3 ᠰᠠᠷ᠎ᠠ ᠶᠢᠨ 25 ᠠᠴᠠ 26 ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠤᠷᠢᠳ ᠬᠤᠵᠢᠳ ᠣᠲᠤᠭ ᠬᠤᠰᠢᠭᠤ᠂ ᠣᠲᠤᠭ ᠤᠨ | ᠡᠮᠦᠨᠡᠲᠦ ᠬᠤᠰᠢᠭᠤ᠂ ᠦᠦᠰᠢᠨ ᠬᠤᠰᠢᠭᠤᠨ ᠳᠤ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠠᠮᠢ ᠠᠬᠤᠢ ᠶᠢᠨ ᠵᠠᠰᠠᠯᠲᠠ | ᠵᠡᠷᠭᠡ ᠠᠵᠢᠯ ᠤᠨ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠮᠣᠳᠣ ᠳᠠᠷᠢᠬᠤ ᠠᠵᠢᠯᠯᠠᠭ᠎ᠠ ᠳᠤ ᠣᠷᠤᠯᠴᠠᠪᠠ᠃ | ᠯᠢ ᠯᠢ ᠣᠲᠤᠭ ᠬᠤᠰᠢᠭᠤᠨ ᠤ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠤ ᠬᠠᠯᠬᠠᠪᠴᠢ ᠪᠦᠰᠡ᠂ ᠤᠳᠤᠭ ᠤᠨ ᠡᠮᠦᠨᠡᠲᠦ ᠬᠤᠰᠢᠭᠤᠨ ᠤ | ᠢᠮᠠᠭᠠᠯᠠᠢ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠣᠭᠤᠷᠢᠭ᠂ ᠨᠠᠩᠰᠤ ᠪᠠᠯᠭᠠᠰᠤ ᠶᠢᠨ ᠬᠠᠷᠭᠠᠨ᠎ᠠ ᠶᠢᠨ ᠠᠵᠤ ᠦᠢᠯᠡᠰ ᠤᠨ ᠰᠤᠳᠤᠯᠭᠠᠨ ᠤ | ᠲᠥᠪ᠂ ᠦᠦᠰᠢᠨ ᠬᠤᠰᠢᠭᠤᠨ ᠤ ᠮᠤᠤᠠᠤᠰᠤ ᠶᠢᠨ ᠡᠯᠡᠰᠦᠷᠬᠡᠭ ᠭᠠᠵᠠᠷ ᠤᠨ ᠡᠯᠡᠰᠦ ᠶᠢ ᠬᠠᠰᠢᠬᠤ ᠪᠦᠰᠡ᠂ ᠰᠦᠯᠳᠡ ᠰᠤᠮᠤᠨ ᠤ ︽ᠭᠤᠷᠪᠠᠨ ᠲᠠᠯ᠎ᠠ ᠶᠢᠨ ᠵᠠᠰᠠᠯᠲᠠ | ︾ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ | ᠳᠠᠶᠢᠯᠠᠯᠳᠤᠭᠠᠨ᠂ ᠥᠪᠥᠷ ᠮᠣᠩᠭᠤᠯ ᠱᠠᠨᠰᠢ ᠨᠢᠩᠰᠢᠶᠠ ᠭᠤᠷᠪᠠᠨ ᠮᠤᠵᠢ ᠣᠷᠣᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠠᠵᠢᠯ ᠤᠨ | ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠷᠴᠢᠮ ᠢᠶᠠᠨ ᠴᠢᠩᠭᠠᠷᠠᠭᠤᠯᠵᠤ᠂ ᠶᠠᠰᠤ ᠴᠢᠨᠠᠷ ᠦᠷ᠎ᠡ ᠠᠰᠢᠭ ᠢ ᠪᠠᠲᠤᠯᠠᠵᠤ᠂ ᠬᠠᠳᠤᠨ ᠭᠤᠣᠯ ᠤᠨ ᠲᠣᠬᠤᠢ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠲᠠᠷᠠᠭ᠎ᠠ ᠨᠢ ᠨᠥᠬᠦᠪᠦᠷᠢᠯᠡᠬᠦ ᠶᠢ ᠥᠷᠭᠡᠳᠬᠡᠵᠦ᠂ ᠠᠵᠤ | ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠠᠮᠢ ᠠᠬᠤᠢ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ | ᠪᠡᠶᠡᠯᠡᠭᠦᠯᠬᠦ ᠬᠡᠷᠡᠭᠲᠡᠢ ᠭᠡᠪᠡ᠃ | ᠱᠠᠩᠬᠠᠢ ᠶᠢᠨ ᠰᠦᠮ᠎ᠡ ᠪᠠᠯᠭᠠᠰᠤ ᠶᠢᠨ ᠮᠠᠩᠬᠠᠲᠤ ᠭᠠᠴᠠᠭ᠎ᠠ ᠶᠢᠨ ᠴᠦᠨ ᠢᠦᠢ ᠶᠢᠨ ᠬᠢᠨ ᠳᠤ᠂ ᠯᠢ ᠯᠢ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ | ᠬᠤᠷᠢᠭᠯᠠᠬᠤ ᠰᠡᠯᠭᠦᠨ ᠮᠠᠯᠵᠢᠬᠤ ᠪᠠ ᠬᠤᠷᠰᠢᠶᠠᠵᠢᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ᠂ ᠨᠤᠲᠤᠭ ᠪᠡᠯᠴᠢᠭᠡᠷ ᠢ ᠬᠠᠮᠠᠭᠠᠯᠠᠬᠤ | ᠪᠠ ᠢᠮᠠᠭᠠᠨ ᠨᠣᠣᠯᠤᠭᠤᠷ ᠤᠨ ᠦᠢᠯᠡᠰ ᠢ ᠭᠥᠭᠵᠢᠭᠦᠯᠬᠦ ᠶᠢ ᠤᠶᠠᠯᠳᠤᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠬᠤᠷᠢᠭᠯᠠᠵᠤ ᠰᠡᠯᠭᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠪᠠᠰ ᠤᠨ ᠢᠮᠠᠭᠠᠨ ᠨᠣᠣᠯᠤᠭᠤᠷ ᠢ ᠴᠢᠨᠠᠷ ᠰᠠᠶᠢᠲᠠᠢ ᠰᠠᠶᠢᠨ ᠦᠨ᠎ᠡ ᠪᠠᠷ | ᠬᠤᠳᠠᠯᠳᠤᠨ ᠠᠪᠴᠤ ᠨᠥᠭᠡᠴᠡᠯᠡᠬᠦ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ | ᠪᠠᠶᠢᠭᠠᠳ ᠤᠤᠯ ᠡᠭᠦᠯᠳᠡᠷ ᠢ ᠬᠠᠮᠠᠭᠠᠯᠠᠵᠤ᠂ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠦᠷᠦᠯ ᠲᠡᠮᠳᠡᠭ ᠢ ᠬᠦᠴᠦᠷᠬᠡᠭᠵᠢᠭᠦᠯᠬᠦ ᠬᠡᠷᠡᠭᠲᠡᠢ ᠭᠡᠪᠡ᠃ | | ᠣᠯᠵᠠᠴᠢ ᠪᠠᠯᠭᠠᠰᠤᠨ ᠳᠤ᠂ ᠯᠢ ᠯᠢ ᠤᠢ ᠰᠢᠭᠤᠢ ᠡᠪᠡᠰᠦ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠰᠠᠨ ᠤ ᠬᠠᠮᠲᠤ ᠮᠠᠯᠵᠢᠬᠤ ᠲᠠᠷᠢᠶᠠᠯᠠᠬᠤ ᠡᠷᠦᠬᠡ | ᠤᠢ ᠰᠢᠭᠤᠢ ᠨᠤᠲᠤᠭ ᠪᠡᠯᠴᠢᠭᠡᠷ ᠢ ᠴᠡᠭᠴᠡᠯᠡᠨ ᠵᠠᠰᠠᠵᠤ ᠰᠡᠷᠭᠦᠭᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠪᠠᠷᠢᠯ ᠢ | ᠰᠠᠶᠢᠲᠤᠷ ᠬᠡᠷᠡᠭᠯᠡᠵᠦ᠂ ᠴᠢᠩᠭ᠎ᠠ ᠪᠥᠭᠡᠳ ᠲᠦᠷᠭᠡᠨ ᠢᠶᠠᠷ ᠴᠡᠭᠴᠡᠯᠡᠨ ᠵᠠᠰᠠᠵᠤ᠂ ᠲᠠᠷᠢᠶᠠᠨ ᠭᠠᠵᠠᠷ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ | ᠲᠣᠲᠣᠷᠬᠠᠢ ᠺᠠᠷᠲ ᠢ ᠳᠡᠯᠭᠡᠷᠡᠭᠦᠯᠦᠨ᠂ ᠬᠠᠤᠯᠢ ᠶᠢ ᠵᠥᠷᠢᠴᠡᠵᠦ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠦᠶᠯᠡ ᠠᠵᠢᠯᠯᠠᠭ᠎ᠠ ᠢᠯᠡᠷᠡᠪᠡᠯ ᠳᠠᠷᠤᠢ ᠴᠣᠬᠢᠯᠲᠠ | ᠥᠭᠴᠦ᠂ ᠰᠡᠷᠭᠡᠶᠢᠯᠡᠵᠦ ᠳᠡᠶᠢᠯᠬᠦ ᠪᠠ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ | ᠤᠰᠤ ᠬᠡᠷᠡᠭᠯᠡᠭᠰᠡᠨ ᠳᠤ ᠦᠨ᠎ᠡ ᠨᠡᠮᠡᠬᠦ ᠳᠦᠷᠢᠮ ᠢ ᠲᠡᠭᠦᠯᠳᠡᠷᠵᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠤᠰᠤᠨ ᠤ | ᠲᠦᠪᠰᠢᠨ ᠤ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠪᠡ᠃ | ᠬᠤᠲᠠ ᠶᠢᠨ ᠤᠳᠤᠷᠢᠳᠤᠯᠭ᠎ᠠ ᠡᠷᠳᠡᠨᠢᠪᠢᠯᠢᠭ᠂ ᠵᠢᠷᠤᠮᠲᠤ ᠣᠷᠤᠯᠴᠠᠪᠠ᠃ |