᠠᠵᠠᠯᠠᠬᠤ᠂ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠤᠨ᠎ᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠤᠰᠬᠠᠶ ᠵᠣᠭᠤᠰ ᠢ ᠲᠤᠰᠬᠠᠢ ᠬᠡᠷᠡᠭᠯᠡᠬᠦ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠡᠯᠡ ᠮᠥᠩᠭᠦᠨ ᠤ ᠬᠡᠷᠡᠭᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ᠂ ᠵᠢᠯ  ᠤᠨ ᠳᠤᠮᠳᠠᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠ ᠣᠨ ᠤ ᠬᠢᠨᠠᠨ ᠪᠤᠳᠤᠬᠤ ᠲᠦᠷᠢᠮ ᠢ ᠪᠠᠶᠢᠭᠤᠯᠵᠤ᠂ ᠬᠤᠰᠢᠭᠤ ᠲᠣᠭᠤᠷᠢᠭ ︽ᠤᠮᠠᠷᠠᠳᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠠᠯᠠ ᠮᠥᠩᠭᠦ ᠶᠢᠨ ᠲᠤᠰᠬᠠᠶ ᠡᠷᠦᠬᠡ ᠪᠠᠶᠢᠭᠤᠯᠵᠤ᠂ ᠪᠥᠲᠥᠭᠡᠨ ᠪᠠᠶᠢᠭᠤᠯᠤᠯᠲᠠ ᠶᠢᠨ ᠠᠬᠢᠴᠠ᠂ ᠰᠢᠯᠭᠠᠨ ᠠᠪᠬᠤ ᠪᠠᠶᠢᠳᠠᠯ᠂ ᠥᠭᠬᠦ ᠬᠠᠷᠢᠴᠠᠯ ᠢ ᠴᠢᠩᠭ᠎ᠠ ᠵᠢᠷᠤᠮᠯᠠᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠣᠯᠢᠨ ᠥᠭᠴᠦ᠂ ᠰᠢᠬᠠᠨ ᠡᠵᠡᠯᠡᠵᠦ᠂ ᠲᠠᠰᠤᠳᠠᠨ ᠦᠯᠡᠳᠡᠭᠡᠵᠦ᠂ ᠨᠡᠭᠦᠯᠭᠡᠨ ᠬᠡᠷᠡᠭᠯᠡᠵᠦ ᠪᠣᠯᠬᠤ ᠥᠬᠡᠶ᠃ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠭᠠᠴᠢᠯᠠᠭᠰᠠᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠡᠲᠦᠷᠡᠳᠡᠯ᠎ᠡ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃       ︵ᠶᠢᠰᠦ︶ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠰᠢᠯᠭᠠᠨ ᠦᠨᠡᠯᠡᠵᠦ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠭᠦᠷᠭᠡ ᠶᠢᠨ ᠴᠢᠬᠤᠯᠠ ᠦᠨᠡᠯᠡᠬᠦ ᠠᠭᠤᠯᠭ᠎ᠠ ᠳᠤ ᠣᠷᠣᠭᠤᠯᠵᠤ᠂ ᠢᠨᠵᠧᠨᠧᠷᠢᠩ ᠤᠨ ᠲᠥᠷᠥᠯ ᠵᠦᠢᠯ ᠢ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠬᠤᠰᠢᠭᠤ ᠲᠣᠭᠤᠷᠢᠭ ᠤᠨ ᠭᠤᠣᠯᠳᠠᠯᠭ᠎ᠠ ᠲᠠᠢ ᠰᠢᠯᠭᠠᠨ ᠦᠨᠡᠯᠡᠬᠦ ᠲᠥᠷᠥᠯ ᠵᠦᠢᠯ ᠢ ᠠᠬᠢᠭᠤᠯᠬᠤ᠂ ᠪᠡᠯᠡ ᠣᠷᠣᠭᠤᠯᠤᠯᠲᠠ ᠶᠢ ᠪᠡᠶᠡᠯᠡᠭᠦᠯᠬᠦ᠂ ᠬᠠᠷᠢᠶ᠎ᠠ ᠭᠠᠵᠠᠷ ᠲᠤᠨᠢ ᠵᠣᠬᠢᠴᠠᠭᠤᠯᠬᠤ᠂ ᠦᠢᠯᠡᠴᠢᠯᠡᠭᠡ ᠶᠢ ᠪᠠᠲᠤᠯᠠᠬᠤ᠂ ᠪᠠᠷᠢᠯᠭ᠎ᠠ ᠪᠠᠷᠢᠬᠤ ᠶᠠᠰᠤ ᠴᠢᠨᠠᠷ᠂ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ᠂ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ᠂ ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠭᠰᠠᠨ ᠵᠡᠷᠭᠡ ᠪᠠᠶᠢᠳᠠᠯ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠱᠠᠯᠠᠪᠳᠠᠭᠤᠯᠤᠨ ᠠᠬᠢᠭᠤᠯᠬᠤ ᠪᠠ ᠵᠢᠯᠣᠭᠤᠳᠤᠨ ᠦᠢᠯᠡᠴᠢᠯᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠰᠢᠯᠭᠠᠨ ᠦᠨᠡᠯᠡᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠪᠤᠳᠠᠳᠤ ᠠᠵᠢᠯ ᠤᠨ ᠪᠦᠲᠦᠮᠵᠢ ᠶᠢᠨ ᠰᠢᠯᠭᠠᠨ ᠬᠢᠨᠠᠯᠲᠠ ᠪᠠ ᠳᠠᠷᠠᠭ᠎ᠠ ᠵᠢᠯ ᠤᠨ ᠢᠨᠵᠧᠨᠧᠷᠢᠩ ᠤᠨ ᠲᠥᠷᠥᠯ ᠵᠦᠢᠯ ᠢ ᠲᠤᠬᠢᠷᠠᠭᠤᠯᠬᠤ ᠴᠢᠬᠤᠯᠠ ᠦᠨᠳᠦᠰᠦᠯᠡᠯ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠢᠶᠠᠷ ᠬᠦᠷᠦᠯᠴᠡᠬᠦ ᠦᠭᠡᠢ᠂ ᠭᠤᠤᠯᠳᠠᠯᠭ᠎ᠠ ᠲᠠᠢ ᠬᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠦᠭᠡᠢ ᠭᠠᠵᠠᠷ ᠣᠷᠣᠨ ᠳᠤ ᠳᠠᠷᠠᠭ᠎ᠠ ᠵᠢᠯ ᠤᠨ ᠲᠥᠷᠥᠯ ᠵᠦᠢᠯ ᠪᠣᠯᠤᠨ ᠪᠡᠯᠡ ᠮᠥᠩᠭᠦ ᠳᠤᠬᠢᠷᠠᠭᠤᠯᠬᠤ ᠶᠢ ᠲᠦᠷ ᠬᠤᠶᠢᠰᠢᠯᠠᠭᠤᠯᠤᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ