ᠣᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠣᠲᠤᠭ ᠬᠤᠰᠢᠭᠤ᠂ ᠬᠠᠩᠭᠢᠨ | ᠬᠤᠰᠢᠭᠤᠨ ᠳᠤ ᠠᠵᠤ ᠦᠢᠯᠡᠰ ᠤᠨ ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ | ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠳ᠋ᠥᠩ ᠿᠢ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ᠂ ᠣᠷᠳᠣᠰ ᠤᠨ ᠴᠠᠬᠢᠯᠭᠠᠨ ᠵᠠᠳᠠᠯᠤᠯ ᠢᠶᠠᠷ | ᠲᠡᠮᠦᠷᠯᠢᠭ ᠪᠣᠯᠪᠠᠰᠤᠷᠠᠭᠤᠯᠬᠤ ᠪᠦᠯᠦᠭᠯᠡᠯ᠂ ᠵᠢᠶᠦ᠋ᠨ ᠵᠧᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠱᠤᠸᠠᠩ ᠰᠢᠨ ᠰᠢᠨ᠎ᠡ ᠮᠠᠲ᠋ᠧᠷᠢᠶᠠᠯ ᠤᠨ | ᠲᠦᠷᠦᠯ ᠵᠦᠢᠯ᠂ ᠵᠢᠦ ᠹᠦ᠋ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ᠂ ᠣᠷᠳᠣᠰ ᠤᠨ ᠡᠬᠢ ᠪᠡᠯᠴᠢᠭᠡᠷ ᠵᠡᠷᠭᠡ ᠠᠵᠤ ᠠᠬᠤᠶᠢᠯᠠᠯ᠂ ᠲᠦᠷᠦᠯ ᠵᠦᠢᠯ ᠤᠨ | ᠲᠤᠬᠠᠢ ᠶᠢᠨ ᠲᠠᠯᠠᠪᠠᠢ ᠳᠤ᠂ ᠢᠦᠢ ᠬᠠᠢ ᠢᠦᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠤᠣᠯᠯᠠᠬᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠴᠢᠩᠭ᠎ᠠ ᠠᠳᠬᠤᠵᠤ᠂ ᠴᠢᠬᠤᠯᠠ ᠶᠡᠭᠡ ᠲᠦᠷᠦᠯ | ᠵᠦᠢᠯ ᠢ ᠲᠥᠯᠥᠪᠵᠢᠭᠦᠯᠬᠦ ᠠᠵᠢᠯᠯᠠᠭ᠎ᠠ ᠪᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠦᠢᠯᠡᠰ ᠪᠠ ᠰᠢᠨ᠎ᠡ ᠶᠢ ᠡᠭᠦᠳᠬᠦ ᠶᠢ | ᠠᠭᠤᠰᠤᠯᠴᠠᠭᠤᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠴᠠᠭ ᠢ ᠵᠠᠪᠳᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ | ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ︽ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡ | ᠴᠣᠭᠴᠠᠵᠢᠭᠤᠯᠤᠨ ᠠᠬᠢᠭᠤᠯᠵᠤ᠂ ᠳᠠᠷᠢᠵᠤ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠲᠦᠷᠦᠯ ᠵᠦᠢᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠦᠨᠡᠨᠬᠦ ᠰᠠᠶᠢᠲᠤᠷ ᠰᠠᠬᠢᠬᠤ ᠬᠡᠷᠡᠭᠲᠡᠢ ᠭᠡᠪᠡ᠃ | ᠤᠯᠠᠭᠠᠨ ᠪᠠᠯᠭᠠᠰᠤᠨ ᠤ ᠬᠤᠭ ᠨᠣᠪᠰᠢ ᠪᠤᠯᠠᠬᠤ ᠲᠠᠯᠠᠪᠠᠢ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠤ ᠬᠠᠯᠬᠠᠪᠴᠢ ᠪᠦᠰᠡ᠂ ᠴᠧᠩ ᠶᠤᠸᠠᠨ | ᠤᠰᠤᠨ ᠤ ᠶᠠᠪᠤᠳᠠᠯ ᠤᠨ ᠺᠣᠮᠫᠠᠨᠢ᠂ ᠰᠠᠨ ᠱᠧᠩ ᠬᠦᠩ ᠤᠨ ᠤᠰᠤᠨ ᠠᠰᠢᠭᠯᠠᠯᠲᠠ ᠶᠢᠨ ᠬᠦᠢᠰᠦ ᠳᠤ᠂ ᠢᠦᠢ ᠬᠠᠢ ᠢᠦᠢ ᠠᠮᠢ ᠠᠬᠤᠢ ᠶᠢᠨ ᠵᠠᠰᠠᠯᠲᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠢᠲᠡᠭᠦᠦ ᠴᠠᠭᠠᠷᠢᠭ ᠤᠨ ᠬᠡᠯᠪᠡᠷᠢ ᠪᠠᠷ ᠭᠡᠮ ᠰᠣᠭᠤᠭ ᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ᠂ ᠦᠨᠳᠦᠰᠦᠨ ᠵᠦᠢᠯ ᠢ ᠬᠠᠮᠢᠶᠠᠷᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠶᠢ | ᠠᠵᠤ ᠦᠢᠯᠡᠰ᠂ ᠰᠣᠶᠣᠯ ᠵᠢᠭᠤᠯᠴᠢᠯᠠᠯ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠠᠵᠤ ᠠᠬᠤᠢ᠂ ᠠᠮᠢ ᠠᠬᠤᠢ᠂ ᠨᠡᠶᠢᠭᠡᠮ ᠤᠨ | ᠦᠷ᠎ᠡ ᠠᠰᠢᠭ ᠢ ᠬᠠᠷᠢᠯᠴᠠᠨ ᠨᠢᠭᠡᠳᠬᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠪᠡ᠃ | ᠣᠲᠤᠭ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠪᠣᠯᠣᠨ ᠬᠠᠩᠭᠢᠨ ᠬᠤᠰᠢᠭᠤᠨ ᠤ ᠪᠠᠯᠭᠤᠨ | ᠳᠤᠮᠳᠠᠳᠤ ᠰᠤᠷᠭᠠᠭᠤᠯᠢ ᠳᠤ᠂ ᠢᠦᠢ ᠬᠠᠢ ᠢᠦᠢ ᠴᠢᠳᠠᠪᠤᠷᠢᠲᠠᠨ ᠢ ᠣᠷᠤᠭᠤᠯᠤᠨ ᠬᠥᠮᠥᠵᠢᠭᠦᠯᠬᠦ᠂ ᠲᠥᠬᠦᠭᠡᠷᠦᠮᠵᠢ ᠲᠣᠬᠢᠷᠠᠭᠤᠯᠬᠤ ᠵᠡᠷᠭᠡ ᠪᠠᠶᠢᠳᠠᠯ ᠤᠨ | ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠣᠷᠣᠭᠤᠯᠬᠤ ᠶᠢ ᠨᠠᠩ ᠢᠯᠡᠭᠦᠦ ᠴᠢᠬᠤᠯᠠᠴᠢᠯᠠᠵᠤ᠂ ᠠᠷᠠᠳ ᠣᠯᠠᠨ ᠤ | ᠰᠤᠷᠭᠠᠭᠤᠯᠢ ᠳᠤ ᠰᠠᠭᠤᠬᠤ ᠪᠠ ᠡᠪᠡᠳᠴᠢᠨ ᠢᠶᠠᠨ ᠡᠮᠨᠡᠭᠦᠯᠬᠦ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠢ ᠲᠦᠩ ᠨᠡᠭᠦᠷᠡᠰᠦᠨ ᠠᠭᠤᠷᠬᠠᠢ᠂ ᠶᠢᠨ ᠬᠠᠨ ᠶᠤᠸᠠᠨ ᠴᠣᠬᠤᠢ ᠶᠢᠨ ᠠᠭᠤᠷᠬᠠᠢ᠂ ᠬᠠᠷᠠᠩᠭᠤᠢ ᠨᠡᠭᠦᠷᠡᠰᠦᠨ ᠠᠭᠤᠷᠬᠠᠢ ᠶᠢᠨ ᠲᠥᠪᠯᠡᠷᠡᠨ ᠵᠠᠯᠭᠠᠯᠳᠤᠭᠰᠠᠨ | ᠵᠠᠰᠠᠯᠲᠠ ᠶᠢᠨ ᠣᠷᠣᠨ ᠳᠤ᠂ ᠢᠦᠢ ᠬᠠᠢ ᠢᠦᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠨᠳᠤᠰᠢ ᠳᠤ ᠵᠣᠬᠢᠴᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠨᠡᠶᠢᠳᠬᠡᠬᠦ ᠶᠢ ᠡᠮᠬᠢ ᠵᠢᠷᠤᠮ ᠲᠠᠢ ᠠᠬᠢᠭᠤᠯᠵᠤ᠂ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠬᠤ ᠬᠡᠷᠡᠭᠲᠡᠢ | ᠭᠡᠵᠦ ᠵᠠᠬᠢᠪᠠ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠢᠦᠢ ᠬᠠᠢ ᠢᠦᠢ ᠪᠠᠰᠠ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ︽ᠳᠥᠷᠪᠡ ᠦᠭᠡᠢ ᠬᠤᠶᠠᠷ ᠰᠢᠭᠤᠳ︾ ᠬᠡᠯᠪᠡᠷᠢ ᠪᠠᠷ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠪᠠ᠃ | ᠬᠤᠳᠠ ᠶᠢᠨ ᠳᠡᠳ᠋ ᠳᠠᠷᠤᠭ᠎ᠠ ᠵᠤᠤ ᠴᠦᠨ ᠢᠦᠢ ᠣᠷᠣᠯᠴᠠᠪᠠ᠃ | |