ᠡᠪᠡᠳᠴᠢᠯᠡᠵᠦ ᠦᠬᠦᠭᠰᠡᠨ ᠮᠠᠯ ᠲᠡᠵᠢᠭᠡᠪᠦᠷᠢ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠣᠯ ᠠᠮᠢᠲᠡᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ | ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠬᠦᠮᠤᠨ ᠤ ᠪᠡᠶ᠎ᠡ ᠶᠢᠨ ᠡᠷᠡᠭᠦᠯ ᠮᠠᠨᠳᠤ ᠶᠢ ᠪᠠᠳᠤᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | ᠥᠪᠣᠷ ᠮᠣᠩᠭᠤᠯ ᠤᠨ ᠯᠢᠶᠠᠩ ᠢ ᠠᠮᠢᠲᠤ ᠪᠣᠳᠠᠰ ᠤᠨ ᠰᠢᠨᠵᠢᠯᠡᠭᠡ ᠮᠡᠷᠭᠡᠵᠢᠯ ᠤᠨ ᠪᠦᠯᠣᠭ᠍ᠯᠡᠯ ᠤᠨ ᠪᠦᠲᠦᠭᠡᠨ ᠪᠠᠶᠢᠭᠤᠯᠤᠭᠰᠠᠨ ᠡᠵᠡᠨ ᠬᠤᠷᠤᠭ᠎ᠠ ᠬᠤᠰᠢᠭᠤᠨ ᠤ | ᠡᠪᠡᠳᠴᠢᠯᠡᠵᠦ ᠦᠭᠦᠭᠰᠡᠨ ᠮᠠᠯ ᠲᠡᠵᠢᠭᠡᠪᠦᠷᠢ ᠶᠢ ᠬᠤᠣᠷ ᠦᠭᠡᠶᠢᠳᠡᠭᠦᠯᠤᠨ ᠰᠢᠢᠳᠪᠦᠷᠢᠯᠡᠬᠦ ᠦᠢᠯᠡᠳᠪᠦᠷᠢ ᠬᠡᠳᠤᠨ ᠰᠠᠷ᠎ᠠ ᠶᠢᠨ ᠳᠣᠬᠢᠷᠠᠭᠤᠯᠤᠯᠲᠠ ᠪᠠᠷ ᠲᠠᠮᠵᠢᠭᠤᠯᠤᠨ | ᠣᠶᠢᠷ᠎ᠠ ᠳᠤ ᠵᠢᠩᠭᠢᠨᠢ ᠪᠠᠷ ᠲᠣᠷᠰᠢᠨ ᠬᠡᠷᠡᠭᠯᠡᠬᠦ ᠱᠠᠲᠤᠨ ᠳᠤ ᠣᠷᠣᠭᠰᠠᠨ ᠪᠠᠶᠢᠨ᠎ᠠ᠃ | ᠲᠣᠰ ᠦᠢᠯᠡᠳᠪᠦᠷᠢ ᠶᠢ 2024 ᠣᠨ ᠤ 6 ᠰᠠᠷ᠎ᠠ ᠳᠤ ᠪᠠᠷᠢᠯᠭ᠎ᠠ ᠡᠬᠢᠯᠡᠭᠦᠯᠦᠨ᠂ ᠨᠡᠶᠢᠲᠡ 2000 ᠲᠦᠮᠡᠨ ᠲᠦᠭᠦᠷᠢᠭ ᠤᠨ ᠪᠡᠯᠡ ᠣᠷᠣᠭᠤᠯᠤᠯᠲᠠ | ᠬᠢᠵᠦ᠂ ᠡᠵᠡᠯᠡᠬᠦ ᠳᠠᠯᠡᠪᠡᠢ 10 ᠮᠦ᠂ ᠪᠠᠷᠢᠯᠭ᠎ᠠ ᠶᠢᠨ ᠳᠠᠯᠡᠪᠠᠢ ᠨᠢ ᠪᠠᠷᠤᠭ 3800 ᠲᠡᠭᠰᠢ ᠳᠥᠷᠪᠡᠯᠵᠢᠨ ᠮᠧᠲᠷ ᠪᠠᠶᠢᠵᠤ᠂ ᠬᠤᠣᠷ ᠦᠭᠡᠶᠢᠳᠡᠭᠦᠯᠤᠨ | ᠰᠢᠢᠳᠪᠦᠷᠢᠯᠡᠵᠤ ᠬᠡᠮᠵᠢᠶ᠎ᠠ ᠨᠢ ᠡᠳᠤᠷ ᠲᠤ 20 ᠲᠣᠨ᠂ ᠵᠢᠯ ᠳᠤ 6000 ᠲᠣᠨ ᠰᠢᠢᠳᠪᠦᠷᠢᠯᠡᠵᠤ ᠲᠡᠶᠢᠯᠬᠦ ᠪᠣᠯᠣᠨ᠎ᠠ᠃ ᠦᠢᠯᠡᠴᠢᠯᠡᠭᠡᠨ ᠤ ᠬᠡᠪᠴᠢᠶ᠎ᠡ ᠨᠢ | ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤ᠂ ᠬᠢᠶ᠎ᠡ ᠪᠠᠭᠰᠢ ᠲᠣᠭᠤᠷᠢᠭ᠂ ᠦᠣᠰᠢᠨ ᠬᠤᠰᠢᠭᠤᠨ ᠤ ᠭᠡᠰᠡᠭ ᠭᠠᠵᠠᠷ ᠣᠷᠣᠨ ᠢ ᠬᠠᠮᠤᠷᠴᠤ ᠪᠣᠢ᠃ ᠲᠣᠰ | ᠦᠢᠯᠡᠳᠪᠦᠷᠢ ᠨᠢ ︽ᠵᠠᠰᠠᠭ ᠤᠨ ᠤᠷᠳᠤᠨ ᠬᠦᠳᠤᠯᠤᠨ ᠵᠢᠯᠤᠭᠤᠳᠬᠤ᠂ ᠵᠠᠬ᠎ᠠ ᠳᠡᠯᠭᠡᠭᠦᠷᠴᠢᠯᠡᠭᠰᠡᠨ ᠡᠵᠡᠩᠨᠠᠯᠲᠡ ᠬᠢᠬᠦ᠂ ᠪᠠᠳᠤᠯᠠᠵᠤ ᠰᠢᠢᠳᠪᠦᠷᠢᠯᠡᠬᠦ ᠶᠢ | ᠬᠤᠯᠪᠣᠭᠳᠠᠭᠤᠯᠬᠤ᠂ ᠤᠷᠴᠢᠯ ᠬᠠᠮᠢᠶᠠᠷᠤᠯᠲᠠ ᠬᠢᠬᠦ︾ ᠵᠠᠭᠪᠤᠷ ᠢᠶᠠᠷ ᠠᠵᠢᠯᠯᠠᠵᠤ᠂ ᠡᠪᠡᠳᠴᠢᠯᠠᠵᠤ ᠦᠭᠦᠭᠰᠡᠨ ᠮᠠᠯ ᠲᠡᠵᠢᠭᠡᠪᠦᠷᠢ ᠶᠢ ︽ᠬᠤᠷᠢᠶᠠᠪᠡᠰᠦ ᠵᠣᠬᠢᠬᠤ ᠶᠢ | ᠨᠢ ᠪᠥᠬᠦᠨ ᠢ ᠬᠤᠷᠢᠶᠡᠵᠤ᠂ ᠰᠢᠢᠳᠪᠦᠷᠢᠯᠡᠪᠡᠰᠦ ᠵᠣᠬᠢᠬᠤ ᠶᠢ ᠨᠢ ᠪᠥᠬᠦᠨ ᠢ ᠰᠢᠢᠳᠪᠦᠷᠢᠯᠡᠬᠦ︾ ᠶᠢ ᠦᠨᠡᠨ ᠬᠦ ᠪᠠᠲᠤᠯᠠᠨ᠂ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠶᠢ ᠨᠡᠶᠢᠭᠡᠮᠴᠢᠯᠡᠬᠦ᠂ ᠬᠤᠣᠷ ᠦᠭᠡᠶᠢᠳᠡᠭᠦᠯᠤᠨ ᠰᠢᠢᠳᠪᠦᠷᠢᠯᠡᠬᠦ᠂ ᠬᠠᠶᠠᠭᠳᠠᠮᠠᠯ ᠪᠣᠳᠠᠰ ᠪᠠ ᠮᠠᠲ᠋ᠧᠷᠢᠶᠠᠯ ᠢ ᠪᠤᠷᠳᠤᠭᠤᠷ ᠪᠣᠯᠭᠠᠬᠤ᠂ ᠡᠵᠡᠩᠨᠠᠯᠲᠠ ᠶᠢ ᠵᠠᠬ᠎ᠠ | ᠳᠡᠯᠭᠡᠭᠦᠷᠴᠢᠯᠡᠬᠦ ᠶᠢ ᠪᠠᠶᠡᠯᠡᠭᠦᠯᠵᠦ᠂ ᠠᠮᠢ ᠠᠬᠤᠢ ᠪᠠ ᠠᠵᠤ ᠠᠬᠤᠢ ᠶᠢᠨ ᠦᠷ᠎ᠡ ᠠᠰᠢᠭ ᠢ ᠲᠡᠬᠡᠭᠰᠢᠯᠡᠭᠦᠯᠬᠦ ᠪᠠᠷ ᠪᠠᠶᠢᠨ᠎ᠠ᠃ | ᠡᠵᠡᠨ ᠬᠤᠷᠤᠭ᠎ᠠ ᠬᠤᠰᠢᠭᠤᠨ ᠤ ᠬᠤᠣᠷ ᠦᠭᠡᠶᠢᠳᠡᠭᠦᠯᠦᠨ ᠰᠢᠢᠳᠪᠦᠷᠢᠯᠡᠬᠦ ᠦᠢᠯᠡᠳᠪᠦᠷᠢ ᠪᠠᠶᠢᠭᠤᠯᠤᠭᠳᠠᠠᠭᠰᠠᠨ ᠨᠢ ᠠᠮᠢ ᠠᠬᠤᠢ ᠶᠢ ᠬᠠᠮᠠᠭᠠᠯᠠᠬᠤ᠂ | ᠣᠷᠴᠢᠨ ᠲᠣᠭᠤᠷᠢᠨ ᠤ ᠪᠣᠬᠢᠷᠳᠤᠯ ᠢ ᠪᠠᠭᠠᠰᠬᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃ | | | | | | | | | | | | | | | | | | | | | | | |