ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/3/4
      ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28᠎ ᠤ ᠴᠠᠬᠢᠯᠭᠠᠨ ᠮᠡᠳᠡᠭᠡ   ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠳᠦᠷᠦ ᠶᠢᠨ ᠲᠣᠪᠴᠢᠶ᠎ᠠ 2 ᠰᠠᠷ᠎ᠠ ᠶᠢᠨ 28᠎ ᠤ ᠡᠳᠦᠷ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠨᠣᠣᠷᠠᠭ ᠢ ᠶᠠᠷᠢᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠪᠡ᠃ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠵᠠᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠵᠥᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠨᠡᠩ ᠢᠳᠡᠪᠬᠢᠲᠡᠢ ᠰᠠᠶᠢᠨ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠪᠠ ᠲᠣᠭᠲᠠᠭᠤᠨ ᠪᠠᠶᠢᠳᠠᠯ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ