ᠭᠤᠣᠯ ᠡᠭᠦᠷᠭᠡ | ︵ᠨᠢᠭᠡ︶ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠠᠭᠤᠷᠢ ᠪᠠᠲᠤᠯᠠᠭ᠎ᠠ ᠶᠢ ᠴᠢᠩᠭᠠᠳᠬᠠᠨ᠎ᠠ | 1. ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ | ᠭᠠᠵᠠᠷ ᠰᠢᠷᠣᠶ ᠶᠢᠨ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠤᠵᠢᠷᠯᠢᠭ ᠭᠠᠵᠠᠷ ᠤᠨ | ᠨᠡᠶᠢᠳᠡᠮ ᠪᠠᠶᠢᠴᠠᠭᠠᠯᠲᠠ ᠪᠠ ᠬᠠᠮᠢᠶ᠎ᠠ ᠪᠦᠬᠦᠢ ᠲᠡᠦᠬᠡᠨ ᠲᠤᠷᠰᠢᠯᠭ᠎ᠠ ᠶᠢᠨ ᠲᠤᠭ᠎ᠠ ᠪᠠᠷᠢᠮᠲᠠ ᠵᠡᠷᠭᠡ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ | ᠭᠦᠨᠵᠡᠭᠡᠶ ᠵᠠᠳᠠᠯᠤᠨ ᠰᠤᠳᠤᠯᠵᠤ᠂ 2024 ᠣᠨ ᠤ ᠵᠢᠯ ᠤᠨ ᠡᠴᠦᠰ ᠠᠴᠠ ᠡᠮᠦᠨ᠎ᠡ᠂ ᠪᠥᠬᠦ ᠬᠤᠲᠠ ᠶᠢᠨ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠰᠠᠭᠤᠷᠢ | ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠬᠤᠵᠢᠷᠰᠢᠭᠰᠠᠨ ᠭᠠᠵᠠᠷ ᠤᠨ ᠡᠬᠢ ᠪᠠᠶᠠᠯᠢᠭ ᠤᠨ ᠲᠤᠭ᠎ᠠ ᠬᠡᠮᠵᠢᠶ᠎ᠡ᠂ ᠲᠠᠷᠬᠠᠯᠲᠠ᠂ ᠠᠮᠢ ᠠᠬᠤᠶ ᠶᠢᠨ | ᠨᠥᠬᠦᠴᠡᠯ᠂ ᠬᠥᠷᠥᠰᠥ ᠰᠢᠷᠣᠶ ᠶᠢᠨ ᠰᠢᠨᠵᠢ ᠪᠠᠶᠢᠳᠠᠯ᠂ ᠬᠤᠵᠢᠷᠰᠢᠭᠰᠠᠨ ᠬᠡᠮᠵᠢᠶ᠎ᠡ᠂ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ᠂ ᠭᠠᠵᠠᠷ | ᠰᠢᠷᠣᠶ ᠶᠢᠨ ᠡᠷᠬᠡ ᠶᠢᠨ ᠬᠠᠷᠢᠶ᠎ᠠ ᠪᠠ ᠳᠠᠭᠠᠭᠠᠴᠢᠯᠠᠯᠲᠠ ᠡᠵᠡᠩᠨᠡᠯᠲᠡ ᠵᠡᠷᠭᠡ ᠪᠠᠶᠢᠳᠠᠯ ᠢ ᠡᠵᠡᠮᠰᠢᠵᠦ᠂ ᠪᠥᠬᠦ ᠬᠤᠲᠠ ᠶᠢᠨ ᠬᠤᠵᠢᠷᠯᠢᠭ ᠭᠠᠵᠠᠷ ᠤᠨ ᠡᠬᠢ | ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃ ﹇ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ﹈ | 2. ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠪᠦᠬᠦ ᠬᠤᠲᠠ ᠶᠢᠨ ᠬᠤᠵᠢᠷᠯᠢᠬ ᠭᠠᠵᠠᠷ ᠤᠨ | ᠲᠥᠷᠥᠯ ᠵᠦᠢᠯ ᠪᠠ ᠲᠠᠷᠬᠠᠯᠲᠠ ᠶᠢᠨ ᠣᠨᠴᠠᠯᠢᠭ ᠢ ᠦᠨᠳᠦᠰᠦᠯᠡᠵᠦ᠂ ᠤᠰᠤᠨ ᠤ ᠡᠬᠢ ᠪᠠᠶᠠᠯᠢᠭ ᠪᠠ ᠣᠷᠴᠢᠨ ᠲᠣᠭᠤᠷᠢᠨ ᠤ ᠳᠠᠭᠠᠭᠠᠴᠠ ᠪᠠᠷ ᠬᠠᠲᠠᠭᠤ ᠬᠢᠵᠠᠭᠠᠷᠯᠠᠯ | ᠪᠣᠯᠭᠠᠵᠤ᠂ ᠣᠲᠣ ᠶᠢᠨ ᠪᠠᠶᠢᠭ᠎ᠠ ᠬᠤᠵᠢᠷᠯᠢᠬ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠪᠠᠷ ᠭᠤᠤᠯᠳᠠᠯᠭ᠎ᠠ ᠪᠣᠯᠭᠠᠨ᠂ ᠬᠤᠵᠢᠷᠯᠢᠬ ᠭᠠᠵᠠᠷ ᠵᠡᠷᠭᠡ | ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠵᠢᠷᠯᠢᠬ ᠭᠠᠵᠠᠷ ᠢ ᠶᠡᠷᠦᠩᠬᠡᠶᠢᠯᠡᠨ | ᠠᠰᠢᠭᠯᠠᠬᠤ ᠬᠠᠷᠠᠯᠲᠠ ᠡᠭᠦᠷᠭᠡ᠂ ᠨᠡᠭᠡᠭᠡᠨ ᠬᠥᠭᠵᠢᠭᠦᠯᠬᠦ ᠪᠠᠶᠢᠷᠢᠯᠠᠭᠤᠯᠤᠯᠲᠠ᠂ ᠮᠡᠷᠭᠡᠵᠢᠯ ᠤᠨ ᠠᠷᠭ᠎ᠠ ᠵᠠᠮ ᠢ ᠵᠦᠶ ᠵᠣᠬᠢᠰᠲᠠᠶ ᠳᠣᠭᠢᠷᠠᠭᠤᠯᠤᠨ᠂ ᠬᠤᠵᠢᠷᠯᠢᠬ | ᠭᠠᠵᠠᠷ ᠤᠨ ᠤᠨᠴᠠᠯᠢᠭᠳᠤ ᠲᠠᠷᠢᠶᠠᠯᠠᠩ ᠢ ᠬᠥᠭᠵᠢᠭᠦᠯᠵᠦ᠂ ᠣᠷᠣᠨ ᠪᠦᠰᠡ᠂ ᠱᠠᠲᠤ ᠦᠶ᠎ᠡ ᠬᠤᠪᠢᠶᠠᠨ ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ | ᠭᠤᠤᠯᠳᠠᠯᠭ᠎ᠠ ᠲᠠᠢ ᠡᠭᠦᠷᠭᠡ ᠶᠢ ᠬᠡᠷᠡᠭᠵᠢᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ﹈ | 3. ᠬᠤᠵᠢᠷᠯᠢᠭ ᠭᠠᠵᠠᠷ ᠢ ᠬᠢᠨᠠᠨ ᠬᠡᠮᠵᠢᠵᠦ ᠬᠠᠮᠢᠶᠠᠷᠤᠨ ᠬᠠᠮᠠᠭᠠᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠲᠥᠷᠥᠯ ᠵᠦᠢᠯ ᠤᠨ ᠮᠡᠳᠡᠭᠡ ᠵᠠᠩᠭᠢ ᠶᠢ ᠨᠢᠭᠡᠳᠦᠯᠲᠡᠶ ᠪᠠᠷ ᠵᠢᠷᠤᠭ ᠰᠡᠭᠦᠳᠡᠷ ᠲᠠᠢ ᠨᠢ ᠬᠥᠮᠥᠷᠭᠡ ᠳᠤ ᠣᠷᠣᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ | ᠭᠠᠵᠠᠷ ᠰᠢᠷᠣᠶ ᠶᠢᠨ ᠣᠳᠣᠬᠢ ᠪᠠᠶᠢᠳᠠᠯ ᠤᠨ ᠵᠢᠷᠤᠭ ᠢᠶᠠᠷ ᠰᠠᠭᠤᠷᠢ ᠵᠢᠷᠤᠭ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠷᠢᠶᠠᠨ ᠭᠠᠵᠠᠷ ᠤᠨ ᠶᠠᠰᠤ | ᠴᠢᠨᠠᠷ ᠢ ᠬᠢᠨᠠᠨ ᠬᠡᠮᠵᠢᠬᠦ᠂ ᠤᠰᠤ ᠬᠤᠵᠢᠷ ᠪᠠ ᠳᠠᠪᠤᠰᠤᠨ ᠤ ᠬᠡᠮᠵᠢᠶ᠎ᠡ ᠶᠢ ᠬᠥᠳᠡᠯᠦᠩᠭᠦᠶ ᠪᠠᠷ ᠬᠢᠨᠠᠨ ᠬᠡᠮᠵᠢᠬᠦ ᠵᠡᠷᠭᠡ ᠮᠡᠳᠡᠭᠡ ᠵᠠᠩᠭᠢ ᠶᠢ ᠬᠤᠷᠠᠮᠳᠤᠭᠤᠯᠵᠤ᠂ | ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ︽ᠨᠢᠭᠡ ᠵᠢᠷᠤᠭ︾ ᠢ ᠭᠠᠷᠭᠠᠨ᠎ᠠ᠃ ᠬᠤᠵᠢᠷᠰᠢᠬᠰᠠᠨ ᠭᠠᠵᠠᠷ ᠢ ᠬᠢᠨᠠᠨ ᠬᠡᠮᠵᠢᠬᠦ ᠲᠣᠭᠲᠠᠯᠴᠠᠭ᠎ᠠ ᠶᠢ ᠲᠦᠷᠭᠡᠨ | ᠪᠠᠶᠢᠭᠤᠯᠵᠤ᠂ ᠬᠥᠷᠥᠰᠥ ᠰᠢᠷᠣᠢ ᠶᠢᠨ ᠬᠤᠵᠢᠷ᠂ ᠤᠰᠤ ᠪᠠ ᠳᠠᠪᠤᠰᠤᠨ ᠤ ᠬᠡᠮᠵᠢᠶ᠎ᠡ ᠶᠢᠨ ᠬᠥᠳᠡᠯᠦᠩᠭᠦᠢ ᠬᠤᠪᠢᠷᠠᠯᠲᠠ ᠵᠡᠷᠭᠡ ᠬᠢᠨᠠᠨ ᠬᠡᠮᠵᠢᠬᠦ ᠲᠣᠣᠷ ᠰᠦᠯᠵᠢᠶ᠎ᠡ ᠶᠢ | ᠲᠡᠭᠦᠯᠳᠡᠷᠵᠢᠭᠦᠯᠵᠦ᠂ 2024 ᠣᠨ ᠳᠤ ᠬᠤᠵᠢᠷᠰᠢᠭᠰᠠᠨ ᠲᠠᠷᠢᠶᠠᠨ ᠭᠠᠵᠠᠷ ᠤᠨ ᠤᠷᠳᠤ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠢ | 18 ᠪᠠᠶᠢᠭᠤᠯᠤᠨ᠎ᠠ᠃ ᠬᠥᠷᠥᠰᠥ ᠰᠢᠷᠣᠶ ᠶᠢᠨ ᠬᠤᠵᠢᠷᠰᠢᠭᠰᠠᠨ ᠬᠡᠮᠵᠢᠶ᠎ᠡ ᠶᠢ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡᠯᠡᠬᠦ ᠲᠣᠭᠲᠠᠴᠠ ᠶᠢ | ᠪᠠᠶᠢᠭᠤᠯᠵᠤ᠂ ᠬᠡᠨ ᠳᠠᠭᠠᠭᠠᠴᠢᠯᠠᠪᠠᠯ ᠬᠡᠨ ᠬᠠᠮᠢᠶᠠᠷᠴᠤ ᠬᠠᠮᠠᠭᠠᠯᠠᠬᠤ᠂ ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠣᠷᠣᠨ ᠪᠦᠰᠡ | ᠲᠥᠷᠥᠯ ᠬᠡᠯᠪᠡᠷᠢ ᠬᠤᠪᠢᠶᠠᠨ ᠬᠤᠵᠢᠷᠰᠢᠭᠰᠠᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠬᠠᠮᠢᠶᠠᠷᠴᠤ ᠬᠠᠮᠠᠭᠠᠯᠠᠬᠤ ᠬᠡᠪᠴᠢᠶᠡᠨ ᠳᠤ ᠣᠷᠣᠭᠤᠯᠤᠨ᠎ᠠ᠃ ﹇ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶﹈ | 4. ᠠᠮᠢ ᠠᠬᠤᠶ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠨ᠎ᠠ᠃ ᠬᠤᠵᠢᠷᠯᠢᠭ ᠲᠠᠷᠢᠶᠠᠨ ᠭᠠᠵᠠᠷ ᠪᠠ ᠬᠤᠵᠢᠷᠯᠢᠭ ᠠᠲᠠᠷ | ᠭᠠᠵᠠᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠨᠥᠯᠥᠭᠡ ᠶᠢ ᠭᠦᠢᠴᠡᠳ ᠨᠤᠲᠠᠯᠠᠵᠤ | ᠦᠨᠡᠯᠡᠨ ᠵᠢᠱᠢᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠴᠢᠬᠤᠯᠠ ᠨᠤᠭᠤ ᠭᠠᠵᠠᠷ᠂ | ᠭᠤᠤᠯᠳᠠᠯᠭ᠎ᠠ ᠲᠠᠢ ᠡᠯᠡᠰᠦᠷᠬᠡᠭ ᠣᠷᠣᠨ ᠵᠡᠷᠭᠡ ᠣᠷᠣᠨ ᠪᠦᠰᠡ ᠠᠴᠠ ᠵᠠᠶᠢᠯᠠᠵᠦ᠂ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠢ ᠠᠰᠢᠭᠯᠠᠬᠤ ᠣᠨᠴᠠᠯᠢᠭ ᠢ | ᠭᠦᠨᠵᠡᠭᠡᠶ ᠵᠠᠳᠠᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠴᠢᠮ ᠢ ᠬᠢᠵᠠᠭᠠᠷᠯᠠᠵᠤ᠂ ᠠᠮᠢ ᠠᠬᠤᠶ ᠣᠷᠴᠢᠨ ᠲᠣᠭᠤᠷᠢᠨ ᠤ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠵᠦ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠡᠭᠦᠰᠬᠦ ᠠᠴᠠ ᠰᠡᠷᠭᠡᠶᠢᠯᠡᠨ᠎ᠡ᠃ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠪᠠ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠬᠠᠮᠵᠢᠯᠴᠠᠨ ᠠᠬᠢᠭᠤᠯᠵᠤ᠂ ᠬᠤᠵᠢᠷᠯᠢᠭ ᠲᠠᠷᠢᠶᠠᠨ ᠭᠠᠵᠠᠷ ᠢ ᠵᠠᠰᠠᠬᠤ ᠳᠤᠮᠳᠠ | ᠪᠣᠬᠢᠷᠳᠤᠯ ᠤᠨ ᠴᠢᠨᠠᠷᠲᠠᠶ ᠬᠢᠮᠢ ᠶᠢᠨ ᠰᠠᠶᠢᠵᠢᠷᠠᠭᠤᠯᠬᠤ ᠡᠳ᠋ ᠪᠠ ᠬᠦᠨᠳᠦ ᠲᠡᠮᠦᠷᠯᠢᠭ ᠤᠨ ᠪᠠᠷᠢᠮᠵᠢᠶ᠎ᠠ ᠠᠴᠠ ᠬᠡᠲᠦᠷᠡᠭᠰᠡᠨ ᠣᠷᠭᠠᠨᠢᠭ ᠪᠣᠷᠳᠣᠭᠤᠷ ᠬᠡᠷᠡᠭᠯᠡᠬᠦ ᠶᠢ | ᠬᠤᠷᠢᠭᠯᠠᠵᠤ᠂ ᠬᠢᠮᠢ ᠶᠢᠨ ᠪᠣᠷᠳᠣᠭᠤᠷ ᠲᠠᠷᠢᠶᠠᠨ ᠡᠮ ᠵᠡᠷᠭᠡ ᠳᠤ ᠣᠷᠣᠭᠤᠯᠣᠯᠲᠠ ᠶᠢᠨ ᠪᠤᠳᠠᠰ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠬᠦ ᠶᠢ ᠬᠢᠵᠠᠭᠠᠷᠯᠠᠵᠤ᠂ | ᠬᠥᠷᠥᠰᠥ ᠰᠢᠷᠣᠶ ᠪᠠ ᠤᠰᠤᠨ ᠤ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠨ ᠬᠤᠷᠢᠭᠯᠠᠨ᠎ᠠ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ﹈ | ︵ᠬᠤᠶᠠᠷ︶ ᠬᠤᠵᠢᠷᠯᠢᠭ ᠲᠠᠷᠢᠶᠠᠨ ᠭᠠᠵᠠᠷ ᠢ ᠥᠭᠡᠷᠡᠴᠢᠯᠡᠨ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ | 5. ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠬᠤ ᠶᠢ ᠪᠠᠷᠢᠮᠲᠠᠯᠠᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠠᠭ᠎ᠠ ᠬᠡᠮᠵᠢᠶ᠎ᠡ ᠪᠠ ᠳᠤᠮᠳᠠ ᠬᠡᠮᠵᠢᠶ᠎ᠡ ᠪᠠᠷ ᠬᠤᠵᠢᠷᠰᠢᠭᠰᠠᠨ ᠣᠷᠣᠨ | ᠪᠦᠰᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠤᠰᠤᠯᠠᠬᠤ ᠤᠰᠤ ᠵᠠᠯᠠᠬᠤ᠂ ᠥᠨᠳᠥᠷ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠵᠡᠷᠭᠡ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠳᠥᠬᠦᠭᠡᠷᠦᠮᠵᠢ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠵᠦ᠂ | ᠢᠨᠵᠧᠨᠧᠷᠢᠩ᠂ ᠲᠠᠷᠢᠶᠠᠯᠠᠩ ᠤᠨ ᠮᠡᠷᠭᠡᠵᠢᠯ᠂ ᠬᠢᠮᠢ᠂ ᠠᠮᠢᠳᠤ ᠪᠣᠳᠠᠰ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠣᠷᠣᠨ ᠬᠤᠪᠢᠶᠠᠨ ᠲᠥᠷᠥᠯ ᠬᠡᠯᠪᠡᠷᠢ | ᠬᠤᠪᠢᠶᠠᠨ ᠬᠤᠵᠢᠷᠯᠢᠭ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠬᠤᠵᠢᠷᠯᠢᠭ ᠭᠠᠵᠠᠷ ᠢ ᠱᠠᠲᠤ ᠬᠤᠪᠢᠶᠠᠨ ᠠᠰᠢᠭᠯᠠᠬᠤ ᠤᠰᠤ ᠠᠷᠪᠢᠯᠠᠵᠤ ᠬᠤᠵᠢᠷᠰᠢᠬᠤ ᠶᠢ ᠬᠢᠵᠠᠭᠠᠷᠯᠠᠬᠤ ︽ᠣᠷᠳᠣᠰ ᠤᠨ | ᠵᠠᠭᠪᠤᠷ︾ ᠢ ᠭᠤᠤᠯᠳᠠᠯᠭ᠎ᠠ ᠲᠠᠢ ᠳᠡᠯᠭᠡᠷᠡᠭᠦᠯᠵᠦ᠂ ᠤᠰᠤ ᠠᠷᠪᠢᠯᠠᠬᠤ ᠤᠰᠤᠯᠠᠯᠲᠠ᠂ ᠠᠮᠢᠳᠤ ᠪᠣᠳᠠᠰ ᠤᠨ ᠴᠢᠩᠭᠠᠷᠠᠭᠤᠯᠤᠯᠲᠠ᠂ ᠬᠤᠵᠢᠷᠰᠢᠬᠤ ᠶᠢ ᠬᠢᠵᠠᠭᠠᠷᠯᠠᠨ | ᠬᠥᠷᠥᠰᠦ ᠰᠢᠷᠣᠢ ᠶᠢ ᠰᠢᠮᠡᠵᠢᠭᠦᠯᠬᠦ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ᠂ ᠬᠤᠵᠢᠷ ᠲᠤ ᠲᠡᠰᠪᠦᠷᠢᠲᠡᠶ ᠲᠠᠷᠢᠮᠠᠯ ᠲᠠᠷᠢᠬᠤ ᠵᠡᠷᠭᠡ ᠮᠡᠷᠭᠡᠵᠢᠯ ᠤᠨ ᠠᠷᠭ᠎ᠠ | ᠬᠡᠮᠵᠢᠶ᠎ᠡ ᠶᠢ ᠳᠣᠪᠤᠶᠢᠯᠭᠠᠨ᠎ᠠ᠃ 2025 ᠣᠨ ᠪᠣᠯᠬᠤ ᠳᠤ᠂ ᠬᠤᠵᠢᠷᠯᠢᠭ ᠲᠠᠷᠢᠶᠠᠨ ᠭᠠᠵᠠᠷ ᠢ ᠰᠠᠶᠢᠵᠢᠷᠠᠭᠤᠯᠤᠨ ᠥᠭᠡᠷᠡᠴᠢᠯᠡᠬᠦ ᠪᠠ ᠶᠡᠷᠦᠩᠬᠡᠶᠢᠯᠡᠨ ᠠᠰᠢᠭᠯᠠᠬᠤ | ᠠᠵᠢᠯ ᠢ 10 ᠲᠦᠮᠡᠨ ᠮᠥ ᠥᠷᠨᠢᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ﹈ | 6. ᠲᠠᠷᠢᠶᠠᠨ ᠭᠠᠵᠠᠷ ᠬᠤᠵᠢᠷᠰᠢᠬᠤ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠢᠨᠵᠧᠨᠧᠷᠢᠩ ᠢ ᠥᠷᠨᠢᠭᠦᠯᠦᠨ᠎ᠡ᠃ ᠠᠮᠠᠷᠬᠠᠨ ᠬᠤᠵᠢᠷᠰᠢᠬᠤ ᠲᠠᠷᠢᠶᠠᠨ | ᠭᠠᠵᠠᠷ ᠤᠨ ᠣᠷᠣᠨ ᠪᠦᠰᠡ ᠳᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ᠂ ᠤᠰᠤ ᠵᠠᠯᠠᠬᠤ ᠰᠢᠰᠲ᠋ᠧᠮ ᠨᠢ ᠲᠥᠬᠦᠷᠵᠢᠭᠰᠡᠨ ᠦᠭᠡᠶ᠂ ᠶᠡᠭᠡ ᠤᠰᠤ ᠪᠠᠷ ᠴᠢᠳᠬᠤᠨ ᠤᠰᠤᠯᠠᠬᠤ᠂ ᠤᠰᠤ ᠵᠠᠯᠠᠬᠤ ᠶᠢ | ᠬᠠᠷᠰᠢᠯᠠᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠬᠤᠳᠳᠤᠭ ᠤᠨ ᠤᠰᠤᠯᠠᠯᠲᠠ ᠶᠢᠨ ᠣᠷᠣᠨ ᠳᠤ ᠳᠤᠰᠤᠯᠭᠠᠨ ᠤᠰᠤᠯᠠᠬᠤ ᠤᠰᠤ ᠪᠣᠷᠳᠣᠭᠤᠷ ᠢ | ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠬᠠᠲᠤᠨ ᠭᠤᠤᠯ ᠤᠨ ᠤᠰᠤᠯᠠᠯᠲᠠ ᠶᠢᠨ ᠣᠷᠣᠨ ᠳᠤ ᠬᠤᠳᠳᠤᠭ ᠤᠨ ᠤᠰᠤ ᠪᠠ ᠬᠠᠲᠤᠨ ᠭᠤᠤᠯ ᠤᠨ ᠤᠰᠤ | ᠪᠠᠷ ᠴᠦᠮ ᠤᠰᠤᠯᠠᠬᠤ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠵᠦ᠂ ᠭᠠᠵᠠᠷ ᠳᠣᠤᠷᠠᠬᠢ ᠤᠰᠤᠨ ᠲᠦᠪᠰᠢᠨ | ᠪᠣᠯᠤᠨ ᠲᠠᠷᠢᠶᠠᠯᠠᠬᠤ ᠳᠠᠪᠬᠤᠷᠭ᠎ᠠ ᠶᠢᠨ ᠬᠤᠵᠢᠷᠰᠢᠯ ᠢ ᠠᠯᠬᠤᠮ ᠠᠯᠬᠤᠮ ᠢᠶᠠᠷ ᠬᠢᠵᠠᠭᠠᠷᠯᠠᠨ᠎ᠠ᠃ ᠪᠣᠷᠳᠣᠭᠤᠷ ᠣᠷᠣᠭᠤᠯᠬᠤ᠂ ᠲᠠᠷᠢᠶᠠᠯᠠᠬᠤ ᠵᠡᠷᠭᠡ ᠲᠠᠷᠢᠶᠠᠯᠠᠩ ᠤᠨ | ᠮᠡᠷᠭᠡᠵᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠰᠢ ᠰᠦᠷᠡᠯ ᠢ ᠲᠠᠷᠢᠶᠠᠨ ᠳᠤ | ᠣᠷᠣᠭᠤᠯᠬᠤ᠂ ᠣᠷᠭᠠᠨᠢᠭ ᠪᠣᠷᠳᠣᠭᠤᠷ ᠬᠡᠷᠡᠭᠯᠡᠬᠦ ᠪᠠ ᠭᠠᠵᠠᠷ ᠰᠢᠷᠣᠶ ᠶᠢ ᠭᠦᠨ ᠤᠷᠪᠠᠭᠤᠯᠬᠤ ᠪᠠᠷ ᠭᠤᠣᠯ ᠪᠣᠯᠭᠠᠭᠰᠠᠨ ᠶᠡᠷᠦᠩᠬᠡᠶᠢᠯᠡᠭᠰᠡᠨ ᠮᠡᠷᠭᠡᠵᠢᠯ ᠤᠨ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠡᠷᠡᠭᠦᠯ ᠪᠥᠭᠡᠳ ᠥᠩ ᠰᠢᠮᠡᠯᠢᠭ ᠲᠠᠷᠢᠶᠠᠯᠠᠬᠤ ᠳᠠᠪᠬᠤᠷᠭ᠎ᠠ ᠶᠢ ᠪᠤᠢ ᠪᠤᠯᠭᠠᠵᠤ᠂ ᠤᠰᠤ ᠪᠠ ᠪᠤᠷᠳᠤᠭᠤᠷ ᠢ ᠬᠠᠮᠠᠭᠠᠯᠠᠬᠤ ᠴᠢᠳᠠᠪᠤᠷᠢ | ᠪᠣᠯᠤᠨ ᠲᠠᠷᠢᠮᠠᠯ ᠤᠨ ᠰᠥᠷᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠬᠤᠵᠢᠷᠰᠢᠬᠤ ᠶᠢ ᠪᠦᠲᠦᠮᠵᠢᠲᠡᠶ ᠪᠠᠷ ᠬᠤᠷᠢᠭᠯᠠᠨ᠎ᠠ᠃ ﹇ᠬᠠᠷᠢᠭᠤᠴᠠᠯᠭᠠᠲᠤ | ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ﹈ | ︵ᠭᠤᠷᠪᠠ︶ ᠬᠤᠵᠢᠷᠯᠢᠭ ᠠᠲᠠᠷ ᠭᠠᠵᠠᠷ ᠢ ᠨᠡᠭᠡᠭᠡᠨ ᠠᠰᠢᠭᠯᠠᠬᠤ ᠶᠢ ᠯᠠᠪᠳᠠᠭᠤᠨ ᠢᠶᠠᠷ ᠠᠬᠢᠭᠤᠯᠤᠨ᠎ᠠ | 7. ᠬᠤᠵᠢᠷᠯᠢᠬ ᠭᠠᠵᠠᠷ ᠵᠡᠷᠭᠡ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠲᠥᠯᠥᠪᠵᠢᠭᠦᠯᠭᠡ ᠶᠢᠨ ᠶᠣᠰᠤᠭᠠᠷ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠲᠥᠷᠥᠯ ᠬᠡᠯᠪᠡᠷᠢ ᠪᠠ ᠲᠠᠷᠬᠠᠯᠲᠠ ᠲᠠᠢ ᠤᠶᠠᠯᠳᠤᠭᠤᠯᠤᠨ᠂ ᠠᠮᠢ | ᠠᠬᠤᠶ᠂ ᠠᠭᠤᠷ ᠠᠮᠢᠰᠬᠤᠯ᠂ ᠬᠥᠷᠥᠰᠥ ᠰᠢᠷᠣᠶ᠂ ᠣᠷᠣᠨ ᠪᠠᠶᠢᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠥᠷᠭᠡᠦ ᠶᠢ ᠳᠠᠭᠠᠭᠠᠬᠤ ᠲᠥᠷᠥᠯ | ᠵᠦᠢᠯ᠂ ᠤᠰᠤ ᠢᠯᠴᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ᠂ ᠬᠥᠷᠥᠰᠥ ᠰᠢᠷᠣᠶ ᠶᠢᠨ ᠬᠠᠷᠰᠢ ᠰᠠᠭᠠᠳ ᠢ ᠠᠷᠢᠯᠭᠠᠬᠤ | ᠮᠡᠷᠭᠡᠵᠢᠯ ᠵᠢᠴᠢ ᠤᠷᠭᠤᠮᠠᠯ — ᠬᠥᠷᠥᠰᠥ ᠰᠢᠷᠤᠢ —ᠮᠢᠺᠷᠣᠪ ᠬᠠᠷᠢᠯᠴᠠᠨ ᠦᠢᠯᠡᠳᠦᠯᠴᠡᠵᠤ ᠬᠥᠷᠥᠰᠦ ᠰᠢᠷᠤᠢ ᠶᠢ ᠰᠢᠮᠡᠵᠢᠭᠦᠯᠬᠦ ᠮᠡᠷᠭᠡᠵᠢᠯ ᠵᠡᠷᠭᠡ ᠶᠢ | ᠬᠤᠷᠠᠮᠳᠤᠭᠤᠯᠵᠤ᠂ ᠮᠡᠷᠭᠡᠵᠢᠯ ᠢ ᠵᠦᠶ ᠵᠣᠬᠢᠰᠲᠠᠶ ᠠᠰᠢᠭᠯᠠᠬᠤ ᠵᠠᠭᠪᠤᠷ ᠢ ᠪᠠᠶᠢᠭᠤᠯᠵᠤ᠂ ᠢᠳᠡᠪᠬᠢᠲᠡᠶ ᠪᠥᠭᠡᠳ ᠯᠠᠪᠳᠠᠭᠤᠨ᠂ ᠤᠷᠢᠳᠠᠪᠠᠷ ᠬᠢᠯᠪᠠᠷ ᠢ ᠨᠢ ᠳᠠᠷᠠᠭ᠎ᠠ ᠨᠢ | ᠬᠦᠴᠢᠷᠲᠡᠶ ᠶᠢ ᠨᠢ ᠬᠢᠬᠦ ᠵᠠᠷᠴᠢᠮ ᠶᠣᠰᠣᠭᠠᠷ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠱᠠᠲᠤ ᠳᠠᠷᠠᠭᠠᠯᠠᠨ ᠠᠬᠢᠭᠤᠯᠵᠤ᠂ | ᠲᠥᠪᠯᠡᠷᠡᠭᠦᠯᠦᠨ ᠵᠠᠯᠭᠠᠯᠳᠤᠭᠤᠯᠤᠨ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ ᠨᠥᠬᠦᠴᠡᠯ ᠲᠠᠢ ᠪᠠᠭ᠎ᠠ ᠬᠡᠮᠵᠢᠶ᠎ᠡ ᠪᠠᠷ ᠬᠤᠵᠢᠷᠰᠢᠭᠰᠠᠨ ᠭᠠᠵᠠᠷ ᠵᠡᠷᠭᠡ ᠲᠠᠷᠢᠶᠠᠨ | ᠭᠠᠵᠠᠷ ᠤᠨ ᠪᠡᠯᠡᠳᠬᠡᠯ ᠡᠬᠢ ᠪᠠᠶᠠᠯᠢᠭ ᠢ ᠤᠷᠢᠳᠠᠪᠠᠷ ᠨᠡᠭᠡᠭᠡᠨ ᠬᠥᠭᠵᠢᠭᠦᠯᠵᠦ᠂ ᠮᠡᠷᠭᠡᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠳᠦᠰᠦᠯᠡᠨ᠂ ᠳᠤᠮᠳᠠ ᠪᠠ | ᠶᠡᠭᠡ ᠬᠡᠮᠵᠢᠶ᠎ᠡ ᠪᠠᠷ ᠬᠤᠵᠢᠷᠰᠢᠭᠰᠠᠨ ᠭᠠᠵᠠᠷ ᠳᠠᠰᠢ ᠠᠯᠬᠤᠮ ᠠᠯᠬᠤᠮ ᠢᠶᠠᠷ ᠥᠷᠭᠡᠳᠬᠡᠨ᠎ᠡ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ | ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ﹈ | 8. ᠣᠶᠢᠲᠤ ᠭᠠᠵᠠᠷ ᠨᠤᠲᠤᠭ ᠪᠡᠯᠴᠢᠭᠡᠷ ᠨᠤᠭᠤ ᠭᠠᠵᠠᠷ ᠡᠯᠡᠰᠦᠷᠬᠡᠭ ᠭᠠᠵᠠᠷ ᠤᠨ ᠬᠤᠵᠢᠷᠯᠢᠭ ᠭᠠᠵᠠᠷ ᠤᠨ ᠵᠠᠰᠠᠯᠲᠠ ᠶᠢ ᠠᠬᠢᠭᠤᠯᠤᠨ᠎ᠠ᠃ ︽ᠤᠮᠠᠷᠠᠳᠤ ᠶᠢᠨ | ᠭᠤᠷᠪᠠᠨ ᠤᠷᠤᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠬᠤ ᠲᠠᠢ ᠤᠶᠠᠯᠳᠤᠭᠤᠯᠤᠨ᠂ ᠬᠠᠲᠤᠨ ᠭᠤᠣᠯ ᠤᠨ ᠳᠤᠬᠤᠢ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠵᠡᠷᠭᠡ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠣᠶᠢᠲᠤ ᠭᠠᠵᠠᠷ ᠪᠡᠯᠴᠢᠭᠡᠷ ᠨᠤᠭᠤ | ᠭᠠᠵᠠᠷ ᠡᠯᠡᠰᠦᠷᠬᠡᠭ ᠭᠠᠵᠠᠷ ᠤᠨ ᠬᠤᠵᠢᠷᠯᠢᠭ ᠭᠠᠵᠠᠷ ᠢ ᠰᠢᠰᠲ᠋ᠧᠮ ᠲᠠᠢ ᠵᠠᠰᠠᠬᠤ ᠪᠠ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ︵ᠳᠥᠷᠪᠡ︶ ᠬᠤᠵᠢᠷᠯᠢᠬ ᠭᠠᠵᠠᠷ ᠤᠨ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ | 9. ᠲᠥᠷᠥᠯ ᠬᠤᠪᠢᠶᠠᠨ ᠠᠷᠭ᠎ᠠ ᠪᠣᠳᠣᠯᠭ᠎ᠠ ᠠᠪᠴᠤ ᠬᠤᠵᠢᠷᠯᠢᠭ ᠭᠠᠵᠠᠷ ᠢ ᠠᠰᠢᠭᠯᠠᠨ᠎ᠠ᠃ ᠬᠠᠮ ᠢᠳᠡᠭᠡᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ | ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ᠂ ᠲᠠᠷᠢᠮᠠᠯ ᠲᠡᠵᠢᠭᠡᠪᠦᠷᠢ ᠪᠠ ᠪᠣᠯᠪᠠᠰᠤᠷᠠᠭᠤᠯᠤᠨ ᠡᠳ᠋ᠰᠢᠭᠦᠯᠬᠦ ᠶᠢ | ᠤᠶᠠᠯᠳᠤᠭᠤᠯᠬᠤ ᠶᠢ ᠪᠠᠷᠢᠮᠲᠠᠯᠠᠵᠤ᠂ ᠬᠤᠵᠢᠷᠯᠢᠭ ᠭᠠᠵᠠᠷ ᠲᠤ ᠠᠮᠤ ᠪᠤᠳᠠᠭ᠎ᠠ ᠲᠠᠷᠢᠵᠤ ᠭᠠᠷᠭᠠᠬᠤ ᠪᠠᠷ ᠴᠢᠷᠮᠠᠶᠢᠨ᠎ᠠ᠃ ᠳᠤᠮᠳᠠ ᠵᠡᠷᠭᠡ ᠪᠠ ᠪᠠᠭ᠎ᠠ ᠬᠡᠮᠵᠢᠶ᠎ᠡ ᠪᠠᠷ | ᠬᠤᠵᠢᠷᠰᠢᠭᠰᠠᠨ ᠭᠠᠵᠠᠷ ᠢ ᠭᠡᠷᠡᠯ ᠢᠯᠴᠢ ᠬᠥᠷᠥᠰᠥ ᠰᠢᠷᠣᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠠᠮᠤ ᠪᠤᠳᠠᠭ᠎ᠠ᠂ ᠠᠵᠤ | ᠠᠬᠤᠢ ᠶᠢᠨ ᠲᠠᠷᠢᠮᠠᠯ ᠪᠠ ᠲᠡᠵᠢᠭᠡᠯ ᠡᠪᠡᠰᠦ ᠦᠢᠯᠡᠳᠪᠦᠷᠢᠯᠡᠬᠦ ᠳᠤ ᠬᠡᠷᠡᠭᠯᠡᠵᠦ᠂ ᠡᠷᠳᠡᠨᠢ ᠰᠢᠰᠢ᠂ ᠨᠡᠷᠡᠨ ᠬᠤᠸᠠᠷ᠂ ᠰᠢᠷ᠎ᠠ ᠪᠤᠷᠴᠠᠭ᠂ ᠰᠢᠰᠢ᠂ ᠴᠠᠷᠭᠠᠰᠤ ᠵᠡᠷᠭᠡ | ᠬᠤᠵᠢᠷ ᠲᠤ ᠲᠡᠰᠪᠦᠷᠢᠲᠡᠶ ᠲᠠᠷᠢᠮᠠᠯ ᠤᠨ ᠳᠠᠪᠠᠭᠤᠯᠢᠭ ᠭᠠᠷᠤᠯᠲᠠ ᠶᠢᠨ ᠣᠷᠣᠨ ᠢ ᠲᠥᠯᠥᠪᠵᠢᠭᠦᠯᠵᠦ᠂ ᠨᠢᠭᠡᠴᠢ ᠤᠨᠠᠯᠲᠠ ᠶᠢᠨ ᠲᠦᠪᠰᠢᠨ ᠢ ᠬᠦᠴᠦᠯᠡᠨ | ᠳᠡᠭᠡᠭᠰᠢᠯᠡᠭᠦᠯᠬᠦ ᠶᠢᠨ ᠬᠠᠮᠲᠤ ᠬᠥᠷᠥᠰᠥ ᠰᠢᠷᠣᠢ ᠶᠢ ᠰᠠᠶᠢᠵᠢᠷᠠᠭᠤᠯᠬᠤ ᠶᠢ ᠴᠢᠬᠤᠯᠠᠴᠢᠯᠠᠵᠤ᠂ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠶᠡᠭᠡ ᠬᠡᠮᠵᠢᠶ᠎ᠡ ᠪᠠᠷ ᠬᠤᠵᠢᠷᠰᠢᠭᠰᠠᠨ ᠭᠠᠵᠠᠷ ᠢ ᠡᠬᠢ ᠪᠠᠶᠠᠯᠢᠭ ᠤᠨ ᠨᠥᠬᠦᠴᠡᠯ ᠢ ᠦᠨᠳᠦᠰᠦᠯᠡᠨ ᠲᠣᠬᠢᠷᠠᠮᠵᠢᠲᠠᠶ ᠤᠨᠴᠠᠯᠢᠬᠳᠤ ᠤᠷᠭᠤᠮᠠᠯ᠂ | ᠲᠡᠵᠢᠭᠡᠯ ᠪᠣᠷᠳᠣᠭᠠᠨ ᠤ ᠲᠠᠷᠢᠮᠠᠯ᠂ ᠠᠵᠤ ᠠᠬᠤᠶ ᠶᠢᠨ ᠣᠶ ᠶᠢ ᠲᠠᠷᠢᠬᠤ ᠪᠠ ᠤᠰᠤᠨ ᠭᠠᠷᠤᠯᠲᠠ ᠶᠢ ᠬᠥᠭᠵᠢᠭᠦᠯᠵᠦ᠂ ᠠᠮᠢ ᠠᠬᠤᠶ ᠶᠢᠨ ᠦᠷ᠎ᠡ ᠠᠰᠢᠭ ᠢ | ᠪᠠᠳᠠᠷᠠᠭᠤᠯᠬᠤ ᠶᠢ ᠴᠢᠬᠤᠯᠠᠴᠢᠯᠠᠨ᠂ ᠬᠥᠷᠥᠰᠥ ᠰᠢᠷᠣᠶ ᠶᠢᠨ ᠳᠠᠪᠤᠰᠤᠨ ᠤ ᠬᠡᠮᠵᠢᠶ᠎ᠡ ᠶᠢ ᠪᠠᠭᠤᠷᠠᠭᠤᠯᠬᠤ ᠶᠢ ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ ᠢ | ᠬᠠᠮᠲᠤ ᠳᠤᠨᠢ ᠬᠠᠷᠠᠭᠠᠯᠵᠠᠨ᠎ᠠ᠃ ᠲᠠᠷᠢᠶᠠᠯᠠᠬᠤ ᠳᠤ ᠲᠣᠬᠢᠷᠠᠬᠤ ᠦᠭᠡᠢ ᠬᠤᠵᠢᠷᠯᠢᠭ ᠭᠠᠵᠠᠷ ᠢ ᠲᠥᠬᠦᠭᠡᠷᠦᠮᠵᠢᠲᠦ ᠲᠠᠷᠢᠮᠠᠯ ᠲᠡᠵᠢᠭᠡᠪᠦᠷᠢ ᠲᠡᠵᠢᠭᠡᠨ ᠦᠷᠡᠵᠢᠭᠦᠯᠬᠦ ᠶᠢ | ᠵᠣᠬᠢᠰᠲᠠᠢ ᠬᠥᠭᠵᠢᠭᠦᠯᠵᠦ᠂ ᠬᠤᠵᠢᠷᠯᠢᠭ ᠭᠠᠵᠠᠷ ᠤᠨ ᠴᠥᠭᠦᠷᠥᠮ ᠤᠨ ᠲᠡᠵᠢᠭᠡᠪᠦᠷᠢ ᠪᠠ ᠵᠢᠭᠠᠰᠤ ᠲᠡᠵᠢᠭᠡᠵᠤ ᠲᠠᠷᠢᠮᠠᠯ ᠲᠠᠷᠢᠬᠤ ᠶᠡᠷᠦᠩᠬᠡᠶᠢᠯᠡᠭᠰᠡᠨ ᠠᠰᠢᠭᠯᠠᠯᠲᠠ ᠶᠢ | ᠰᠦᠪᠡᠭᠴᠢᠯᠡᠨ ᠥᠷᠨᠢᠭᠦᠯᠵᠦ᠂ ᠬᠤᠵᠢᠷᠯᠢᠭ ᠭᠠᠵᠠᠷ ᠢ ᠠᠰᠢᠭᠯᠠᠨ ᠡᠪᠡᠰᠦ ᠮᠣᠳᠣ ᠲᠠᠷᠢᠬᠤ ᠶᠢ ᠵᠣᠷᠢᠭᠵᠢᠭᠤᠯᠵᠤ᠂ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠤᠨ᠎ᠠ | ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ﹈ | 10. ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ᠂ ᠪᠣᠬᠢᠷᠲᠤᠯ ᠥᠬᠡᠶ ᠪᠣᠯᠭᠠᠬᠤ ᠴᠢᠭᠯᠡᠯ ᠢ ᠪᠠᠷᠢᠮᠲᠠᠯᠠᠵᠤ᠂ ᠠᠮᠤ ᠪᠤᠳᠠᠭ᠎ᠠ ᠲᠣᠰᠣ᠂ ᠭᠤᠸ᠎ᠠ ᠵᠢᠮᠢᠰ ᠢᠳᠡᠰᠢᠨ ᠨᠣᠭᠤᠭ᠎ᠠ᠂ ᠣᠶ ᠰᠢᠭᠤᠶ ᠡᠪᠡᠰᠦ | ᠵᠢᠭᠠᠰᠤ ᠵᠡᠷᠭᠡ ᠬᠤᠵᠢᠷᠯᠢᠭ ᠭᠠᠵᠠᠷ ᠤᠨ ᠣᠨᠴᠠᠯᠢᠭᠲᠤ ᠠᠵᠤ ᠦᠢᠯᠡᠰ ᠢ ᠴᠢᠨᠠᠷ ᠰᠠᠶᠢᠲᠠᠶ ᠴᠤᠭᠴᠠᠯᠠᠨ᠎ᠠ᠃ ᠨᠥᠬᠦᠴᠡᠯ ᠲᠠᠢ ᠭᠠᠵᠠᠷ ᠣᠷᠣᠨ ᠤ ᠬᠤᠵᠢᠷᠯᠢᠭ ᠭᠠᠵᠠᠷ | ᠪᠠ ᠪᠡᠯᠴᠢᠭᠡᠷ ᠤᠨ ᠡᠬᠢ ᠪᠠᠶᠠᠯᠢᠭ ᠢ ᠠᠰᠢᠭᠯᠠᠨ ᠥᠨᠳᠥᠷ ᠪᠥᠭᠡᠳ ᠲᠣᠭᠲᠠᠭᠤᠨ ᠭᠠᠷᠤᠯᠲᠠ ᠲᠠᠢ ᠲᠡᠵᠢᠭᠡᠯ ᠡᠪᠡᠰᠦ ᠪᠣᠷᠳᠣᠭᠠᠨ ᠤ ᠳᠠᠭᠤᠷᠢᠶᠠᠯ ᠦᠵᠡᠭᠦᠯᠬᠦ | ᠰᠠᠭᠤᠷᠢᠨ ᠭᠠᠵᠠᠷ ᠪᠠᠶᠢᠭᠤᠯᠵᠤ᠂ ᠳᠥᠬᠦᠭᠡᠷᠦᠮᠵᠢᠲᠦ ᠮᠠᠯ ᠠᠵᠤ ᠠᠬᠤᠶ ᠶᠢ ᠬᠥᠭᠵᠢᠭᠦᠯᠬᠦ ᠶᠢ ᠳᠡᠮᠵᠢᠬᠦ ᠬᠡᠷᠡᠭᠲᠡᠶ᠃ ᠬᠤᠵᠢᠷᠯᠢᠭ ᠭᠠᠵᠠᠷ ᠤᠨ ᠣᠨᠴᠠᠯᠢᠭᠲᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠲᠥᠷᠥᠯ ᠲᠡᠮᠳᠡᠭᠲᠦ ᠶᠢᠨ | ᠡᠵᠡᠩᠨᠡᠨ ᠪᠣᠷᠣᠯᠠᠭᠤᠯᠤᠯᠲᠠ ᠶᠢ ᠢᠳᠡᠪᠬᠢᠲᠡᠢ ᠬᠥᠭᠵᠢᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢ ᠴᠤᠭᠴᠠᠯᠠᠨ᠎ᠠ᠃ ᠬᠤᠵᠢᠷᠯᠢᠭ ᠭᠠᠵᠠᠷ ᠤᠨ ᠪᠣᠬᠢᠷᠲᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ | ᠭᠡᠷᠡᠴᠢᠯᠡᠯᠲᠡ ᠶᠢ ᠠᠬᠢᠭᠤᠯᠤᠨ᠎ᠠ᠃ ︽ᠡᠪᠡᠰᠦ ᠭᠡᠷᠡᠯ ᠢ ᠬᠠᠷᠢᠯᠴᠠᠨ ᠨᠥᠬᠦᠪᠥᠷᠢᠯᠡᠬᠦ︾ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠯᠡᠵᠦ᠂ ᠬᠡᠷᠡᠯ ᠴᠡᠨᠡᠭ ᠤᠨ ᠪᠥᠲᠥᠭᠡᠨ | ᠪᠠᠶᠢᠭᠤᠯᠤᠯᠲᠠ ᠪᠠ ᠬᠤᠵᠢᠷᠯᠢᠭ ᠭᠠᠵᠠᠷ ᠤᠨ ᠵᠠᠰᠠᠯᠲᠠ ᠶᠢ ᠠᠬᠢᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠬᠤᠲᠠ ᠶᠢᠨ ᠡᠨᠧᠷᠭᠢ ᠶᠢᠨ ᠲᠣᠪᠴᠢᠶ᠎ᠠ﹈ | 11. ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠪᠤᠶᠢᠵᠢᠭᠤᠯᠤᠨ᠎ᠠ᠃ ᠳᠠᠯᠠᠳ ᠬᠤᠰᠢᠭᠤ᠂ ᠬᠠᠩᠭᠢᠨ ᠬᠤᠰᠢᠭᠤ ᠵᠡᠷᠭᠡ ᠬᠤᠵᠢᠷᠯᠢᠭ ᠭᠠᠵᠠᠷ | ᠲᠥᠪᠯᠡᠷᠡᠭᠰᠡᠨ ᠭᠠᠵᠠᠷ ᠣᠷᠣᠨ ᠳᠤ ᠪᠠᠯᠠ ᠮᠥᠩᠭᠦ ᠶᠢᠨ ᠪᠣᠳᠠᠲᠤ ᠬᠦᠴᠦᠨ ᠢᠶᠠᠷ ᠴᠢᠩᠭ᠎ᠠ᠂ ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ | ᠲᠣᠭᠲᠠᠴᠠ ᠲᠡᠭᠦᠯᠳᠡᠷ᠂ ᠳᠠᠭᠤᠷᠢᠶᠠᠯ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢᠶᠠᠷ ᠲᠣᠪᠤᠶᠢᠮ᠎ᠠ ᠴᠢᠨᠠᠷ ᠰᠠᠶᠢᠲᠠᠶ ᠬᠥᠲᠥᠴᠢ ᠠᠵᠤ ᠠᠬᠤᠶᠢᠯᠠᠯ ᠢ | ᠪᠤᠶᠢᠵᠢᠭᠤᠯᠤᠨ ᠣᠷᠣᠭᠤᠯᠵᠤ᠂ ᠳᠠᠭᠠᠭᠤᠯᠤᠭᠴᠢ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ᠂ | ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠤᠵᠢᠷ ᠲᠤ ᠲᠡᠰᠪᠦᠷᠢᠲᠠᠢ ᠰᠠᠶᠢᠨ ᠦᠷ᠎ᠡ ᠶᠢ ᠰᠤᠳᠤᠯᠤᠨ ᠨᠡᠭᠡᠭᠡᠵᠦ ᠳᠡᠯᠭᠡᠷᠡᠭᠦᠯᠬᠦ᠂ | ᠬᠤᠵᠢᠷᠯᠢᠭ ᠭᠠᠵᠠᠷ ᠢ ᠨᠡᠭᠡᠭᠡᠨ ᠠᠰᠢᠭᠯᠠᠵᠤ ᠰᠠᠶᠢᠵᠢᠷᠠᠭᠤᠯᠬᠤ᠂ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠬᠦ ᠵᠡᠷᠭᠡ | ᠲᠠᠯ᠎ᠠ ᠪᠠᠷ ᠳᠠᠭᠠᠭᠤᠯᠤᠭᠴᠢ ᠦᠢᠯᠡᠳᠦᠯ ᠦᠵᠡᠭᠦᠯᠵᠤ᠂ ᠬᠤᠵᠢᠷᠯᠢᠭ ᠭᠠᠵᠠᠷ ᠢ ᠨᠡᠭᠡᠭᠡᠨ ᠠᠰᠢᠭᠯᠠᠵᠤ ᠰᠠᠶᠢᠵᠢᠷᠠᠭᠤᠯᠬᠤ᠂ ᠦᠢᠯᠡᠳᠪᠦᠷᠢᠯᠡᠨ ᠪᠤᠷᠤᠯᠠᠭᠤᠯᠵᠤ | ᠡᠳ᠋ᠰᠢᠭᠦᠯᠬᠦ᠂ ᠲᠠᠷᠢᠶᠠᠯᠠᠩ ᠢᠳᠡᠭᠡᠨ ᠠᠵᠤ ᠦᠢᠯᠡᠰ ᠰᠣᠶᠣᠯ ᠵᠢᠭᠤᠯᠴᠢᠯᠠᠯ ᠵᠡᠷᠭᠡ ᠡᠵᠡᠩᠨᠡᠯᠲᠡ ᠶᠢᠨ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ | ᠃ ᠨᠥᠬᠦᠴᠡᠯ ᠳᠤ ᠨᠡᠶᠢᠴᠡᠬᠦ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠴᠤ ᠪᠠᠯᠠ ᠲᠣᠬᠢᠷᠠᠭᠤᠯᠬᠤ ᠶᠢ ᠳᠡᠮᠵᠢᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠭᠤᠤᠯ ᠴᠣᠭᠴᠠ ᠶᠢᠨ ᠦᠢᠯᠡᠳᠦᠯ ᠢ ᠨᠠᠩ | ᠰᠠᠶᠢᠲᠤᠷ ᠪᠠᠳᠠᠷᠠᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ︶ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈ | ︵ᠲᠠᠪᠤ︶ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠨ᠎ᠠ | 12. ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ | ᠭᠠᠵᠠᠷ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠤᠯᠤᠰ ᠤᠨ ᠬᠤᠵᠢᠷᠯᠢᠭ | ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠣᠷᠳᠣᠰ ᠤᠨ ᠲᠤᠷᠰᠢᠯᠲᠠ ᠶᠢᠨ ᠥᠷᠲᠡᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠣᠷᠳᠣᠰ ᠤᠨ ᠬᠤᠪᠢᠶᠠᠷᠢ | ᠬᠦᠷᠢᠶᠡᠯᠡᠩ ᠪᠠ ᠣᠷᠳᠣᠰ ᠤᠨ ᠬᠤᠵᠢᠷᠯᠢᠭ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠲᠡᠷᠢᠭᠦᠨ ᠤ ᠬᠤᠵᠢᠷᠯᠢᠭ ᠭᠠᠵᠠᠷ ᠢ ᠲᠠᠷᠢᠶᠠᠯᠠᠩ ᠮᠠᠯ ᠠᠵᠤ ᠠᠬᠤᠶ ᠶᠢ | ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠠᠵᠤ | ᠠᠬᠤᠶᠢᠯᠠᠯ ᠲᠠᠢ ᠬᠤᠯᠪᠣᠭᠠᠯᠠᠨ ᠦᠢᠯᠡᠳᠪᠦᠷᠢᠯᠡᠯ ᠤᠯᠤᠰ ᠲᠥᠷᠥ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠶᠢ ᠥᠷᠨᠢᠭᠦᠯᠵᠦ᠂ ᠬᠤᠵᠢᠷ ᠲᠤ | ᠲᠡᠰᠪᠦᠷᠢᠲᠡᠶ ᠳᠠᠪᠠᠭᠤᠯᠢᠭ ᠲᠠᠷᠢᠮᠠᠯ ᠢ ᠦᠷᠡᠵᠢᠭᠦᠯᠦᠨ ᠪᠤᠶᠢᠵᠢᠭᠤᠯᠬᠤ᠂ ᠬᠥᠷᠥᠰᠥ ᠰᠢᠷᠣᠶ ᠶᠢᠨ ᠶᠠᠰᠤ ᠴᠢᠨᠠᠷ ᠪᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ | ᠠᠮᠢ ᠠᠬᠤᠶᠢᠵᠢᠭᠤᠯᠤᠨ ᠠᠰᠢᠭᠯᠠᠬᠤ᠂ ᠤᠰᠤ ᠠᠷᠪᠢᠯᠠᠵᠤ ᠳᠠᠪᠤᠰᠤ ᠶᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ | ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠪᠠ ᠬᠤᠰᠢᠭᠤᠷᠠᠨ ᠬᠥᠲᠥᠯᠦᠨ ᠳᠠᠭᠠᠭᠤᠯᠬᠤ ᠴᠢᠨᠠᠷᠲᠠᠶ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠠᠵᠤ ᠠᠬᠤᠶᠢᠯᠠᠯ ᠢ | ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠬᠤᠵᠢᠷᠯᠢᠭ ᠭᠠᠵᠠᠷ ᠢ | ᠰᠠᠶᠢᠵᠢᠷᠠᠭᠤᠯᠬᠤ᠂ ᠤᠰᠤ ᠠᠷᠪᠢᠯᠠᠬᠤ ᠤᠰᠤᠯᠠᠯᠲᠠ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠵᠡᠷᠭᠡ ᠲᠠᠯ᠎ᠠ ᠶᠢᠨ | ᠳᠠᠪᠠᠭᠤᠯᠢᠭ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠪᠤᠶᠢᠵᠢᠭᠤᠯᠤᠨ᠎ᠠ᠃ 2024 ᠣᠨ ᠳᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ | ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ 1᠂ ᠣᠷᠣᠨ ᠤ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠨᠡᠶᠢᠲᠡ ᠶᠢ 3 ᠠᠴᠠ ᠳᠡᠭᠡᠭᠰᠢ | ᠣᠷᠣᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ﹈ | 13. ᠬᠤᠵᠢᠷ ᠲᠤ ᠲᠡᠰᠪᠦᠷᠢᠲᠡᠶ ᠦᠷ᠎ᠡ ᠢ ᠪᠤᠶᠢᠵᠢᠭᠤᠯᠬᠤ ᠪᠠ ᠰᠢᠯᠭᠠᠨ ᠰᠣᠩᠭᠤᠬᠤ ᠠᠵᠢᠯ ᠢ ᠴᠢᠩᠭᠠᠳᠬᠠᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠬᠤᠵᠢᠷ ᠲᠤ ᠲᠡᠰᠪᠦᠷᠢᠲᠡᠶ ᠲᠠᠷᠢᠮᠠᠯ ᠤᠨ ᠣᠶᠤᠨᠴᠢ ᠦᠷ᠎ᠡ ᠪᠤᠶᠢᠵᠢᠭᠤᠯᠬᠤ ᠲᠦᠷᠭᠡᠳᠬᠡᠭᠦᠷ ᠢ | ᠠᠰᠢᠭᠯᠠᠬᠤ ᠶᠢ ᠳᠡᠮᠵᠢᠵᠦ᠂ ᠲᠤᠬᠠᠶ ᠶᠢᠨ ᠭᠠᠵᠠᠷ ᠤᠨ ᠳᠠᠷᠢᠬᠤ ᠳᠤ ᠳᠣᠭᠢᠷᠠᠬᠤ ᠬᠤᠵᠢᠷ ᠲᠤ ᠲᠡᠰᠪᠦᠷᠢᠲᠡᠶ ᠲᠠᠷᠢᠮᠠᠯ ᠤᠨ ᠦᠷ᠎ᠡ ᠶᠢ ᠪᠤᠶᠢᠵᠢᠭᠤᠯᠬᠤ ᠪᠠ ᠰᠢᠯᠭᠠᠨ | ᠰᠣᠩᠭᠤᠬᠤ ᠠᠵᠢᠯ ᠢ ᠥᠷᠨᠢᠭᠦᠯᠵᠦ᠂ ᠡᠷᠳᠡᠨᠢ ᠰᠢᠰᠢ᠂ ᠨᠡᠷᠡᠨ ᠬᠤᠸᠠᠷ ᠵᠡᠷᠭᠡ ᠠᠮᠤ ᠪᠤᠳᠠᠭᠠᠨ ᠤ ᠲᠠᠷᠢᠮᠠᠯ ᠢ ᠭᠤᠤᠯᠳᠠᠯᠭ᠎ᠠ ᠲᠠᠢ ᠪᠣᠭᠤᠮᠲᠠ ᠰᠢᠪᠲᠤᠯᠵᠤ᠂ ᠮᠣᠩᠭᠤᠯ | ᠠᠮᠤ᠂ ᠨᠠᠷᠢᠮᠤ ᠵᠡᠷᠭᠡ ᠭᠠᠵᠠᠷ ᠣᠷᠣᠨ ᠤ ᠴᠢᠨᠠᠷᠲᠠᠶ ᠲᠠᠷᠢᠮᠠᠯ ᠪᠠ ᠲᠡᠵᠢᠭᠡᠯ ᠡᠪᠡᠰᠦᠨ ᠤ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠨ᠎ᠠ᠃ ᠬᠤᠵᠢᠷ ᠲᠤ | ᠲᠡᠰᠪᠦᠷᠢᠲᠡᠶ ᠲᠠᠷᠢᠮᠠᠯ ᠤᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠤᠨ ᠬᠢᠨᠠᠨ ᠲᠣᠭᠲᠠᠭᠠᠵᠤ᠂ ᠬᠤᠵᠢᠷ ᠲᠤ ᠲᠡᠰᠪᠦᠷᠢᠲᠡᠶ ᠲᠠᠷᠢᠮᠠᠯ ᠤᠨ ᠦᠷ᠎ᠡ ᠶᠢᠨ ᠡᠬᠢ | ᠪᠠᠶᠠᠯᠢᠭ ᠤᠨ ᠬᠥᠮᠥᠷᠭᠡ ᠶᠢ ᠪᠠᠶᠢᠭᠤᠯᠤᠨ᠂ ᠬᠤᠵᠢᠷ ᠲᠤ ᠲᠡᠰᠪᠦᠷᠢᠲᠡᠶ ᠲᠠᠷᠢᠮᠠᠯ ᠤᠨ ᠦᠷ᠎ᠡ ᠶᠢ ᠪᠤᠶᠢᠵᠢᠭᠤᠯᠬᠤ ᠬᠤᠯᠪᠤᠭᠠᠯᠠᠨ ᠪᠣᠭᠤᠮᠲᠠ ᠰᠢᠪᠲᠤᠯᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ᠃ ᠳᠠᠯᠠᠳ ᠬᠤᠰᠢᠭᠤ᠂ ᠬᠠᠩᠭᠢᠨ ᠬᠤᠰᠢᠭᠤ᠂ ᠵᠡᠭᠦᠨᠭᠠᠷ ᠬᠤᠰᠢᠭᠤ᠂ ᠦᠤᠰᠢᠨ ᠬᠤᠰᠢᠭᠤ ᠵᠡᠷᠭᠡ ᠲᠠᠷᠢᠮᠠᠯ ᠲᠠᠷᠢᠬᠤ ᠲᠥᠪᠯᠡᠷᠡᠭᠰᠡᠨ | ᠣᠷᠣᠨ ᠳᠤ ᠲᠠᠷᠢᠮᠠᠯ ᠤᠨ ᠳᠠᠭᠤᠷᠢᠶᠠᠯ ᠦᠵᠡᠭᠦᠯᠬᠦ ᠲᠠᠷᠢᠶ᠎ᠠ ᠶᠢ ᠭᠤᠤᠯᠳᠠᠯᠭ᠎ᠠ ᠲᠠᠢ ᠪᠠᠶᠢᠭᠤᠯᠵᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠵᠡᠷᠭᠡ | ᠲᠡᠵᠢᠭᠡᠯ ᠡᠪᠡᠰᠦᠨ ᠤ ᠭᠤᠣᠯ ᠲᠠᠷᠬᠠᠯᠲᠠ ᠶᠢᠨ ᠣᠷᠣᠨ ᠳᠤ ᠭᠤᠤᠯᠳᠠᠯᠭ᠎ᠠ ᠲᠠᠢ ᠪᠠᠷ ᠲᠡᠵᠢᠭᠡᠯ ᠡᠪᠡᠰᠦᠨ ᠤ ᠳᠠᠭᠤᠷᠢᠶᠠᠯ ᠦᠵᠡᠭᠦᠯᠬᠦ ᠲᠠᠷᠢᠶ᠎ᠠ ᠶᠢ ᠪᠥᠲᠥᠭᠡᠨ | ᠪᠠᠶᠢᠭᠤᠯᠵᠤ᠂ ᠰᠢᠯᠢᠳᠡᠭ ᠰᠠᠶᠢᠨ ᠴᠢᠨᠠᠷ ᠤᠨ ᠬᠤᠵᠢᠷ ᠲᠤ ᠲᠡᠰᠪᠦᠷᠢᠲᠡᠶ ᠲᠠᠷᠢᠮᠠᠯ ᠤᠨ ᠦᠷ᠎ᠡ ᠶᠢ ᠳᠠᠭᠤᠷᠢᠶᠠᠯ ᠦᠵᠡᠭᠦᠯᠦᠨ ᠲᠠᠨᠢᠯᠴᠠᠭᠤᠯᠤᠨ᠎ᠠ᠃ ᠬᠤᠵᠢᠷ ᠲᠤ | ᠲᠡᠰᠪᠦᠷᠢᠲᠡᠶ ᠣᠶ ᠰᠢᠭᠤᠶ ᠡᠪᠡᠰᠦ ᠪᠡᠯᠴᠢᠭᠡᠷ ᠤᠨ ᠰᠢᠨ᠎ᠡ ᠦᠷ᠎ᠡ ᠶᠢ ᠢᠳᠡᠪᠬᠢᠲᠡᠶ ᠨᠡᠭᠡᠭᠡᠨ ᠬᠥᠭᠵᠢᠭᠦᠯᠵᠦ᠂ ᠬᠤᠵᠢᠷᠯᠢᠭ ᠭᠠᠵᠠᠷ ᠤᠨ ᠣᠶ ᠰᠢᠭᠤᠶ ᠡᠪᠡᠰᠦ | ᠪᠡᠯᠴᠢᠭᠡᠷ ᠤᠨ ᠠᠵᠤ ᠠᠬᠤᠶ ᠶᠢᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠦᠨ᠎ᠡ᠃ 2024 ᠣᠨ ᠳᠤ᠂ ᠬᠤᠵᠢᠷ ᠲᠤ | ᠲᠡᠰᠪᠦᠷᠢᠲᠡᠢ ᠰᠢᠨ᠎ᠡ ᠦᠷ᠎ᠡ ᠶᠢ 1 ᠠᠴᠠ 2 ᠪᠤᠶᠢᠵᠢᠭᠤᠯᠬᠤ ᠪᠠᠷ ᠴᠢᠷᠮᠠᠶᠢᠨ᠎ᠠ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ﹈ | 14. ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠳᠡᠮᠵᠢᠯᠭᠡ ᠶᠢ ᠴᠢᠩᠭᠠᠳᠬᠠᠨ᠎ᠠ᠃ | ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠵᠠᠩᠭᠢᠯᠠᠭ᠎ᠠ ᠶᠢᠨ ᠭᠤᠣᠯ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ ︽ᠦᠷ᠎ᠡ ᠪᠤᠶᠢᠵᠢᠭᠤᠯᠬᠤ︾ ᠪᠠ ︽ᠬᠥᠷᠥᠰᠦ ᠰᠢᠷᠤᠢ ᠶᠢ ᠵᠠᠰᠠᠬᠤ︾ ᠵᠡᠷᠭᠡ ᠵᠠᠩᠭᠢᠯᠠᠭ᠎ᠠ ᠶᠢᠨ ᠭᠤᠭᠴᠤᠭ᠎ᠠ ᠪᠠᠷ ᠭᠤᠣᠯᠳᠠᠯᠭ᠎ᠠ | ᠪᠣᠯᠭᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠪᠠᠶᠢᠷᠢᠯᠠᠭᠤᠯᠵᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠤᠰᠤ ᠠᠷᠪᠢᠯᠠᠵᠤ | ᠤᠰᠤᠯᠠᠬᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ᠂ ᠤᠶᠤᠨᠴᠢᠯᠠᠭᠰᠠᠨ ᠲᠠᠷᠢᠶᠠᠯᠠᠩ ᠤᠨ ᠮᠠᠰᠢᠨ ᠵᠡᠷᠭᠡ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠷᠥᠯ ᠬᠤᠪᠢᠶᠠᠨ ᠪᠦᠬᠦ ᠲᠠᠯ᠎ᠠ ᠪᠠᠷ ᠥᠷᠨᠢᠭᠦᠯᠵᠦ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠠᠪᠴᠠᠩ ᠤᠨ ᠲᠣᠭᠲᠠᠭᠤᠨ ᠢᠶᠠᠷ ᠠᠵᠢᠯᠯᠠᠬᠤ ᠶᠢ ᠳᠡᠮᠵᠢᠨ᠎ᠡ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶﹈︔ | 15. ᠳᠡᠯᠭᠡᠷᠡᠭᠦᠯᠦᠨᠲ᠋ᠠᠭᠤᠷᠢᠶᠠᠯ ᠦᠵᠡᠭᠦᠯᠬᠦ ᠡᠷᠴᠢᠮ ᠢ ᠴᠢᠩᠭᠠᠷᠠᠭᠤᠯᠤᠨ᠎ᠠ᠃ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠤ | ᠮᠡᠷᠭᠡᠵᠢᠯ ᠤᠨ ᠡᠭᠦᠳᠦᠯᠲᠡ ᠶᠢᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠲᠤ ᠲᠦᠰᠢᠭᠯᠡᠨ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠬᠠᠮᠢᠶ᠎ᠠ ᠪᠦᠬᠦᠢ | ᠮᠡᠷᠭᠡᠵᠢᠯ ᠤᠨ ᠪᠣᠯᠪᠠᠰᠤᠷᠠᠩᠭᠤᠶ ᠶᠢᠨ ᠬᠡᠮᠵᠢᠶ᠎ᠡ ᠶᠢ ᠳ᠋ᠦᠩᠨᠡᠨ ᠦᠨᠡᠯᠡᠵᠦ᠂ ᠨᠡᠯᠢᠶᠡᠳ ᠪᠣᠯᠪᠠᠰᠤᠷᠠᠩᠭᠤᠶ ᠪᠣᠯᠤᠭᠰᠠᠨ ᠬᠤᠵᠢᠷᠯᠢᠭ ᠬᠦᠷᠦᠰᠦᠨ ᠳᠤ ᠲᠡᠰᠪᠦᠷᠢᠲᠡᠶ | ᠲᠥᠷᠥᠯ ᠵᠦᠢᠯ᠂ ᠲᠠᠷᠢᠵᠤ ᠲᠡᠵᠢᠭᠡᠬᠦ ᠮᠡᠷᠭᠡᠵᠢᠯ ᠵᠢᠴᠢ ᠪᠡᠯᠡᠳᠬᠡᠮᠵᠢ ᠲᠣᠨᠣᠭᠯᠠᠯ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠵᠢᠷᠯᠢᠭ ᠭᠠᠵᠠᠷ ᠵᠡᠷᠭᠡ | ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠣᠷᠣᠭᠤᠯᠤᠨ ᠠᠪᠴᠢᠷᠠᠭᠰᠠᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠰᠬᠠᠶ ᠮᠡᠷᠭᠡᠵᠢᠯᠲᠡᠨ ᠤ ᠪᠦᠯᠬᠦᠮ ᠢ ᠭᠦᠢᠴᠡᠳ ᠰᠠᠶᠢᠲᠤᠷ ᠬᠡᠷᠡᠭᠯᠡᠵᠦ᠂ ᠬᠤᠰᠢᠭᠤ | ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠶᠢ ᠵᠢᠯᠣᠭᠤᠳᠤᠨ ᠲᠠᠷᠢᠶᠠᠯᠠᠩ ᠤᠨ ᠮᠡᠷᠭᠡᠵᠢᠯ ᠤᠨ ᠭᠤᠤᠯᠯᠠᠭᠴᠢ ᠠᠵᠢᠯᠲᠠᠨ ᠤ | ᠪᠣᠯᠪᠠᠰᠤᠷᠠᠯ ᠢ ᠴᠢᠩᠭᠠᠳᠬᠠᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠭᠤᠤᠯᠯᠠᠭᠴᠢ ᠬᠦᠴᠦᠨ ᠤ | ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2024 ᠣᠨ ᠳᠤ ᠨᠠᠭᠠᠯᠳᠤ ᠵᠠᠬ᠎ᠠ ᠳᠤ ᠪᠠᠨ 2 ᠵᠦᠢᠯ ᠤᠨ ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ︾ | ᠭᠤᠤᠯ ᠮᠡᠷᠭᠡᠵᠢᠯ ᠢ ᠳᠡᠯᠭᠡᠷᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ﹈ |