2025 ᠣᠨ ᠳᠤ ᠳ᠋ᠦᠩᠱᠧᠩ ᠲᠣᠭᠤᠷᠢᠭ ᠣᠳᠣ ᠪᠠᠶᠢᠭ᠎ᠠ ᠣᠷᠣᠨ ᠰᠠᠭᠤᠴᠠ ᠳᠤ ᠴᠠᠬᠢᠯᠭᠠᠨ ᠱᠠᠲᠤ ᠨᠠᠮᠠᠵᠤ ᠤᠭᠰᠠᠷᠠᠬᠤ ᠠᠵᠢᠯ ᠢ ᠡᠮᠬᠢ ᠵᠢᠷᠤᠮ ᠲᠠᠢ | ᠠᠬᠢᠭᠤᠯᠵᠤ᠂ 20 ᠴᠠᠬᠢᠯᠭᠠᠨ ᠱᠠᠲᠤ ᠨᠠᠮᠠᠵᠤ ᠣᠭᠰᠠᠷᠠᠬᠤ ᠪᠠᠷ ᠲᠦᠯᠥᠪᠯᠠᠵᠤ᠂ ᠣᠯᠠᠨ ᠲᠦᠮᠡᠨ ᠤ ᠣᠷᠣᠨ ᠰᠠᠭᠤᠴᠠ ᠶᠢᠨ ᠨᠦᠬᠦᠴᠡᠯ ᠢ ᠤᠯᠠᠮ ᠰᠠᠶᠢᠵᠢᠷᠠᠭᠤᠯᠵᠤ | ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠬᠦ ᠪᠠᠷ ᠪᠠᠶᠢᠨ᠎ᠠ᠃ | ᠣᠶᠢᠷ᠎ᠠ ᠳᠤ ᠳ᠋ᠦᠩᠱᠸᠧᠩ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠤᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠠᠵᠢᠯᠲᠠᠳ | ᠳ᠋ᠦᠩᠱᠧᠩ ᠲᠣᠭᠤᠷᠢᠭ ᠤᠨ ᠹᠦ᠋ ᠰᠢᠩ ᠴᠡᠴᠡᠷᠯᠢᠭ᠂ ᠵᠢᠩ ᠾᠧ ᠶᠤᠸᠠᠨ᠂ ᠳ᠋ᠦᠩ ᠹᠠᠩ ᠶᠠᠩ ᠭᠤᠸᠠᠩ ᠵᠡᠷᠭᠡ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ | ᠴᠠᠬᠢᠯᠭᠠᠨ ᠱᠠᠲᠤ ᠨᠡᠮᠡᠠᠵᠤ ᠤᠭᠰᠠᠷᠠᠬᠤ ᠲᠤᠬᠠᠢ ᠶᠢᠨ ᠭᠠᠵᠠᠷ ᠲᠤ ᠰᠢᠨᠵᠢᠯᠡᠯᠲᠠ ᠬᠢᠵᠤ᠂ ᠠᠰᠠᠷ ᠤᠨ ᠭᠠᠯ ᠤᠨᠳᠠᠷᠠᠭᠠᠬᠤ ᠵᠠᠮ᠂ ᠠᠰᠠᠷ ᠤᠨ ᠳᠠᠪᠬᠤᠷᠭ᠎ᠠ ᠶᠢᠨ | ᠪᠦᠲᠦᠴᠡ᠂ ᠡᠷᠬᠢᠨ ᠲᠣᠭᠤᠷᠢᠨ ᠤ ᠶᠠᠪᠤᠵᠤ ᠭᠠᠷᠬᠤ ᠵᠠᠮ᠂ ᠨᠤᠭᠤᠭᠠᠷᠠᠭᠤᠯᠤᠯᠲᠠ ᠶᠢᠨ ᠪᠦᠰᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠤ᠂ | ᠨᠦᠬᠦᠴᠡᠯ ᠳᠤ ᠨᠡᠶᠢᠴᠡᠬᠦ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠲᠤ ᠳᠠᠷᠠᠭᠠᠴᠢ ᠶᠢᠨ ᠠᠯᠬᠤᠮ ᠤᠨ ᠪᠡᠯᠡᠳᠭᠡᠯ ᠵᠦᠢᠯᠡᠰ ᠢ ᠬᠡᠯᠡᠵᠤ ᠥᠭᠪᠡ᠃ | ᠣᠶᠢᠯᠭᠠᠭᠰᠠᠨ ᠢᠶᠠᠷ᠂ 2025 ᠣᠨ ᠳᠤ ᠳ᠋ᠦᠩᠱᠧᠩ ᠲᠣᠭᠤᠷᠢᠭ ᠣᠳᠣ ᠪᠠᠶᠢᠭ᠎ᠠ ᠣᠷᠣᠨ ᠰᠠᠭᠤᠴᠠ ᠳᠤ 20 ᠴᠠᠬᠢᠯᠭᠠᠨ ᠱᠠᠲᠤ ᠨᠡᠮᠠᠵᠤ ᠣᠭᠰᠠᠷᠠᠬᠤ ᠪᠠᠷ | ᠲᠦᠯᠤᠪᠯᠡᠵᠤ᠂ ᠣᠳᠣᠬᠠᠨ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠴᠠᠭᠢᠯᠭᠠᠨ ᠱᠠᠲᠤ ᠨᠠᠮᠠᠵᠤ ᠤᠭᠰᠠᠷᠡᠬᠤ ᠬᠦᠰᠡᠯ ᠡᠷᠡᠮᠡᠯᠵᠡᠯ ᠲᠠᠢ ᠠᠰᠠᠷ ᠲᠤ | ᠨᠢᠭᠡ ᠨᠢᠭᠡ ᠪᠠᠷ ᠭᠦᠨᠵᠡᠭᠡᠶᠢᠷᠡᠨ ᠬᠡᠮᠵᠢᠨ ᠪᠠᠶᠢᠴᠠᠭᠠᠵᠤ ᠪᠠᠶᠢᠨ᠎ᠠ᠃ ᠨᠡᠮᠡᠵᠤ ᠤᠭᠰᠠᠷᠠᠬᠤ ᠨᠦᠬᠦᠴᠡᠯ ᠳᠤ ᠨᠡᠶᠢᠴᠡᠬᠦ ᠠᠰᠠᠷ ᠤᠨ ᠰᠠᠭᠤᠭᠠᠯᠢ ᠠᠷᠠᠳ ᠬᠦᠷᠰᠢ | ᠵᠡᠷᠭᠡᠯᠡᠳᠡᠭᠡ ᠡᠶᠡᠯᠰᠡᠭ ᠨᠥᠭᠦᠷᠰᠡᠭ ᠪᠠᠶᠢᠬᠤ ᠵᠠᠷᠴᠢᠮ ᠢᠶᠠᠷ ᠭᠦᠢᠴᠡᠳ ᠵᠥᠪᠳᠡᠯᠴᠡᠵᠤ᠂ ᠬᠠᠤᠯᠢ ᠶᠣᠰᠣᠭᠠᠷ ᠰᠠᠨᠠᠯ ᠨᠢᠭᠡᠳᠤᠭ᠍ᠰᠡᠨ ᠤ ᠲᠠᠷᠠᠭ᠎ᠠ ᠳ᠋ᠦᠩᠱᠧᠩ | ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠤᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠭᠤᠶᠣᠴᠢᠯᠡᠯ ᠲᠡᠪᠰᠢᠭᠦᠯᠵᠤ ᠪᠣᠯᠣᠨ᠎ᠠ᠃ ᠨᠡᠮᠡᠵᠤ | ᠤᠭᠰᠠᠷᠠᠬᠤ ᠨᠦᠭᠦᠴᠡᠯ ᠳᠤ ᠨᠡᠶᠢᠴᠡᠬᠦ ᠠᠰᠠᠷ ᠲᠤ ᠬᠡᠷᠡᠭᠰᠡᠬᠦ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠬᠦ ᠶᠢ ᠵᠠᠷᠴᠢᠮ ᠳᠡᠭᠡᠷ᠎ᠡ ᠪᠠᠨ ︽ᠰᠠᠭᠤᠭᠠᠯᠢ ᠠᠷᠠᠳ | ᠥᠪᠡᠷ ᠢᠶᠠᠨ ᠴᠤᠭᠯᠠᠭᠤᠯᠬᠤ ᠪᠠ ᠵᠠᠰᠠᠭ ᠤᠨ ᠤᠷᠳᠣᠨ ᠠᠴᠠ 50% ᠶᠢ ᠨᠥᠭᠦᠪᠦᠷᠢᠯᠡᠬᠦ︾ ᠠᠷᠭ᠎ᠠ ᠮᠠᠶ᠋ᠢᠭ ᠢᠶᠠᠷ ᠴᠤᠭᠯᠠᠭᠤᠯᠵᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠠᠵᠢᠯ ᠤᠨ ᠠᠬᠢᠴᠠ ᠪᠠᠨ ᠲᠦᠷᠭᠡᠳᠭᠡᠨ᠂ ᠨᠠᠮᠠᠵᠤ ᠤᠭᠰᠠᠷᠠᠬᠤ ᠠᠵᠢᠯ ᠢ ᠲᠦᠷᠭᠡᠨ ᠠᠬᠢᠭᠤᠯᠬᠤ ᠶᠢ ᠦᠨᠡᠨ ᠬᠦ ᠪᠠᠲᠤᠯᠠᠨ᠎ᠠ᠃ | ᠴᠠᠬᠢᠯᠭᠠᠨ ᠱᠠᠲᠤ ᠨᠠᠮᠠᠵᠤ ᠤᠭᠰᠠᠷᠠᠭᠤᠯᠬᠤ ᠪᠠᠷ ᠭᠤᠶᠣᠴᠢᠯᠠᠬᠤ ᠰᠠᠭᠤᠭᠠᠯᠢ ᠠᠷᠠᠳ ᠳ᠋ᠦᠩᠱᠧᠩ ᠲᠤᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ | ᠶᠡᠷᠤᠩᠬᠡᠶᠢᠯᠡᠭᠰᠡᠨ ᠦᠢᠯᠡᠴᠢᠯᠡᠭᠡᠨ ᠤ ᠲᠥᠪ ᠤᠨ 309 ᠲᠠᠰᠤᠭ ᠲᠤ ᠬᠦᠷᠴᠤ ᠭᠤᠶᠣᠴᠢᠯᠡᠯ ᠳᠡᠪᠰᠢᠭᠦᠯᠵᠤ ᠪᠣᠯᠣᠨ᠎ᠠ᠃ | | | | | | | | | | | | | | | |