ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ ᠴᠠᠭᠢᠯᠭᠠᠨ ᠮᠡᠳᠡᠭᠡ 2 ᠰᠠᠷ᠎ᠠ ᠶᠢᠨ 28 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠤᠷᠤᠰ ᠤᠨ ᠬᠤᠯᠪᠣᠭᠠᠨ ᠤ ᠠᠮᠤᠷ ᠲᠦᠪᠰᠢᠨ ᠤ ᠬᠤᠷᠠᠯ ᠤᠨ ᠨᠠᠷᠢᠨ | ᠪᠢᠴᠢᠭᠡᠴᠢ ᠱᠤᠤᠶ᠋ᠢᠭᠦ᠋ ᠲᠠᠢ ᠠᠭᠤᠯᠵᠠᠪᠠ᠃ | | | | | | 2 ᠰᠠᠷ᠎ᠠ ᠶᠢᠨ 28 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠤᠷᠤᠰ ᠤᠨ ᠬᠤᠯᠪᠣᠭᠠᠨ ᠤ ᠠᠮᠤᠷ ᠲᠦᠪᠰᠢᠨ ᠤ ᠬᠤᠷᠠᠯ ᠤᠨ ᠨᠠᠷᠢᠨ ᠪᠢᠴᠢᠭᠡᠴᠢ ᠱᠤᠤᠶ᠋ᠢᠭᠦ᠋ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ | | | ᠰᠢ ᠶᠢᠨ ᠫᠢᠩ᠂ ᠳᠤᠮᠳᠠᠳᠤ ᠤᠷᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠥᠭᠦᠷᠰᠡᠭ ᠬᠥᠷᠰᠢ ᠤᠯᠤᠰ ᠮᠥᠨ᠂ ᠨᠡᠩ ᠴᠤ ᠪᠣᠯᠣᠳ ᠰᠢᠭ᠋ | ᠳᠠᠪᠲᠠᠭᠳᠠᠭᠰᠠᠨ ᠦᠨᠡᠨᠴᠢ ᠨᠠᠶᠢᠵᠠ ᠮᠥᠨ᠃ ᠡᠨᠡ ᠵᠢᠯ ᠪᠢ ᠶᠡᠷᠦᠩᠬᠡᠶᠢᠯᠡᠭᠴᠢ ᠫᠦᠲ᠋ᠢᠨ ᠲᠠᠢ ᠬᠤᠶᠠᠷ ᠤᠳᠠᠭ᠎ᠠ ᠰᠠᠨᠠᠯ ᠢᠶᠠᠨ ᠰᠣᠯᠢᠯᠴᠠᠵᠤ᠂ ᠳᠤᠮᠳᠠᠳᠤ ᠤᠷᠤᠰ ᠤᠨ | ᠬᠠᠷᠢᠯᠴᠠᠭᠠᠨ ᠤ ᠬᠥᠭᠵᠢᠯᠲᠡ ᠳᠤ ᠦᠵᠦ ᠲᠥᠯᠥᠪᠯᠡᠭᠡ ᠬᠢᠵᠦ᠂ ᠠᠯᠢ ᠤᠯᠠᠨ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ | ᠰᠠᠨᠠᠯ ᠢᠶᠠᠨ ᠭᠦᠨᠵᠡᠭᠡᠢ ᠣᠯᠣᠯᠴᠠᠪᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ᠂ ᠵᠥᠪᠯᠡᠯᠲᠦ ᠬᠤᠯᠪᠣᠭᠠᠲᠤ | ᠤᠯᠤᠰ ᠤᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ | ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠡᠶᠢᠮᠦᠷᠬᠦᠦ ᠣᠨᠴᠠᠭᠠᠢ ᠲᠡᠦᠬᠡᠲᠦ ᠠᠴᠢ | ᠬᠤᠯᠪᠣᠭᠳᠠᠯ ᠲᠠᠢ ᠵᠢᠯ ᠳᠤ᠂ ᠳᠤᠮᠳᠠᠳᠤ ᠤᠷᠤᠰ ᠤᠨ ᠬᠠᠷᠢᠯᠴᠠᠭ᠎ᠠ ᠠᠯᠢ ᠤᠯᠠᠨ ᠴᠢᠬᠤᠯᠠ ᠵᠥᠪᠯᠡᠬᠦ ᠵᠦᠢᠯ ᠢᠶᠠᠨ ᠤᠭᠲᠤᠬᠤ ᠪᠣᠯᠣᠨ᠎ᠠ᠃ ᠬᠤᠶᠠᠷ ᠲᠠᠯ᠎ᠠ ᠶᠢᠨ ᠡᠯ᠎ᠡ | ᠱᠠᠲᠤ ᠳᠠᠪᠬᠤᠷᠭ᠎ᠠ ᠶᠢᠨ ᠬᠢᠨ ᠨᠢᠭᠲᠠ ᠣᠯᠣᠯᠴᠠᠭ᠎ᠠ ᠪᠠᠨ ᠪᠠᠲᠤᠯᠠᠵᠤ᠂ ᠮᠢᠨᠤ ᠶᠡᠷᠦᠩᠬᠡᠶᠢᠯᠡᠭᠴᠢ ᠫᠦᠲ᠋ᠢᠨ ᠲᠠᠢ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭᠠᠨ ᠤ ᠵᠣᠷᠢᠭ ᠰᠠᠨᠠᠭᠠᠨ ᠤ | ᠳᠣᠲᠣᠭᠠᠳᠤ ᠴᠥᠮ᠎ᠡ ᠶᠢ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠮᠲᠤ ᠶᠢᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠶ᠎ᠡ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠪᠠ ᠭᠠᠵᠠᠷ ᠣᠷᠣᠨ ᠤ | ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠯᠳᠠᠨ ᠲᠣᠭᠤᠰᠭ᠎ᠠ ᠤᠯᠤᠰ ᠤᠳ ᠪᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭᠠᠨ ᠤ ᠶᠡᠭᠡ | ᠴᠢᠭᠯᠡᠯ ᠢ ᠪᠠᠬᠢᠵᠢᠭᠦᠯᠦᠶ᠎ᠡ ᠭᠡᠵᠦ ᠵᠢᠭᠠᠵᠤ ᠭᠠᠷᠭᠠᠪᠠ᠃ | | | | | | | 2 ᠰᠠᠷ᠎ᠠ ᠶᠢᠨ 28 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠤᠷᠤᠰ ᠤᠨ ᠬᠤᠯᠪᠣᠭᠠᠨ ᠤ ᠠᠮᠤᠷ ᠲᠦᠪᠰᠢᠨ ᠤ ᠬᠤᠷᠠᠯ ᠤᠨ ᠨᠠᠷᠢᠨ ᠪᠢᠴᠢᠭᠡᠴᠢ ᠱᠤᠤᠶ᠋ᠢᠭᠦ᠋ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ | | | ᠱᠤᠤᠶ᠋ᠢᠭᠦ᠋ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠳᠣᠲᠣᠨᠣ ᠮᠡᠨᠳᠦᠴᠢᠯᠡᠯ ᠢ ᠳᠠᠮᠵᠢᠭᠤᠯᠵᠤ᠂ ᠶᠡᠷᠦᠩᠬᠡᠶᠢᠯᠡᠭᠴᠢ | ᠫᠦᠲ᠋ᠢᠨ ᠠᠴᠠ ᠲᠡᠷᠢᠭᠦᠯᠡᠭᠴᠢ ᠰᠢ ᠶᠢᠨ ᠫᠢᠩ ᠯᠦᠭᠡ ᠶᠢᠨ ᠴᠢᠩ ᠦᠨᠡᠨᠴᠢ ᠨᠥᠬᠦᠷᠯᠡᠯ ᠪᠣᠯᠣᠨ ᠨᠢᠭᠲᠠ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠨᠠᠨᠳᠢᠩᠨᠠᠵᠤ ᠪᠠᠶᠢᠨ᠎ᠠ᠃ | ᠤᠷᠤᠰ ᠳᠤᠮᠳᠠᠳᠤ ᠶᠢᠨ ᠬᠠᠷᠢᠯᠴᠠᠭ᠎ᠠ ᠤᠷᠢᠳ ᠡᠮᠦᠨ᠎ᠡ ᠪᠠᠶᠢᠭ᠎ᠠ ᠦᠭᠡᠢ ᠥᠨᠳᠥᠷ ᠲᠦᠪᠰᠢᠨ ᠳᠤ ᠬᠦᠷᠴᠦ᠂ ᠶᠠᠮᠠᠷᠪᠠ ᠭᠤᠷᠪᠠᠳᠠᠭᠢ ᠡᠲᠡᠭᠡᠳ ᠲᠤ ᠴᠢᠭᠯᠡᠭᠦᠯᠬᠦ | ᠦᠭᠡᠢ᠃ ᠤᠷᠤᠰ ᠳᠤᠮᠳᠠᠳᠤ ᠬᠤᠶᠠᠷ ᠤᠯᠤᠰ ᠳᠡᠯᠡᠬᠡᠢ ᠳᠡᠭᠡᠷ᠎ᠡ ᠴᠢᠬᠤᠯᠠ ᠦᠢᠯᠡᠳᠦᠯ ᠦᠵᠡᠭᠦᠯᠵᠦ᠂ ᠲᠣᠮᠣ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ | ᠪᠣᠯᠭᠠᠪᠠ᠃ ᠤᠷᠤᠰ ᠳᠤᠮᠳᠠᠳᠤ ᠢᠮᠠᠭᠲᠠ ᠬᠠᠷᠢᠯᠴᠠᠨ ᠢᠲᠡᠭᠡᠵᠦ᠂ ᠡᠷᠬᠡ ᠲᠡᠭᠰᠢ ᠪᠠᠷ ᠶᠠᠷᠢᠯᠴᠠᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠨᠢ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠳᠤ ᠨᠡᠶᠢᠴᠡᠨ᠎ᠡ᠃ ᠤᠷᠤᠰ ᠤᠨ ᠬᠢᠨ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ | ᠴᠢᠬᠤᠯᠠ ᠬᠠᠮᠲᠤ ᠶᠢᠨ ᠲᠠᠨᠢᠯᠲᠠ ᠶᠢ ᠦᠨᠡᠨ ᠬᠦ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠡᠷᠡᠰ ᠭᠤᠶᠢᠪᠢᠰᠢ ᠦᠭᠡᠢ | ᠴᠢᠩᠭᠠᠳᠬᠠᠨ᠎ᠠ᠃ ᠳᠤᠮᠳᠠᠳᠤ ᠤᠯᠤᠰ ᠦᠺᠷᠠᠶᠢᠨ ᠤ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠤᠭᠰᠠᠭᠠᠷ ᠢᠷᠡᠵᠠᠢ᠂ ᠤᠷᠤᠰ ᠤᠨ ᠬᠢᠨ | ᠡᠭᠦᠨ ᠢ ᠶᠡᠬᠡᠳᠡ ᠮᠠᠭᠲᠠᠨ ᠰᠠᠶᠢᠰᠢᠶᠠᠵᠤ ᠪᠠᠶᠢᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | | | | | | | | | | |