ᠢᠦᠢ ᠬᠠᠢ ᠢᠦᠢ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/26
      3 ᠰᠠᠷ᠎ᠠ ᠶᠢᠨ 23᠎ ᠤ ᠡᠳᠦᠷ ᠠᠴᠠ 24᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠳ᠋ᠦᠩᠱᠧᠩ ᠲᠣᠭᠤᠷᠢᠭ ᠲᠤ ᠠᠵᠤ ᠦᠢᠯᠡᠰ ᠤᠨ ᠬᠥᠭᠵᠢᠯᠲᠡ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠬᠡᠷᠡᠭᠯᠡᠭᠡ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠸᠠᠨ ᠵᠢᠶᠧ ᠳ᠋ᠠᠶᠢᠲ᠋ᠠ ᠶᠢᠨ ᠣᠷᠳᠣᠰ ᠤᠨ ᠣᠶᠤᠨᠴᠢ ᠪᠣᠳᠣᠯᠭ᠎ᠠ ᠶᠢᠨ ᠲᠥᠪ᠂ ᠴᠢ ᠷᠦᠢ ᠶᠢᠨ ᠣᠷᠳᠣᠰ ᠤᠨ ᠬᠤᠪᠢᠶᠠᠷᠢ ᠺᠣᠮᠫᠠᠨᠢ᠂ ᠶᠤᠸᠠᠨ ᠱᠧᠩ ᠬᠡᠷᠡᠯ ᠴᠠᠬᠢᠯᠭᠠᠨ ᠤ ᠰᠢᠩᠭᠡᠨ ᠲᠠᠯᠠᠰᠲᠤ ᠦᠵᠡᠭᠦᠯᠦᠭᠦᠷ ᠦᠢᠯᠡᠳᠬᠦ ᠲᠥᠷᠥᠯ ᠵᠦᠢᠯ᠂ ᠵᠥᠩ ᠴᠧ ᠵᠦᠵᠸᠦ  ᠱᠢ ᠳ᠋ᠠᠢ ᠰᠢᠨ᠎ᠡ ᠮᠠᠲ᠋ᠧᠷᠢᠶᠠᠯ ᠤᠨ ᠲᠣᠮᠣ ᠬᠡᠯᠪᠡᠷᠢ ᠶᠢᠨ ᠳᠡᠯᠪᠢ ᠶᠢ ᠣᠶᠤᠨᠴᠢ ᠪᠠᠷ ᠦᠢᠯᠡᠳᠬᠦ ᠲᠥᠷᠥᠯ ᠵᠦᠢᠯ᠂ ᠶᠠᠨ ᠯᠢᠦ ᠰᠢᠶᠠᠩ ᠢᠳᠡᠭᠡᠨ ᠤ ᠺᠣᠮᠫᠠᠨᠢ᠂ ᠣᠷᠳᠣᠰ ᠤᠨ ᠨᠣᠯᠦᠦᠷ ᠤᠨ ᠨᠡᠬᠡᠮᠡᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠬᠦᠷᠢᠶᠡᠯᠡᠩ ᠵᠡᠷᠭᠡ ᠪᠠᠶᠢᠭᠤᠯᠭ᠎ᠠ ᠳᠤ᠂ ᠢᠦᠢ ᠬᠠᠢ ᠢᠦᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠲᠥᠴᠢ ᠠᠵᠤ ᠠᠬᠤᠶᠢᠯᠠᠯ ᠢ ᠪᠣᠶᠢᠵᠢᠭᠤᠯᠬᠤ ᠪᠠ ᠳᠡᠭᠡᠳᠦ ᠳᠣᠣᠷᠠᠳᠤ ᠬᠡᠯᠬᠢᠶᠡᠨ ᠤ ᠢᠵᠢ ᠲᠥᠬᠦᠷ ᠠᠵᠤ ᠠᠬᠤᠶᠢᠯᠠᠯ ᠢ ᠤᠷᠢᠨ ᠠᠪᠴᠢᠷᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠢᠵᠢ ᠪᠦᠷᠢᠳᠦᠭᠦᠯᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠥᠷᠭᠡᠳᠬᠡᠬᠦ᠂ ᠴᠢᠨᠠᠷᠵᠢᠯ ᠢ ᠳᠡᠭᠡᠭᠰᠢᠯᠡᠭᠦᠯᠬᠦ᠂ ᠥᠪᠡᠷ ᠤᠨ ᠦᠷᠳᠡᠭ ᠢ ᠪᠠᠭᠤᠷᠠᠭᠤᠯᠬᠤ᠂ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠬᠠᠪᠰᠤᠷᠬᠤ ᠬᠡᠷᠡᠭᠲᠡᠢ ᠭᠡᠪᠡ᠃       ᠰᠠᠶᠢᠨᠲᠠᠶᠢᠵᠢ ᠬᠡᠰᠡᠭ ᠤᠨ ᠭᠠᠵᠠᠷ ᠤᠨ ᠬᠤᠲᠠ ᠶᠢᠨ ᠳᠤᠮᠳᠠᠬᠢ ᠲᠣᠰᠬᠤᠨ᠂ ᠦᠨᠳᠦᠰᠦᠲᠡᠨ ᠤ ᠵᠡᠭᠡᠯᠢ ᠶᠢᠨ ᠴᠧᠨ ᠵᠢᠶᠠ ᠴᠢᠦᠢ ᠬᠡᠰᠡᠭ ᠤᠨ ᠭᠠᠵᠠᠷ᠂ ᠬᠤᠳᠠ ᠶᠢᠨ ᠭᠤᠣᠯᠳᠠᠯᠭᠠᠲᠤ ᠡᠮᠨᠡᠯᠭᠡ ᠶᠢᠨ ᠬᠤᠷᠢᠶ᠎ᠠ ︵ᠳ᠋ᠦᠩᠱᠧᠩ ᠲᠣᠭᠤᠷᠢᠭ︶᠂ ᠯᠢᠦᠢ ᠴᠧᠨ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ᠂ ᠳ᠋ᠦᠩᠱᠧᠩ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ᠂ ᠴᠢᠶᠣᠤ ᠰᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠦᠷᠳᠡᠭᠡ᠂ ᠰᠢᠨ ᠬᠠᠢ ᠢ ᠾᠧ ᠬᠦᠷᠢᠶᠡᠯᠡᠩ᠂ ᠭᠠᠯᠲᠤ ᠲᠡᠷᠭᠡᠨ ᠦᠷᠳᠡᠭᠡ ᠳᠤ᠂ ᠢᠦᠢ ᠬᠠᠢ ᠢᠦᠢ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠣᠯᠣᠨ ᠨᠡᠶᠢᠭᠡᠮ ᠤᠨ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠭᠦᠨᠵᠡᠭᠡᠢ ᠠᠬᠢᠭᠤᠯᠵᠤ᠂ ᠬᠤᠳᠠ ᠶᠢᠨ ᠰᠢᠨᠡᠴᠢᠯᠡᠯᠲᠡ ᠪᠣᠯᠣᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃      ᠢᠮᠠᠭᠠᠨ ᠨᠣᠯᠤᠤᠷ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠳᠡᠯᠭᠡᠭᠦᠷ᠂ ᠪᠢ ᠶᠠ ᠳ᠋ᠢ ᠮᠠᠰᠢᠨ ᠲᠡᠷᠭᠡᠨ ᠤ 4S ᠳᠡᠯᠭᠡᠭᠦᠷ᠂ ᠸᠠᠨ ᠳ᠋ᠠ ᠠᠭᠤᠳᠠᠮ ᠲᠠᠯᠠᠪᠠᠢ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠳ᠋ᠦᠩᠱᠧᠩ ᠤᠨ 1980 ᠬᠠᠭᠤᠴᠢᠨ ᠵᠡᠭᠡᠯᠢ ᠲᠣᠭᠤᠷᠢᠭ᠂  ᠰᠢᠨ ᠲᠦᠩ ᠲᠥᠪ ᠴᠡᠴᠡᠷᠯᠢᠭ ᠤᠨ ᠪᠣᠷᠣᠯᠠᠭᠤᠯᠭ᠎ᠠ ᠶᠢᠨ ᠭᠠᠵᠠᠷ᠂ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠸᠠᠨ ᠵᠢᠶᠠ ᠬᠤᠢ ᠪᠠᠶᠠᠰᠤᠯᠲᠤ ᠶᠢᠷᠲᠢᠨᠴᠦ ᠶᠢᠨ ᠬᠦᠷᠢᠶᠡᠯᠡᠩ ᠳᠤ᠂ ᠢᠦᠢ ᠬᠠᠢ ᠢᠦᠢ ᠠᠴᠠ ᠠᠵᠤ ᠠᠬᠤᠶᠢᠯᠠᠯ ᠤᠨ ᠬᠡᠷᠡᠭᠯᠡᠭᠡᠨ ᠤ ᠬᠡᠮᠵᠢᠶ᠎ᠡ᠂ ︽ᠬᠤᠶᠠᠷ ᠢ ᠰᠢᠨᠡᠳᠬᠡᠬᠦ︾ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠡᠷᠡᠭᠯᠡᠭᠡ ᠶᠢᠨ ᠬᠠᠩᠭᠠᠯᠭ᠎ᠠ ᠶᠢ ᠴᠢᠨᠠᠭᠰᠢᠳᠠ ᠪᠠᠶᠠᠯᠢᠭᠵᠢᠭᠤᠯᠵᠤ᠂ ᠤᠯᠠᠨ ᠡᠰᠢᠲᠦ ᠬᠡᠷᠡᠭᠯᠡᠭᠡ ᠶᠢᠨ ᠪᠠᠶᠢᠳᠠᠯ ᠢ ᠪᠤᠢ ᠪᠣᠯᠭᠠᠵᠤ᠂ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ ᠬᠡᠷᠡᠭᠲᠡᠢ ᠭᠡᠪᠡ᠃      ᠡᠨᠡ ᠬᠤᠭᠤᠴᠠᠭᠠᠨ ᠳᠤ᠂ ᠢᠦᠢ ᠬᠠᠢ ᠢᠦᠢ ︽ᠳᠥᠷᠪᠡ ᠦᠭᠡᠢ ᠬᠤᠶᠠᠷ ᠰᠢᠭᠤᠳ︾ ᠬᠡᠯᠪᠡᠷᠢ ᠪᠠᠷ ᠳ᠋ᠦᠩᠱᠧᠩ ᠲᠣᠭᠤᠷᠢᠭ ᠤᠨ ᠬᠤᠳᠠ ᠶᠢᠨ ᠲᠡᠭᠦᠷᠭᠡ ᠶᠢᠨ ᠪᠠᠷᠢᠯᠭ᠎ᠠ ᠶᠢᠨ ᠬᠤᠭ ᠨᠣᠪᠰᠢ ᠶᠢ ᠲᠦᠷ ᠣᠪᠣᠭᠠᠯᠠᠬᠤ ᠭᠠᠵᠠᠷ ᠵᠡᠷᠭᠡ ᠭᠠᠵᠠᠷ ᠢᠶᠠᠷ ᠨᠢᠭᠤᠴᠠ ᠪᠠᠷ ᠰᠤᠷᠪᠤᠯᠵᠢᠯᠠᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠳᠣᠣᠷ᠎ᠠ ᠨᠢ ᠬᠠᠯᠠᠨ ᠰᠠᠶᠢᠵᠢᠷᠠᠭᠤᠯᠵᠤ᠂ ᠦᠨᠡᠨᠬᠦ ᠪᠣᠳᠠᠲᠠᠢ ᠥᠭᠡᠷᠡᠴᠢᠯᠡᠵᠦ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠠᠯᠪᠠ ᠬᠠᠰᠢᠵᠤ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠳᠠ ᠶᠢᠨ ᠳᠡᠳ᠋ ᠳᠠᠷᠤᠭ᠎ᠠ ᠵᠤᠤ ᠴᠦᠨ ᠢᠦᠢ ᠣᠷᠣᠯᠴᠠᠪᠠ᠃
  
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ